12 ᠳ᠋ᠤᠭᠠᠷ ᠰᠠᠷ᠎ᠠ ᠶᠢᠨ 27 ᠤ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠡᠯ᠎ᠡ | ᠵᠦᠢᠯ ᠤᠨ ᠵᠥᠪᠯᠡᠬᠦ ᠵᠦᠢᠯᠡᠰ ᠢᠶᠠᠨ ᠤᠷᠤᠭᠰᠢᠲᠠᠢ ᠳᠠᠭᠤᠰᠬᠠᠵᠤ᠂ ᠶᠦᠨ ᠵᠦᠩ ᠰᠣᠶᠣᠯ ᠤᠨ ᠣᠷᠳᠣᠨ ᠳᠤ | ᠠᠮᠵᠢᠯᠲᠠ ᠲᠠᠢ ᠲᠡᠭᠦᠰᠪᠡ᠃ | | | | | ᠦᠳᠡ ᠶᠢᠨ ᠬᠤᠶᠢᠨᠠᠬᠢ 3 ᠴᠠᠭ ᠲᠤ᠂ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠭᠤᠷᠪᠠᠳᠤᠭᠠᠷ ᠪᠥᠬᠦᠳᠡ | ᠬᠤᠷᠠᠯ ᠬᠢᠪᠡ᠃ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 186 ᠬᠥᠮᠥᠨ᠂ ᠪᠣᠳᠠᠲᠠᠢ ᠣᠷᠣᠯᠴᠠᠭᠰᠠᠨ | ᠲᠥᠯᠥᠭᠡᠯᠡᠭᠴᠢ 171 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃ | | | | | ᠲᠤᠰ ᠤᠳᠠᠭ᠎ᠠ ᠶᠢᠨ ᠬᠤᠷᠠᠯ ᠳᠤ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠸᠠᠩ ᠳ᠋ᠦᠩ ᠱᠧᠩ | ᠂ ᠠᠨᠳᠠ᠂ ᠰᠦᠨ ᠰᠢᠶᠦ᠋ᠨ᠂ ᠸᠠᠩ ᠮᠢᠩ ᠵᠡᠷᠭᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠬᠦ | ᠪᠦᠷᠢᠯᠳᠦᠭᠦᠨ ᠪᠤᠢ᠃ | | | | | ᠬᠤᠷᠠᠯ ᠢ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ᠂ ᠲᠡᠷᠢᠭᠦᠯᠡᠭᠴᠢᠳ ᠤᠨ ᠪᠦᠯᠬᠦᠮ ᠤᠨ | ᠪᠠᠶᠢᠩᠭᠤ ᠶᠢᠨ ᠲᠡᠷᠢᠭᠦᠯᠡᠭᠴᠢ ᠸᠠᠩ ᠳ᠋ᠦᠩ ᠱᠧᠩ ᠡᠷᠬᠢᠯᠡᠪᠡ᠃ | | | | | ᠶᠡᠭᠡ ᠬᠤᠷᠠᠯ ᠠᠴᠠ ᠪᠠᠶᠢᠭᠤᠯᠤᠮᠵᠢ ᠶᠢ ᠬᠦᠴᠦᠨ ᠦᠭᠡᠢ ᠪᠣᠯᠭᠠᠬᠤ ᠲᠣᠭᠲᠠᠭᠠᠯ ᠢ ᠪᠠᠲᠤᠯᠠᠪᠠ︔ ᠵᠢᠩᠬᠢᠨᠢ | ᠵᠢᠱᠢᠭᠳᠡᠭᠰᠡᠳ ᠤᠨ ᠨᠡᠷᠡᠰ ᠪᠣᠯᠣᠨ ᠪᠢᠯᠧᠲ ᠢᠶᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ | ᠵᠦᠢᠯ ᠤᠨ ᠨᠡᠷᠡᠰ ᠢ ᠨᠡᠶᠢᠲᠡᠯᠡᠪᠡ︔ ᠶᠡᠷᠦᠩᠬᠡᠢ ᠫᠢᠶᠣᠣ ᠬᠢᠨᠠᠭᠴᠢ᠂ ᠫᠢᠶᠣᠣ ᠬᠢᠨᠠᠭᠴᠢ ᠶᠢᠨ ᠨᠡᠷᠡᠰ ᠢ | ᠲᠠᠰᠤᠯᠤᠯᠲᠠ ᠪᠠᠷ ᠪᠠᠲᠤᠯᠠᠭᠰᠠᠨ ᠪᠥᠭᠡᠳ ᠬᠠᠤᠯᠢ ᠶᠣᠰᠣᠭᠠᠷ ᠨᠢᠭᠤᠴᠠ ᠰᠣᠩᠭᠤᠭᠤᠯᠢ ᠶᠢᠨ ᠰᠣᠩᠭᠤᠭᠤᠯᠢ | ᠶᠠᠪᠤᠭᠤᠯᠵᠠᠢ᠃ | ᠸᠠᠩ ᠳ᠋ᠦᠩ ᠱᠧᠩ ᠰᠣᠩᠭᠤᠭᠤᠯᠢ ᠶᠢᠨ ᠦᠷ᠎ᠡ ᠳ᠋ᠦᠩ ᠪᠠ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠦᠷᠦᠯ ᠵᠦᠢᠯ ᠤᠨ ᠪᠢᠯᠧᠲ ᠥᠭᠭᠦᠭᠰᠡᠨ ᠦᠷ᠎ᠡ ᠳ᠋ᠦᠩ ᠢ ᠨᠡᠶᠢᠲᠡᠯᠡᠪᠡ᠄ ᠠᠨᠳᠠ ᠨᠥᠬᠦᠷ ᠲᠣᠭᠲᠠᠬᠤ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠪᠠᠷ ᠰᠣᠩᠭᠤᠭᠳᠠᠪᠠ︔ ᠲᠢᠶᠠᠨ ᠵᠠᠨ ᠫᠢᠩ᠂ ᠦ᠋ ᠵᠢᠶᠦ᠋ᠨ | ᠱᠧᠩ᠂ ᠬᠠᠳᠠ ᠵᠡᠷᠭᠡ 3 ᠨᠥᠬᠦᠷ ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠭᠳᠠᠪᠠ︔ ᠪᠢᠯᠧᠲ | ᠥᠭᠬᠦ ᠰᠢᠢᠳᠪᠦᠷᠢ᠄ ᠲᠣᠭᠲᠠᠬᠤ ᠰᠢᠶᠠᠨ ᠤ ᠠᠮᠢᠳᠤᠷᠠᠯ ᠤᠨ ᠬᠤᠭ ᠨᠣᠪᠰᠢ ᠶᠢᠨ ᠪᠦᠲᠦᠭᠡᠨ ᠪᠠᠶᠢᠭᠤᠯᠤᠯᠲᠠ | ᠡᠵᠡᠩᠨᠡᠯᠲᠡ ᠶᠢ ᠨᠢᠭᠡ ᠴᠣᠭᠴᠠᠵᠢᠭᠤᠯᠤᠨ ᠶᠡᠷᠦᠩᠬᠡᠶᠢᠯᠡᠨ ᠰᠢᠢᠳᠪᠦᠷᠢᠯᠡᠬᠦ ᠲᠥᠷᠥᠯ ᠵᠦᠢᠯ᠂ ᠲᠣᠭᠲᠠᠬᠤ ᠰᠢᠶᠠᠨ ᠤ | ᠪᠠᠷᠢᠯᠭ᠎ᠠ ᠶᠢᠨ ᠬᠤᠭ ᠨᠣᠪᠰᠢ ᠰᠢᠩᠭᠡᠭᠡᠬᠦ ᠲᠠᠯᠠᠪᠤᠷ ᠤᠨ ᠲᠥᠷᠥᠯ ᠵᠦᠢᠯ᠂ ᠲᠣᠭᠲᠠᠬᠤ ᠰᠢᠶᠠᠨ ᠤ ᠳᠤᠮᠳᠠᠳᠤ ᠪᠠᠭ᠎ᠠ | ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠵᠤ ᠥᠭᠡᠷᠡᠴᠢᠯᠡᠬᠦ ᠲᠥᠷᠥᠯ ᠵᠦᠢᠯ᠂ | 2024 ᠣᠨ ᠤ ᠲᠣᠭᠲᠠᠬᠤ ᠰᠢᠶᠠᠨ ᠤ ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠵᠤ | ᠨᠥᠬᠦᠪᠦᠷᠢᠯᠡᠬᠦ ᠲᠦᠷᠦᠯ ᠵᠦᠢᠯ᠂ ᠲᠣᠭᠲᠠᠬᠤ ᠰᠢᠶᠠᠨ ᠤ 2025 ᠣᠨ ᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠲᠣᠭᠲᠠᠬᠤ ᠰᠢᠶᠠᠨ ᠤ 2025 ᠣᠨ ᠤ ᠨᠢᠭᠡᠳᠦᠭᠡᠷ | ᠪᠦᠯᠦᠭ ᠤᠨ ᠬᠥᠳᠡᠭᠡ ᠲᠣᠰᠬᠤᠨ ᠤ ᠴᠠᠬᠢᠯᠭᠠᠨ ᠲᠣᠣᠷ ᠢ 10 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ | ᠱᠤᠭᠤᠮ ᠢ ᠪᠠᠬᠢᠵᠢᠭᠦᠯᠦᠨ ᠳᠡᠭᠡᠭᠰᠢᠯᠡᠭᠦᠯᠬᠦ ᠲᠦᠷᠦᠯ ᠵᠦᠢᠯ᠂ 2025 ᠣᠨ ᠤ ᠴᠠᠬᠢᠯᠭᠠᠨ ᠬᠦᠴᠦᠨ ᠤ | ᠬᠡᠮᠵᠢᠯᠲᠡ ᠶᠢᠨ ᠲᠣᠨᠣᠭᠯᠠᠯ ᠢ ᠡᠭᠡᠯᠵᠢᠯᠡᠨ ᠰᠣᠯᠢᠬᠤ ᠢᠨᠵᠧᠨᠧᠷᠢᠩ ︵ᠨᠢᠭᠡᠳᠦᠭᠡᠷ ᠬᠤᠭᠤᠴᠠᠭ᠎ᠠ︶᠂ ᠲᠣᠭᠲᠠᠬᠤ | ᠰᠢᠶᠠᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠲᠣᠭᠲᠠᠬᠤ ᠰᠢᠶᠠᠨ ᠤ | 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯᠭᠠᠪᠠ᠃ | | | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠬᠠᠤᠯᠢ ᠳᠤ ᠲᠠᠩᠭᠠᠷᠢᠭᠯᠠᠬᠤ | ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠶᠣᠰᠣᠭᠠᠷ᠂ ᠶᠡᠭᠡ ᠬᠤᠷᠠᠯ ᠠᠴᠠ | ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠤ᠂ ᠰᠢᠨ᠎ᠡ ᠪᠠᠷ ᠰᠣᠩᠭᠤᠭᠳᠠᠭᠰᠠᠨ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠠᠨᠳᠠ ᠲᠠᠩᠭᠠᠷᠢᠭᠯᠠᠪᠠ᠃ | | | | | ᠳᠠᠷᠠᠭ᠎ᠠ ᠨᠢ᠂ ᠠᠨᠳᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠲᠡᠷᠡ ᠬᠡᠯᠡᠬᠦ ᠳᠡᠭᠡᠨ᠂ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ︽ᠪᠤᠤᠬᠢᠶ᠎ᠠ ᠮᠣᠳᠣ︾ ᠶᠢ ᠲᠣᠰᠴᠤ ᠠᠪᠤᠭᠰᠠᠨ ᠳᠤ | ᠲᠠᠯᠠᠷᠬᠠᠵᠦ ᠪᠠᠶᠢᠨ᠎ᠠ᠂ ᠰᠡᠳᠬᠢᠯ ᠲᠤᠭᠳᠤᠯᠠᠵᠤ ᠪᠠᠶᠢᠨ᠎ᠠ᠂ ᠡᠭᠦᠷᠭᠡᠯᠡᠵᠦ ᠪᠠᠶᠢᠭ᠎ᠠ ᠡᠭᠦᠷᠭᠡ ᠨᠢ ᠢᠷᠠᠭᠤ ᠠᠯᠳᠠᠷᠲᠠᠢ᠂ | ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠨᠢ ᠬᠦᠨᠳᠦ ᠴᠢᠬᠤᠯᠠ ᠪᠠᠶᠢᠨ᠎ᠠ᠃ ᠭᠠᠭᠴᠠᠬᠦ ᠡᠷᠴᠢ ᠵᠣᠷᠢᠭ ᠢᠶᠠᠨ | ᠬᠥᠪᠴᠢᠯᠡᠵᠦ᠂ ᠦᠨᠡᠨᠴᠢ ᠰᠢᠳᠤᠷᠭᠤ ᠪᠠᠷ ᠠᠵᠢᠯᠯᠠᠬᠤ ᠳᠤ ᠬᠤᠶᠢᠷᠭᠤᠰᠢᠬᠤ ᠦᠭᠡᠢ᠂ ᠦᠨᠡᠨᠴᠢ ᠰᠢᠳᠤᠷᠭᠤ ᠪᠠᠷ | ᠡᠭᠦᠷᠭᠡ ᠲᠤᠰᠢᠶᠠᠯ ᠢᠶᠠᠨ ᠭᠦᠢᠴᠡᠳᠬᠡᠪᠡᠯ ᠰᠠᠶ᠋ᠢ ᠵᠣᠬᠢᠶᠠᠨ ᠪᠠᠶᠢᠭᠤᠯᠤᠯᠲᠠ ᠪᠣᠯᠣᠨ ᠠᠷᠠᠳ ᠲᠦᠮᠡᠨ ᠤ ᠬᠦᠨᠳᠦ | ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ | ᠡᠷᠬᠢᠮᠯᠡᠬᠦ ᠶᠢ ᠢᠮᠠᠭᠲᠠ ᠪᠠᠷᠢᠮᠲᠠᠯᠠᠵᠤ᠂ ᠡᠭᠦᠷᠭᠡᠯᠡᠨ ᠪᠣᠳᠠᠲᠠᠢ ᠠᠵᠢᠯᠯᠠᠵᠤ ᠬᠥᠭᠵᠢᠯᠲᠡ ᠶᠢ ᠠᠬᠢᠭᠤᠯᠬᠤ ᠶᠢ ᠢᠮᠠᠭᠲᠠ | ᠪᠠᠷᠢᠮᠲᠠᠯᠠᠵᠤ᠂ ᠵᠣᠷᠢᠯᠲᠠ ᠪᠠᠨ ᠪᠠᠲᠤ ᠴᠡᠭᠡᠵᠢᠯᠡᠵᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠢᠮᠠᠭᠲᠠ | ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠳᠦᠷᠢ ᠲᠥᠷᠬᠦ ᠶᠢ ᠪᠤᠢ ᠪᠣᠯᠭᠠᠬᠤ ᠶᠢ ᠢᠮᠠᠭᠲᠠ | ᠪᠠᠷᠢᠮᠲᠠᠯᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢᠨ ᠬᠤᠷᠢᠭ᠎ᠠ ᠱᠤᠭᠤᠮ ᠢ ᠰᠠᠬᠢᠬᠤ ᠶᠢ ᠢᠮᠠᠭᠲᠠ | ᠪᠠᠷᠢᠮᠳᠠᠯᠠᠨ᠎ᠠ ᠭᠡᠵᠡᠢ᠃ | | | | | ᠠᠨᠳᠠ ᠢᠯᠡᠷᠬᠡᠶᠢᠯᠡᠬᠦ ᠳᠡᠭᠡᠨ᠂ ᠣᠯᠠᠨ ᠤ ᠢᠲᠡᠭᠡᠯ ᠢ ᠬᠤᠪᠢ ᠳᠠᠬᠢᠨ ᠨᠠᠨᠳᠢᠩᠨᠠᠵᠤ᠂ ᠲᠣᠭᠲᠠᠬᠤ ᠰᠢᠶᠠᠨ ᠤ | ᠥᠨᠥᠳᠥᠷ ᠤᠨ ᠶᠡᠭᠡ ᠰᠠᠶᠢᠨ ᠪᠠᠶᠢᠳᠠᠯ ᠢ ᠬᠤᠪᠢ ᠲᠠᠬᠢᠨ ᠨᠠᠨᠳᠢᠩᠨᠠᠵᠤ᠂ ᠬᠤᠳᠠ ᠶᠢᠨ ᠨᠠᠮ ᠤᠨ ᠬᠤᠷᠢᠶ᠎ᠠ᠂ | ᠬᠤᠳᠠ ᠶᠢᠨ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠦ ᠶᠢᠨ | ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠲᠠᠢ | ᠬᠠᠮᠲᠤᠪᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠢᠷᠮᠠᠶᠢᠨ ᠲᠡᠮᠡᠴᠡᠵᠦ᠂ ᠪᠦᠬᠦ ᠰᠢᠶᠠᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠦᠵᠡᠰᠬᠦᠯᠡᠩᠲᠦ ᠰᠠᠶᠢᠬᠠᠨ ᠵᠣᠯ ᠵᠢᠷᠭᠠᠯᠲᠠᠢ | ᠠᠮᠤᠷ ᠠᠮᠤᠭᠤᠯᠠᠩ ᠲᠣᠭᠲᠠᠬᠤ ᠶᠢ ᠲᠦᠷᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕ | | ᠦᠳᠡ ᠶᠢᠨ ᠬᠤᠶᠢᠨᠠᠬᠢ 4 ᠴᠠᠭ 30 ᠮᠢᠨᠦ᠋ᠲ ᠲᠤ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠬᠢᠪᠡ᠃ | | | | | | ᠲᠤᠰ ᠤᠳᠠᠭᠠᠨ ᠤ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠪᠣᠯ᠄ ᠸᠠᠩ ᠳ᠋ᠦᠩ ᠱᠧᠩ᠂ ᠰᠦᠨ ᠰᠢᠶᠦ᠋ᠨ᠂ | ᠵᠠᠢ ᠱᠦ ᠵᠢᠶᠧ᠂ ᠸᠧᠨ ᠵᠢᠶᠠᠩ ᠬᠠᠢ᠂ ᠹᠠᠨ ᠷᠦᠢ ᠫᠢᠩ᠂ ᠯᠢ ᠸᠧᠨ ᠰᠢᠸ ᠪᠣᠯᠣᠨ᠎ᠠ᠃ | | | | | ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ | ᠲᠡᠷᠢᠭᠦᠯᠡᠭᠴᠢ ᠰᠦᠨ ᠰᠢᠶᠦ᠋ᠨ ᠬᠤᠷᠠᠯ ᠢ ᠡᠷᠬᠢᠯᠡᠪᠡ᠃ | ᠶᠡᠭᠡ ᠬᠤᠷᠠᠯ ᠠᠴᠠ ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠤᠨ ᠲᠤᠬᠠᠢ ᠰᠢᠢᠳᠪᠦᠷᠢ ᠶᠢ ᠪᠠᠲᠤᠯᠠᠵᠤ᠂ ᠲᠣᠭᠲᠠᠬᠤ ᠰᠢᠶᠠᠨ ᠤ 2024 ᠣᠨ ᠤ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ | ᠰᠢᠢᠳᠪᠦᠷᠢ᠂ ᠲᠣᠭᠲᠠᠬᠤ ᠰᠢᠶᠠᠨ ᠤ 2024 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ | ᠪᠠ 2025 ᠣᠨ ᠤ ᠡᠳ᠋ ᠤᠨ ᠵᠠᠰᠠᠭ ᠤᠨ ᠲᠥᠰᠥᠪ ᠤᠨ ᠲᠤᠬᠠᠢ ᠰᠢᠢᠳᠪᠦᠷᠢ᠂ ᠲᠣᠭᠲᠠᠬᠤ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ | ᠰᠢᠢᠳᠪᠦᠷᠢ᠂ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ | ᠰᠢᠢᠳᠪᠦᠷᠢ᠂ ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ | ᠰᠢᠢᠳᠪᠦᠷᠢ ᠶᠢ ᠪᠠᠳᠤᠯᠠᠪᠠ᠃ | ᠶᠡᠭᠡ ᠬᠤᠷᠠᠯ ᠤᠨ ᠡᠴᠦᠰ ᠲᠤ ᠲᠡᠭᠦᠰᠬᠦ ᠶᠣᠰᠣᠯᠠᠯ ᠶᠠᠪᠤᠭᠳᠠᠵᠤ᠂ ᠰᠦᠨ ᠰᠢᠶᠦ᠋ᠨ ᠲᠡᠭᠦᠰᠬᠦ ᠶᠠᠷᠢᠶ᠎ᠠ | ᠲᠠᠯᠪᠢᠪᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |