2025 ᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠭᠦᠷᠭᠡ
ᠨᠡᠶᠢᠲᠡᠯᠡᠭᠰᠡᠨ ᠴᠠᠭ᠄
2024/12/30
      12 ᠳ᠋ᠤᠭᠠᠷ ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠪᠦᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠪᠡᠭᠡᠵᠢᠩ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ 2024 ᠣᠨ ᠤ ᠠᠵᠢᠯ ᠢᠶᠠᠨ ᠰᠢᠰᠲ᠋ᠧᠮ ᠲᠠᠢ ᠪᠠᠷ ᠳ᠋ᠦᠩᠨᠡᠵᠦ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠵᠤ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠢᠷᠡᠬᠦ ᠵᠢᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠤᠨ ᠡᠭᠦᠷᠭᠡ᠄      ★ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠤᠭᠳᠠᠪᠦᠷᠢᠵᠢᠭᠤᠯᠬᠤ ᠶᠢ ᠠᠬᠢᠭᠤᠯᠬᠤ ᠳᠤ ᠦᠷᠭᠦᠯᠵᠢᠯᠡᠨ ᠬᠦᠴᠦᠯᠡᠨ᠎ᠡ      ★ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠶᠢ ᠲᠦᠯᠬᠢᠨ ᠠᠬᠢᠭᠤᠯᠤᠨ᠎ᠠ      ★ ᠬᠤᠲᠠ ᠶᠢᠨ ᠰᠢᠨᠡᠴᠢᠯᠡᠯᠲᠡ ᠶᠢ ᠶᠡᠭᠡ ᠪᠠᠷ ᠬᠡᠷᠡᠭᠵᠢᠭᠦᠯᠦᠨ᠎ᠡ     ★ ︽ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ︾ ᠶᠢ ᠳᠡᠰ ᠲᠡᠪᠰᠢᠭᠦᠯᠦᠨ ᠪᠦᠳᠦᠭᠡᠨ ᠪᠠᠶᠢᠭᠤᠯᠤᠨ᠎ᠠ      ★ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ᠰᠠᠶᠢᠨ ᠭᠡᠷ ᠪᠠᠶᠢᠰᠢᠩ ᠢ ᠪᠦᠲᠦᠭᠡᠨ ᠪᠠᠶᠢᠭᠤᠯᠤᠨ᠎ᠠ      2025 ᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ᠄      ᠶᠡᠷᠦᠩᠬᠡᠢ ᠰᠡᠳᠬᠢᠴᠡ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠭᠤᠰᠢᠯᠠᠭᠤᠯᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠲᠣᠭᠲᠠᠭᠤᠨ ᠤ ᠲᠤᠮᠳᠠ ᠤᠷᠤᠭᠰᠢᠯᠡᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠳᠦᠨ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠦ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠯᠤᠲᠤ ᠶᠡᠭᠡ ᠳᠠᠯᠳᠠ ᠬᠦᠴᠦᠨ ᠢ ᠨᠡᠩ ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠢ ᠨᠡᠩ ᠬᠦᠴᠦᠲᠡᠢ ᠪᠠᠲᠤᠯᠠᠨ ᠰᠠᠶᠢᠵᠢᠷᠠᠭᠤᠯᠵᠤ᠂ ᠠᠶᠤᠯ ᠲᠦᠭᠰᠢᠭᠦᠷᠢ ᠶᠢᠨ ᠲᠠᠯᠳᠠ ᠭᠡᠮ ᠢ ᠰᠢᠰᠲ᠋ᠧᠮ ᠲᠠᠢ ᠪᠠᠷ ᠰᠡᠷᠭᠡᠶᠢᠯᠡᠨ ᠠᠷᠢᠯᠭᠠᠵᠤ᠂ ᠰᠠᠶᠢᠨ ᠭᠡᠷ ᠪᠠᠶᠢᠰᠢᠩ᠂ ᠰᠠᠶᠢᠨ ᠤᠷᠤᠨ ᠰᠠᠭᠤᠴᠠ ᠶᠢᠨ ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠳᠠ ᠶᠢᠨ ᠲᠣᠭᠤᠷᠢᠭ ᠤᠨ ︽ᠲᠦᠷᠪᠡᠨ ᠰᠠᠶᠢᠨ︾ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠪᠴᠢᠯᠡᠨ ᠪᠠᠶᠢᠭᠤᠯᠵᠤ᠂ ᠬᠤᠳᠠ ᠶᠢᠨ ᠰᠢᠨᠡᠴᠢᠯᠡᠯᠲᠡ ᠶᠢ ᠶᠡᠭᠡ ᠪᠠᠷ ᠲᠦᠯᠬᠢᠨ ᠠᠬᠢᠭᠤᠯᠵᠤ᠂ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠤᠨ᠎ᠠ  ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠵᠦ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃      ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠦᠷᠭᠦᠯᠵᠢᠯᠡᠨ ᠬᠦᠴᠦᠯᠠᠨ ᠠᠬᠢᠭᠤᠯᠤᠨ᠎ᠠ      · ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠪᠠᠳᠠᠷᠠᠭᠤᠯᠤᠨ᠎ᠠ᠃ ︽ᠳᠥᠷᠪᠡ ᠶᠢ ᠬᠦᠴᠦᠨ ᠦᠭᠡᠢ ᠪᠣᠯᠭᠠᠬᠤ᠂ ᠳᠥᠷᠪᠡ ᠶᠢ ᠪᠠᠭᠤᠷᠠᠭᠤᠯᠬᠤ᠂ ᠬᠤᠶᠠᠷ ᠢ ᠨᠡᠮᠡᠭᠳᠡᠭᠦᠯᠬᠦ︾ ᠡᠯ᠎ᠡ ᠵᠦᠢᠯ ᠤᠨ ᠦᠯᠡᠳᠡᠭᠡᠯ ᠲᠥᠷᠥ ᠶᠢᠨ ᠪᠣᠳᠣᠯᠭ᠎ᠠ ᠪᠠ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠡᠷᠡᠰ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ᠣᠷᠣᠨ ᠰᠠᠭᠤᠴᠠ ᠶᠢᠨ ᠵᠠᠶᠢᠯᠠᠰᠢ ᠦᠭᠡᠢ ᠪᠠ ᠰᠠᠶᠢᠵᠢᠷᠠᠭᠤᠯᠤᠯᠲᠠ ᠶᠢᠨ ᠴᠢᠨᠠᠷᠲᠠᠢ ᠬᠡᠷᠡᠭᠴᠡᠭᠡ ᠶᠢ ᠶᠡᠬᠡᠪᠡᠷ ᠳᠡᠮᠵᠢᠨ᠎ᠡ᠃      · ᠬᠠᠩᠭᠠᠯᠭ᠎ᠠ ᠶᠢ ᠬᠦᠴᠦᠯᠡᠨ ᠰᠠᠶᠢᠵᠢᠷᠠᠭᠤᠯᠤᠨ᠎ᠠ᠃ ᠲᠠᠸᠠᠷ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠦᠨ᠂ ᠶᠠᠰᠤ ᠴᠢᠨᠠᠷ ᠢ ᠲᠡᠭᠡᠭᠰᠢᠯᠡᠭᠦᠯᠦᠨ᠎ᠡ᠃ ᠬᠡᠷᠡᠭᠴᠡᠭᠡ ᠪᠠᠷ ᠬᠤᠳᠠᠯᠳᠤᠨ ᠠᠪᠬᠤ᠂ ᠬᠡᠷᠡᠭᠴᠡᠭᠡ ᠪᠠᠷ ᠪᠠᠷᠢᠯᠭ᠎ᠠ ᠪᠠᠷᠢᠬᠤ ᠶᠢ ᠲᠣᠭᠲᠠᠭᠠᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠣᠷᠣᠨ ᠰᠠᠭᠤᠴᠠ ᠶᠢᠨ ᠡᠷᠴᠢᠮ ᠢ ᠴᠢᠩᠭᠠᠷᠠᠭᠤᠯᠵᠤ᠂ ᠲᠠᠬᠢᠨ ᠨᠢᠭᠡ ᠪᠦᠯᠦᠭ ᠰᠢᠨ᠎ᠡ ᠬᠤᠳᠠ ᠶᠢᠨ ᠠᠷᠠᠳ᠂ ᠵᠠᠯᠠᠭᠤᠴᠤᠳ᠂ ᠬᠥᠯᠥᠰᠦᠨ ᠠᠵᠢᠯᠴᠢᠨ ᠵᠡᠷᠭᠡ ᠶᠢ ᠬᠠᠪᠰᠤᠷᠴᠤ ᠠᠮᠤᠷ ᠲᠠᠶᠢᠪᠤᠩ ᠣᠷᠣᠨ ᠰᠠᠭᠤᠴᠠ ᠲᠠᠢ ᠪᠤᠯᠭᠠᠨ᠎ᠠ᠃      ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠤᠨ ᠪᠠᠶᠢᠭᠤᠯᠤᠯᠳᠠ ᠶᠢᠨ ᠠᠬᠢᠭᠤᠯᠤᠨ᠎ᠠ      · ᠣᠷᠣᠨ ᠰᠠᠭᠤᠴᠠ ᠶᠢᠨ ᠬᠠᠩᠭᠠᠯᠭ᠎ᠠ ᠶᠢᠨ ᠰᠢᠰᠲ᠋ᠧᠮ ᠢ ᠬᠦᠴᠦᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠦᠷᠭᠡᠪᠴᠢᠯᠡᠨ ᠬᠥᠭᠵᠢᠭᠦᠯᠵᠦ᠂ ᠬᠤᠳᠠ ᠪᠠᠯᠭᠠᠰᠤᠨ ᠤ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠴᠠᠯᠢᠩ ᠤᠨ ᠬᠠᠮᠲᠤᠯᠢᠭ ᠤᠨ ᠵᠠᠶᠢᠯᠠᠰᠢ ᠦᠭᠡᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠵᠤ᠂ ᠬᠤᠳᠠ ᠶᠢᠨ ᠵᠠᠰᠠᠭ ᠤᠨ ᠣᠷᠳᠣᠨ ᠤ ᠬᠤᠳᠠ ᠶᠢᠨ ᠪᠠᠶᠢᠳᠠᠯ ᠳᠤᠨᠢ ᠲᠣᠬᠢᠷᠠᠭᠤᠯᠤᠨ ᠲᠦᠷᠦ ᠶᠢᠨ ᠪᠣᠳᠣᠯᠭ᠎ᠠ ᠬᠡᠷᠡᠭᠵᠢᠭᠦᠯᠬᠦ ᠶᠢ ᠲᠡᠮᠵᠢᠵᠤ᠂ ᠰᠠᠶᠢᠵᠢᠷᠠᠯᠲᠠ ᠶᠢᠨ ᠴᠢᠨᠠᠷᠲᠠᠢ ᠣᠷᠣᠨ ᠰᠠᠭᠤᠴᠠ ᠢᠯᠠᠩᠭᠤᠶ᠎ᠠ ᠰᠠᠶᠢᠨ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠃      · ᠴᠢᠬᠤᠯᠠ ᠡᠯᠧᠮᠧᠨ᠋ᠲ ᠤᠨ ᠬᠤᠯᠪᠣᠯᠳᠤᠨ ᠬᠥᠳᠡᠯᠦᠯᠴᠡᠬᠦ ᠰᠢᠨ᠎ᠡ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠣᠷᠣᠨ ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠬᠥᠮᠥᠨ ᠢᠶᠠᠷ ᠣᠷᠣᠨ ᠰᠠᠭᠤᠴᠠ ᠲᠣᠭᠲᠠᠭᠠᠬᠤ᠂ ᠣᠷᠣᠨ ᠰᠠᠭᠤᠴᠠ ᠪᠠᠷ ᠭᠠᠵᠠᠷ ᠰᠢᠷᠣᠢ ᠲᠣᠭᠲᠠᠭᠠᠬᠤ᠂ ᠣᠷᠣᠨ ᠰᠠᠭᠤᠴᠠ ᠪᠠᠷ ᠵᠣᠭᠤᠰ ᠲᠣᠭᠲᠠᠭᠠᠬᠤ ᠶᠢ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ᠂ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠠᠬᠢᠭᠤᠯᠤᠨ᠎ᠠ᠃ ᡻     ᠲᠠᠸᠠᠷ ᠤᠨ ᠣᠷᠣᠨ ᠰᠠᠭᠤᠴᠠ ᠶᠢᠨ ᠪᠣᠷᠤᠯᠠᠭᠤᠯᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠪᠡᠯᠡᠨ ᠣᠷᠣᠨ ᠰᠠᠭᠤᠴᠠ ᠶᠢᠨ ᠪᠣᠷᠤᠯᠠᠭᠤᠯᠭ᠎ᠠ ᠶᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ ᠤᠷᠢᠳᠴᠢᠯᠠᠨ ᠬᠤᠳᠠᠯᠳᠤᠬᠤ ᠪᠡᠯᠡ ᠮᠥᠩᠭᠦᠨ ᠤ ᠬᠢᠨᠠᠯᠲᠠ ᠬᠠᠮᠢᠶᠠᠷᠤᠯᠳᠠ ᠶᠢ ᠰᠢᠯᠢᠳᠡᠭᠵᠢᠭᠦᠯᠦᠨ᠎ᠡ      · ᠭᠡᠷ ᠪᠠᠶᠢᠰᠢᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠦᠷᠭᠡᠪᠴᠢᠯᠡᠨ ᠪᠠᠶᠢᠭᠤᠯᠵᠤ᠂ ᠭᠡᠷ ᠪᠠᠶᠢᠰᠢᠩ ᠤᠨ ᠠᠮᠤᠷ ᠲᠦᠪᠰᠢᠨ ᠳᠤ ᠬᠦᠴᠦᠲᠡᠢ ᠪᠠᠲᠤᠯᠠᠭ᠎ᠠ ᠬᠠᠩᠭᠠᠨ᠎ᠠ᠃     · ᠭᠡᠷ ᠪᠠᠶᠢᠰᠢᠩ ᠭᠠᠵᠠᠷ ᠬᠥᠷᠥᠩᠭᠡ ᠶᠢᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠠᠰᠠᠵᠤ᠂ ᠣᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠬᠤᠳᠠ ᠶᠢᠨ ᠰᠢᠨᠡᠴᠢᠯᠡᠯᠲᠡ ᠶᠢ ᠶᠡᠬᠡᠪᠡᠷ ᠬᠡᠷᠡᠭᠵᠢᠭᠦᠯᠦᠨ᠎ᠡ ᡻     ︽ᠤᠷᠢᠳ ᠢᠶᠠᠷ ᠪᠡᠶ᠎ᠡ ᠶᠢᠨ ᠪᠠᠶᠢᠴᠠᠭᠠᠯᠲᠠ ᠬᠢᠵᠦ᠂ ᠳᠠᠷᠠᠭ᠎ᠠ ᠨᠢ ᠰᠢᠨᠡᠳᠬᠡᠬᠦ᠂ ᠪᠡᠶ᠎ᠡ ᠶᠢᠨ ᠪᠠᠶᠢᠴᠠᠭᠠᠯᠲᠠ ᠬᠢᠬᠦ ᠦᠭᠡᠢ ᠪᠤᠯ ᠰᠢᠨᠡᠴᠢᠯᠡᠯᠳᠡ ᠬᠢᠵᠦ ᠪᠤᠯᠬᠤ ᠦᠭᠡᠢ︾ ᠵᠠᠷᠴᠢᠮ ᠢ ᠪᠠᠷᠢᠮᠲᠠᠯᠠᠨ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠪᠠ ᠬᠤᠲᠠ ᠶᠢᠨ ᠰᠢᠨᠡᠴᠢᠯᠡᠯᠲᠡ ᠶᠢ ᠨᠢᠭᠡ ᠴᠣᠭᠴᠠᠵᠢᠭᠤᠯᠤᠨ ᠠᠬᠢᠭᠤᠯᠬᠤ ᠲᠣᠭᠲᠠᠴᠠ ᠶᠢ ᠪᠤᠶ ᠪᠤᠯᠭᠠᠨ᠎ᠠ᠃       · ᠬᠤᠲᠠ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ᠂ ᠵᠠᠰᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠰᠢᠨᠡᠴᠢᠯᠡᠯᠲᠡ ᠶᠢᠨ ᠦᠷᠭᠦᠯᠵᠢᠯᠡᠬᠦ ᠵᠠᠭᠪᠤᠷ ᠪᠣᠯᠣᠨ ᠲᠥᠷᠥ  ᠶᠢᠨ ᠪᠣᠳᠣᠯᠭ᠎ᠠ ᠬᠠᠤᠯᠢ ᠲᠣᠭᠲᠠᠭᠠᠯ ᠢ ᠪᠤᠶ ᠪᠣᠯᠭᠠᠨ᠎ᠠ᠃      · ᠨᠢᠭᠡ ᠪᠦᠯᠦᠭ ᠬᠤᠲᠠ ᠶᠢ ᠰᠢᠨᠡᠳᠬᠡᠨ ᠥᠭᠡᠷᠡᠴᠢᠯᠡᠬᠦ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ ᠂ 2000 ᠣᠨ ᠤ ᠵᠢᠯ ᠤᠨ ᠡᠴᠦᠰ ᠠᠴᠠ ᠡᠮᠦᠨ᠎ᠡ ᠪᠠᠶᠢᠭᠤᠯᠤᠭᠰᠠᠨ ᠬᠤᠲᠠ ᠪᠠᠯᠭᠠᠰᠤᠨ ᠤ ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠨᠲᠡ ᠪᠠᠶᠢᠴᠠᠭᠠᠵᠤ ᠭᠠᠷᠭᠠᠭᠰᠠᠨ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠶᠢ ᠰᠢᠨᠡᠳᠬᠡᠨ ᠥᠭᠡᠷᠡᠴᠢᠯᠡᠬᠦ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠰᠢᠶᠠᠨ ᠤ ᠱᠠᠲᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃      · ᠬᠤᠲᠠ ᠶᠢᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠪᠠᠶᠢᠭᠤᠯᠵᠤ᠂ ︽ᠨᠢᠭᠡ ᠵᠥᠪᠯᠡᠯ ᠨᠢᠭᠡ ᠠᠯᠪᠠᠨ ᠭᠡᠷ ᠨᠢᠭᠡ ᠲᠠᠪᠴᠠᠩ︾ ᠢ ᠲᠡᠭᠦᠯᠳᠡᠷᠵᠢᠭᠦᠯᠦᠨ᠂ ᠬᠤᠲᠠ ᠶᠢᠨ ᠬᠠᠮᠢᠶᠠᠷᠤᠯᠲᠠ ᠶᠢ ᠦᠨᠳᠦᠰᠦᠨ ᠱᠠᠲᠤᠨ ᠤ ᠵᠠᠰᠠᠯᠲᠠ ᠳᠤ ᠠᠭᠤᠰᠤᠯᠴᠠᠭᠤᠯᠬᠤ ᠶᠢ ᠠᠬᠢᠭᠤᠯᠵᠤ᠂ ᠣᠶᠤᠨᠴᠢ ᠪᠥᠭᠡᠳ ᠥᠨᠳᠥᠷ ᠪᠦᠲᠦᠮᠵᠢᠲᠡᠶ ᠵᠠᠰᠠᠯᠲᠠ ᠶᠢᠨ ᠰᠢᠨ᠎ᠡ ᠰᠢᠰᠲ᠋ᠧᠮ ᠢ ᠪᠣᠶ ᠪᠣᠯᠭᠠᠵᠤ᠂ ᠬᠤᠲᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠨᠠᠷᠢᠯᠢᠬᠵᠢᠯᠲᠠ᠂ ᠣᠶᠤᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᡻     ︽ᠰᠢᠨ᠎ᠡ ᠬᠤᠲᠠ ᠶᠢᠨ ᠪᠦᠲᠦᠭᠡᠨ ᠪᠠᠶᠢᠭᠤᠯᠤᠯᠲᠠ︾ ᠪᠠᠷ ᠬᠥᠳᠡᠯᠭᠡᠭᠦᠷ ᠪᠣᠯᠭᠠᠵᠤ ᠥᠨᠳᠥᠷ ᠬᠢᠷᠢ ᠲᠦᠪᠰᠢᠨ ᠪᠦᠬᠦᠢ ︽ᠲᠣᠭᠠᠴᠢᠯᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ︾ ᠶᠢ ᠪᠤᠶ ᠪᠣᠯᠭᠠᠵᠤ᠂ ᠲᠣᠭᠠᠴᠢᠯᠠᠭᠰᠠᠨ ᠭᠡᠷ ᠪᠦᠯᠢ᠂ ᠣᠶᠤᠨᠴᠢ ᠣᠷᠣᠨ ᠰᠠᠭᠤᠴᠠ ᠶᠢᠨ ᠲᠤᠭᠤᠷᠢᠭ᠂ ᠭᠡᠷ ᠪᠠᠶᠢᠰᠢᠩ ᠤᠨ ᠪᠠᠷᠢᠯᠭ᠎ᠠ ᠶᠢᠨ ᠬᠠᠮᠢᠶᠠᠷᠤᠯᠲᠠ ᠶᠢ ᠣᠶᠤᠨᠴᠢᠯᠠᠬᠤ᠂ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ᠂ ᠣᠶᠤᠨᠴᠢᠯᠠᠭᠰᠠᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠵᠡᠷᠭᠡ ᠡᠭᠦᠷᠭᠡ ᠶᠢ ᠰᠢᠰᠲ᠋ᠧᠮ ᠲᠠᠢ ᠠᠬᠢᠭᠤᠯᠵᠤ᠂ ᠲᠣᠭᠠᠴᠢᠯᠠᠬᠤ᠂ ᠰᠦᠯᠵᠢᠶᠡᠵᠢᠭᠦᠯᠬᠦ᠂ ᠣᠶᠤᠨᠴᠢᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ︾ ᠶᠢ ᠳᠡᠰ ᠲᠡᠪᠰᠢᠭᠦᠯᠦᠨ ᠪᠦᠳᠦᠭᠡᠨ ᠪᠠᠶᠢᠭᠤᠯᠤᠨ᠎ᠠ    · ᠪᠠᠷᠢᠯᠭ᠎ᠠ ᠶᠢᠨ ᠦᠢᠯᠡᠰ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ ᠬᠤᠪᠢᠷᠠᠭᠤᠯᠤᠨ᠂ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ᠂ ᠪᠠᠷᠢᠯᠭ᠎ᠠ ᠶᠢᠨ ᠦᠨ᠎ᠡ ᠥᠷᠲᠡᠭ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠳᠦᠷᠢᠮ ᠢ ᠥᠭᠡᠷᠡᠴᠢᠯᠡᠵᠦ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠂ ᠣᠳᠣᠬᠢᠴᠢᠯᠠᠭᠰᠠᠨ ᠪᠠᠷᠢᠯᠭ᠎ᠠ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃      · ᠨᠡᠩ ᠴᠢᠨᠠᠷ ᠰᠠᠶᠢᠲᠠᠢ ᠳᠦᠷᠢᠮ ᠤᠨ ᠬᠠᠩᠭᠠᠯᠭ᠎ᠠ ᠪᠠᠷ ᠪᠠᠷᠢᠯᠭ᠎ᠠ ᠶᠢᠨ ᠠᠵᠤ ᠠᠬᠤᠶᠢᠯᠠᠯ ᠪᠣᠯᠣᠨ ᠠᠵᠢᠯᠯᠠᠵᠤ ᠪᠠᠶᠢᠭ᠎ᠠ ᠬᠥᠮᠥᠰ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃      · ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠤᠯᠤᠰ ᠤᠨ ᠪᠠᠷᠢᠮᠵᠢᠶ᠎ᠠ ᠶᠢᠨ ᠰᠠᠭᠤᠷᠢ ᠶᠢ ᠳᠡᠭᠡᠭᠰᠢᠯᠡᠭᠦᠯᠦᠨ᠂ ᠠᠵᠢᠯ ᠲᠥᠷᠥᠯ ᠤᠨ ᠪᠠᠷᠢᠮᠵᠢᠶ᠎ᠠ ᠶᠢ ᠵᠣᠬᠢᠴᠠᠩᠭᠤᠢ ᠪᠠᠷ ᠳᠡᠭᠡᠭᠰᠢᠯᠡᠭᠦᠯᠵᠦ᠂ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠶᠢ ᠵᠣᠷᠢᠭᠵᠢᠭᠤᠯᠤᠨ ᠳᠡᠮᠵᠢᠵᠦ᠂ ᠪᠠᠷᠢᠮᠵᠢᠶ᠎ᠠ ᠶᠢᠨ ᠳᠡᠭᠡᠭᠰᠢᠯᠡᠯᠲᠡ ᠪᠠᠷ ᠪᠠᠷᠢᠯᠭ᠎ᠠ ᠶᠢᠨ ᠠᠵᠤ ᠦᠢᠯᠡᠰ ᠤᠨ ᠲᠠᠰ ᠳᠡᠪᠰᠢᠬᠦ ᠶᠢ ᠬᠦᠳᠦᠯᠦᠨ ᠲᠠᠭᠠᠭᠤᠯᠤᠨ᠎ᠠ᠃ ᡻      ᠤᠶᠤᠯᠢᠭ ᠪᠠᠷᠢᠯᠭ᠎ᠠ᠂ ᠪᠣᠬᠢᠷᠲᠤᠯ ᠦᠭᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠨᠡᠩ ᠶᠡᠭᠡ ᠬᠡᠪᠴᠢᠶ᠎ᠡ ᠪᠠᠷ ᠳᠡᠯᠭᠡᠷᠡᠭᠦᠯᠦᠨ᠎ᠡ᠃      · ᠪᠣᠬᠢᠷᠲᠤᠯ ᠦᠭᠡᠢ ᠪᠠᠷᠢᠯᠭ᠎ᠠ ᠶᠢ ᠪᠣᠶᠢᠵᠢᠭᠤᠯᠤᠨ ᠬᠥᠭᠵᠢᠭᠦᠯᠦᠭᠡᠳ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠪᠣᠯᠭᠠᠨ᠎ᠠ᠃ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ᠰᠠᠶᠢᠨ ᠭᠡᠷ ᠪᠠᠶᠢᠰᠢᠩ ᠢ ᠪᠦᠳᠦᠭᠡᠨ ᠪᠠᠶᠢᠭᠤᠯᠤᠨ᠎ᠠ      ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠣᠷᠣᠨ ᠰᠠᠭᠤᠴᠠ ᠶᠢᠨ ᠲᠦᠷᠦᠯ ᠵᠦᠢᠯ ᠤᠨ ᠵᠢᠷᠤᠮᠵᠢᠯ︾ ᠵᠡᠷᠭᠡ ᠣᠷᠣᠨ ᠰᠠᠭᠤᠴᠠ  ᠶᠢᠨ ᠪᠠᠷᠢᠮᠵᠢᠶ᠎ᠠ ᠶᠢ ᠨᠡᠶᠢᠳᠡᠯᠡᠨ᠎ᠡ᠃      · ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠳᠡᠮᠵᠢᠬᠦ ᠳᠦᠷᠢᠮ ᠤᠨ ᠰᠢᠰᠲ᠋ᠧᠮ ᠢ ᠪᠠᠶᠢᠭᠤᠯᠵᠤ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠰᠡᠨ ᠰᠠᠶᠢᠨ ᠭᠡᠷ ᠪᠠᠶᠢᠰᠢᠩ ᠢ ᠶᠡᠬᠡᠪᠡᠷ ᠬᠥᠭᠵᠢᠭᠦᠯᠦᠨ᠎ᠡ᠃      · ᠣᠷᠣᠨ ᠰᠠᠭᠤᠴᠠ ᠶᠢᠨ ᠠᠵᠤ ᠠᠬᠤᠶᠢᠯᠠᠯ ᠢᠯᠠᠩᠭᠤᠶ᠎ᠠ ᠲᠣᠮᠣ ᠬᠡᠯᠪᠡᠷᠢ ᠶᠢᠨ ᠣᠷᠣᠨ ᠰᠠᠭᠤᠴᠠ ᠶᠢᠨ ᠠᠵᠤ ᠠᠬᠤᠶᠢᠯᠠᠯ ᠨᠢ ᠨᠢᠭᠡ ᠪᠦᠯᠦᠭ ᠰᠠᠶᠢᠨ ᠭᠡᠷ ᠪᠠᠶᠢᠰᠢᠩ ᠤᠨ ᠬᠡᠪ ᠵᠠᠭᠪᠤᠷ ᠢ ᠪᠣᠶ ᠪᠤᠯᠭᠠᠵᠦ᠂ ᠪᠠᠲᠤᠯᠠᠭ᠎ᠠ ᠶᠢᠨ ᠣᠷᠣᠨ ᠰᠠᠭᠤᠴᠠ ᠶᠢ ᠰᠠᠶᠢᠨ ᠭᠡᠷ ᠪᠠᠶᠢᠰᠢᠩ ᠪᠤᠯᠭᠠᠨ ᠪᠦᠳᠦᠭᠡᠨ ᠪᠠᠶᠢᠭᠤᠯᠬᠤ ᠶᠢ ᠲᠡᠮᠵᠢᠨ᠎ᠡ᠃      · ᠬᠠᠭᠤᠴᠢᠷᠠᠭᠰᠠᠨ ᠣᠷᠣᠨ ᠰᠠᠭᠤᠴᠠ ᠶᠢ ᠰᠢᠨᠡᠳᠬᠡᠨ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠤᠭᠰᠠᠷᠠᠮᠠᠯ ᠮᠠᠶ᠋ᠢᠭ ᠤᠨ ᠵᠠᠰᠠᠯ ᠴᠢᠮᠡᠭᠯᠡᠯ ᠢ ᠳᠡᠯᠭᠡᠷᠡᠭᠦᠯᠦᠨ᠂ ᠬᠠᠭᠤᠴᠢᠨ ᠭᠡᠷ ᠪᠠᠶᠢᠰᠢᠩ᠂ ᠬᠠᠭᠤᠴᠢᠨ ᠤᠷᠤᠨ ᠰᠠᠭᠤᠴᠠ ᠶᠢ ᠰᠠᠶᠢᠨ ᠭᠡᠷ ᠪᠠᠶᠢᠰᠢᠩ ᠪᠣᠯᠭᠠᠨ᠎ᠠ᠃      · ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1