ᠤᠷᠤᠨ ᠰᠠᠭᠤᠴᠠ ᠶᠢᠨ ᠲᠤᠭᠤᠷᠢᠭ ᠤᠨ ᠲᠡᠷᠭᠡᠨ ᠵᠤᠭᠰᠤᠭᠠᠯ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠨᠢ ᠬᠠᠤᠯᠢ ᠲᠤᠭᠳᠠᠭᠠᠯ ᠳᠤ ᠨᠡᠶᠢᠴᠡᠨ᠎ᠡ ᠤᠤ︖
ᠨᠡᠶᠢᠲᠡᠯᠡᠭᠰᠡᠨ ᠴᠠᠭ᠄
2024/12/31
      ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠤᠭᠰᠠᠨ ᠤ ᠲᠠᠷᠠᠭ᠎ᠠ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠳᠤ᠂ ᠠᠳᠠᠯ ᠠᠬᠤᠢ ᠶᠢᠨ ᠺᠣᠮᠫᠠᠨᠢ ᠨᠢ᠂ ᠪᠤᠢ ᠪᠦᠬᠦᠢ ᠥᠮᠴᠢᠲᠡᠨ ᠤ ᠵᠥᠪᠰᠢᠶᠡᠷᠡᠯ ᠢ ᠤᠯᠬᠤ ᠬᠡᠷᠡᠭᠳᠡᠢ ᠡᠰᠡᠭᠦᠯ᠎ᠡ ᠮᠠᠲ᠋ᠧᠷᠢᠶᠠᠯ ᠬᠠᠩᠭᠠᠬᠤ ᠶᠢ ᠲᠡᠪᠴᠢᠬᠦ ᠵᠡᠷᠭᠡ ᠡᠯᠳᠡᠪ ᠮᠠᠶ᠋ᠢᠭ ᠢᠶᠠᠷ ᠬᠠᠷᠰᠢᠯᠡᠵᠦ᠂ ᠦᠮᠴᠢᠳᠡᠨ ᠤ ᠦᠪᠡᠷ ᠤᠨ ᠲᠡᠷᠭᠡᠨ ᠵᠣᠭᠰᠣᠭᠠᠯ ᠳᠤ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠶᠢ ᠲᠡᠪᠴᠢᠨ᠎ᠡ᠃      2023 ᠣᠨ ᠤ 8 ᠳ᠋ᠤᠭᠠᠷ ᠰᠠᠷ᠎ᠠ ᠳᠤ᠂ ᠸᠠᠩ ᠤᠪᠤᠭᠳᠤ ᠨᠢᠭᠡᠨ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠤᠭᠰᠠᠨ ᠪᠥᠭᠡᠳ ᠦᠪᠡᠷ ᠤᠨ ᠲᠡᠷᠭᠡᠨ ᠵᠣᠭᠰᠣᠭᠠᠯ ᠳᠠᠭᠠᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠲᠤᠰᠬᠠᠢ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠪᠠᠷ ᠲᠥᠯᠥᠪᠯᠡᠵᠡᠢ᠃ ᠭᠡᠲᠡᠯ᠎ᠡ᠂ ᠮᠡᠳᠡᠭᠦᠯᠦᠨ ᠤᠭᠰᠠᠷᠠᠬᠤ ᠶᠠᠪᠤᠴᠠ ᠳᠤ᠂ ᠠᠳᠠᠯ ᠠᠬᠤᠢ ᠶᠢᠨ ᠺᠣᠮᠫᠠᠨᠢ ᠨᠢ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ᠂ ᠤᠷᠤᠨ ᠰᠠᠭᠤᠴᠠ ᠶᠢᠨ ᠲᠣᠭᠤᠷᠢᠭ ᠤᠨ ᠬᠡᠰᠡᠭ ᠥᠮᠴᠢᠲᠡᠨ ᠤᠭᠰᠠᠷᠠᠬᠤ ᠶᠢ ᠵᠥᠪᠰᠢᠶᠡᠷᠡᠬᠦ ᠦᠭᠡᠢ ᠵᠡᠷᠭᠡ ᠰᠢᠯᠲᠠᠭᠠᠨ ᠢᠶᠠᠷ ᠭᠤᠶᠤᠴᠢᠯᠠᠯ ᠤᠨ ᠮᠠᠲ᠋ᠧᠷᠢᠶᠠᠯ ᠳᠡᠭᠡᠷ᠎ᠡ ᠲᠠᠮᠠᠭ᠎ᠠ ᠳᠠᠷᠤᠬᠤ ᠶᠢ ᠲᠡᠪᠴᠢᠭᠰᠡᠨ ᠪᠠᠶᠢᠨ᠎ᠠ᠃ ᠸᠠᠩ ᠣᠪᠣᠭᠲᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤ ᠵᠡᠷᠭᠡ ᠠᠷᠭ᠎ᠠ ᠵᠠᠮ ᠢᠶᠠᠷ ᠬᠠᠪᠰᠤᠷᠤᠯᠭ᠎ᠠ ᠭᠤᠶᠤᠴᠢᠯᠠᠵᠠᠢ᠂ ᠰᠡᠭᠦᠯᠡᠷ ᠨᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠣᠬᠢᠴᠠᠭᠤᠯᠭ᠎ᠠ ᠪᠠᠷ ᠲᠠᠮᠵᠢᠨ ᠸᠠᠩ ᠣᠪᠣᠭᠲᠤ ᠶᠢ ᠪᠠᠷᠢᠯᠭ᠎ᠠ ᠶᠢᠨ ᠲᠥᠰᠥᠯ ᠪᠠ ᠠᠮᠠᠯᠠᠯᠲᠠ ᠶᠢᠨ ᠪᠢᠴᠢᠭ ᠬᠠᠩᠭᠠᠬᠤ ᠶᠢ ᠱᠠᠭᠠᠷᠳᠠᠵᠠᠢ᠃ 2024 ᠣᠨ ᠤ 5 ᠳ᠋ᠤᠭᠠᠷ ᠰᠠᠷ᠎ᠠ ᠳᠤ᠂ ᠸᠠᠩ ᠤᠪᠤᠭᠳᠤ ︽ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ ᠤᠭᠰᠠᠷᠠᠬᠤ ᠠᠮᠠᠯᠠᠯᠲᠠ ᠶᠢᠨ ᠪᠢᠴᠢᠭ︾ ᠪᠣᠯᠣᠨ ︽ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠪᠠᠷᠢᠯᠭ᠎ᠠ ᠶᠢᠨ ᠲᠥᠰᠥᠯ︾ ᠢᠶᠠᠨ ᠠᠪᠴᠦ᠂ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠳᠤ ᠬᠠᠮᠵᠢᠯᠴᠠᠬᠤ ᠶᠢ ᠳᠠᠬᠢᠨᠲᠠ ᠭᠤᠶᠤᠴᠢᠯᠠᠭᠰᠠᠨ ᠳᠤ ᠠᠳᠠᠯ ᠠᠬᠤᠢ ᠶᠢᠨ ᠺᠣᠮᠫᠠᠨᠢ ᠮᠥᠨ ᠯᠡ ᠲᠠᠮᠠᠭ᠎ᠠ ᠳᠠᠷᠤᠬᠤ ᠶᠢ ᠲᠡᠪᠴᠢᠭᠰᠡᠨ ᠪᠠᠶᠢᠨ᠎ᠠ᠃ ᠸᠠᠩ ᠣᠪᠣᠭᠲᠤ ᠠᠷᠭ᠎ᠠ ᠮᠤᠬᠤᠷᠳᠠᠵᠤ᠂ ᠠᠳᠠᠯ ᠠᠬᠤᠢ ᠶᠢᠨ ᠺᠣᠮᠫᠠᠨᠢ ᠶᠢ ᠬᠤᠨᠠᠨ ᠮᠤᠵᠢ ᠶᠢᠨ ᠯᠧᠩ ᠱᠦᠢ ᠵᠢᠶᠠᠩ ᠬᠤᠳᠠ ᠶᠢᠨ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ᠂ ᠠᠳᠠᠯ ᠠᠬᠤᠢ ᠶᠢᠨ ᠺᠣᠮᠫᠠᠨᠢ ᠶᠢ ᠲᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠶᠢ ᠵᠦᠪᠰᠢᠶᠡᠷᠡᠬᠦ ᠭᠡᠷᠡᠴᠢ ᠮᠠᠲ᠋ᠧᠷᠢᠶᠠᠯ ᠢ ᠭᠠᠷᠭᠠᠵᠤ ᠥᠭᠬᠦ ᠶᠢᠨ ᠬᠠᠮᠲᠤ ᠲᠡᠭᠦᠨ ᠲᠠᠢ ᠬᠠᠮᠵᠢᠯᠴᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠵᠡᠷᠭᠡ ᠬᠤᠯᠪᠣᠭᠳᠠᠯ ᠪᠦᠬᠦᠢ ᠪᠤᠰᠤᠳ ᠵᠦᠢᠯᠡᠰ ᠢ ᠭᠦᠢᠴᠡᠳᠭᠡᠬᠦ ᠶᠢ ᠱᠠᠭᠠᠷᠳᠠᠵᠠᠢ᠃      ᠰᠢᠭᠦᠬᠦ ᠬᠤᠷᠢᠶ᠎ᠠ᠄ ᠠᠳᠠᠯ ᠠᠬᠤᠢ ᠶᠢᠨ ᠺᠤᠮᠫᠠᠨᠢ ᠲᠣᠭᠲᠠᠭᠰᠠᠨ ᠬᠤᠭᠤᠴᠠᠭᠠᠨ ᠳᠤ ᠥᠮᠴᠢᠲᠡᠨ ᠳᠤ ᠭᠡᠷᠡᠴᠢ ᠭᠠᠷᠭᠠᠵᠤ ᠥᠭᠬᠦ ᠬᠡᠷᠡᠭᠲᠡᠢ      ᠰᠢᠭᠦᠬᠦ ᠬᠤᠷᠢᠶ᠎ᠠ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯ ᠰᠢᠨ᠎ᠡ ᠡᠨᠧᠷᠭᠢ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠴᠢᠬᠤᠯᠠ ᠠᠷᠭ᠎ᠠ ᠬᠡᠮᠵᠢᠶ᠎ᠡ ᠮᠥᠨ᠃ ᠤᠯᠤᠰ ᠤᠨ ᠶᠠᠮᠤᠨ ᠵᠦᠪᠯᠡᠯ᠂ ᠬᠤᠨᠠᠨ ᠮᠤᠵᠢ ᠶᠢᠨ ᠨᠡᠶᠢᠲᠡᠯᠡᠭᠰᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠦᠷᠢᠮ ᠲᠣᠭᠲᠠᠭᠠᠯ᠂ ᠵᠠᠰᠠᠭ ᠵᠠᠬᠢᠷᠭᠠᠨ ᠤ ᠳᠦᠷᠢᠮ ᠲᠣᠭᠲᠠᠭᠠᠯ ᠵᠡᠷᠭᠡ ᠳᠤ ᠴᠥᠮ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠦᠢᠯᠡᠳᠦᠯ ᠪᠠᠳᠠᠷᠠᠭᠤᠯᠬᠤ ᠶᠢ ᠱᠠᠭᠠᠷᠳᠠᠭᠰᠠᠨ ᠪᠠᠶᠢᠨ᠎ᠠ᠃ ᠵᠠᠭᠠᠯᠳᠤᠭᠳᠠᠭᠴᠢ ᠨᠢ ᠬᠡᠷᠡᠭ ᠲᠤ ᠬᠤᠯᠪᠣᠭᠳᠠᠭᠰᠠᠨ ᠤᠷᠤᠨ ᠰᠠᠭᠤᠴᠠ ᠶᠢᠨ ᠲᠣᠭᠤᠷᠢᠭ ᠤᠨ ᠠᠳᠠᠯ ᠠᠬᠤᠢ ᠶᠢᠨ ᠺᠣᠮᠫᠠᠨᠢ ᠪᠣᠯᠤᠭᠰᠠᠨ ᠤ ᠬᠤᠪᠢ ᠳᠤ᠂ ᠤᠯᠤᠰ ᠤᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠥᠮᠴᠢᠲᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠠᠮᠵᠢᠯᠴᠠᠵᠤ᠂ ᠲᠦᠬᠦᠮ ᠦᠵᠡᠭᠦᠯᠬᠦ ᠬᠡᠷᠡᠭᠲᠡᠢ᠃ ᠴᠠᠬᠢᠯᠭᠠᠨ ᠬᠠᠩᠭᠠᠬᠤ ᠺᠣᠮᠫᠠᠨᠢ ᠶᠢᠨ ᠱᠠᠭᠠᠷᠳᠠᠯᠭ᠎ᠠ ᠶᠣᠰᠣᠭᠠᠷ᠂ ᠸᠠᠩ ᠣᠪᠣᠭᠲᠤ ᠥᠪᠡᠷ ᠤᠨ ᠲᠡᠷᠭᠡᠨ ᠵᠣᠭᠰᠣᠭᠠᠯ ᠳᠠᠭᠠᠨ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠪᠠᠷ ᠭᠤᠶᠤᠴᠢᠯᠠᠬᠤ ᠳᠤ᠂ ᠤᠷᠤᠨ ᠰᠠᠭᠤᠴᠠ ᠶᠢᠨ ᠲᠣᠭᠤᠷᠢᠭ ᠤᠨ ᠠᠳᠠᠯ ᠠᠬᠤᠢ ᠶᠢᠨ ᠺᠣᠮᠫᠠᠨᠢ ᠠᠴᠠ ᠪᠠᠷᠢᠯᠭ᠎ᠠ ᠪᠠᠷᠢᠬᠤ ᠶᠢ ᠵᠥᠪᠰᠢᠶᠡᠷᠡᠭᠰᠡᠨ ᠬᠤᠯᠪᠣᠭᠳᠠᠯ ᠪᠦᠬᠦᠢ ᠭᠡᠷᠡᠴᠢ ᠭᠠᠷᠭᠠᠵᠤ ᠥᠭᠬᠦ ᠬᠡᠷᠡᠭᠲᠡᠢ᠃       ᠠᠳᠠᠯ ᠠᠬᠤᠢ ᠶᠢᠨ ᠺᠣᠮᠫᠠᠨᠢ᠂ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠳᠤ ᠠᠮᠤᠷ ᠲᠦᠪᠰᠢᠨ ᠤ ᠳᠠᠯᠳᠠ ᠬᠡᠮ ᠤᠷᠤᠰᠢᠬᠤ ᠲᠤᠬᠠᠢ ᠬᠠᠮᠢᠶ᠎ᠠ ᠪᠦᠬᠦᠢ ᠭᠡᠷᠡᠴᠢ ᠪᠠᠷᠢᠮᠲᠠ ᠦᠭᠡᠢ᠃ ᠲᠡᠷᠡᠴᠢᠯᠡᠨ ᠴᠠᠬᠢᠯᠭᠠᠨ ᠬᠡᠷᠡᠭᠯᠡᠯᠲᠡ ᠶᠢᠨ ᠠᠮᠤᠷ ᠲᠦᠪᠰᠢᠨ᠂ ᠭᠠᠯ ᠤᠨᠲᠠᠷᠠᠭᠠᠬᠤ ᠶᠢᠨ ᠠᠮᠤᠷ ᠲᠦᠪᠰᠢᠨ᠂ ᠵᠠᠮ ᠬᠠᠷᠢᠯᠴᠠᠭ᠎ᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠦᠢᠯᠡᠳᠦᠯ ᠴᠢᠳᠠᠪᠤᠷᠢ ᠵᠡᠷᠭᠡ ᠳᠤ ᠨᠥᠯᠥᠭᠡ ᠪᠣᠯᠬᠤ ᠡᠰᠡᠬᠦ ᠶᠢ ᠴᠠᠬᠢᠯᠭᠠᠨ ᠬᠦᠴᠦᠨ ᠤ ᠰᠠᠯᠠᠭ᠎ᠠ ᠮᠥᠴᠢᠷ ᠠᠴᠠ ᠬᠠᠶᠢᠨ ᠰᠢᠯᠭᠠᠵᠤ ᠦᠨᠡᠯᠡᠨ ᠵᠢᠱᠢᠭᠡᠳ ᠬᠠᠮᠤᠭ ᠡᠴᠦᠰ ᠲᠤ ᠲᠣᠭᠲᠠᠭᠠᠯ ᠭᠠᠷᠭᠠᠨ᠎ᠠ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠪᠡᠶᠡᠴᠢ ᠦᠨᠡᠯᠡᠨ ᠵᠢᠱᠢᠯᠲᠡ ᠶᠢᠨ ᠬᠡᠪᠴᠢᠶᠡᠨ ᠳᠤ ᠪᠠᠭᠲᠠᠬᠤ ᠦᠭᠡᠢ᠂ ᠡᠶᠢᠮᠦ ᠠᠴᠠ ᠰᠢᠭᠦᠬᠦ ᠬᠤᠷᠢᠶ᠎ᠠ ᠠᠴᠠ ᠵᠠᠭᠠᠯᠳᠤᠭᠳᠠᠭᠴᠢ ᠶᠢᠨ ᠰᠠᠨᠠᠯ ᠢ ᠬᠦᠯᠢᠶᠡᠨ ᠠᠪᠬᠤ ᠦᠭᠡᠢ᠃ ᠳᠠᠷᠠᠭᠠᠯᠠᠪᠠᠯ᠂ ᠥᠮᠴᠢᠲᠡᠨ ᠤ ᠲᠤᠰᠬᠠᠢ ᠥᠮᠴᠢᠯᠡᠬᠦ ᠬᠡᠰᠡᠭ ᠤᠨ ᠡᠳ᠋ᠯᠡᠬᠦ ᠡᠷᠬᠡ ᠳᠤ ᠰᠠᠭᠤᠷᠢᠯᠠᠨ᠂ ᠬᠠᠮᠲᠤ ᠪᠠᠷ ᠥᠮᠴᠢᠯᠡᠬᠦ ᠬᠡᠰᠡᠭ ᠢ ᠠᠰᠢᠭᠯᠠᠬᠤ ᠳᠤ ᠥᠮᠴᠢᠲᠡᠨ ᠤ ᠲᠤᠰᠬᠠᠢ ᠥᠮᠴᠢᠯᠡᠬᠦ ᠡᠷᠬᠡ ᠪᠠᠨ ᠬᠡᠷᠡᠭᠵᠢᠭᠦᠯᠬᠦ ᠶᠢᠨ ᠵᠦᠢ ᠵᠣᠬᠢᠰᠲᠠᠢ ᠦᠷᠭᠦᠯᠵᠢᠯᠡᠯ ᠪᠠᠶᠢᠬᠤ ᠬᠡᠷᠡᠭᠲᠡᠢ᠂ ᠲᠣᠰ ᠠᠰᠢᠭᠯᠠᠯᠲᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢᠨ ᠲᠣᠭᠲᠠᠭᠠᠯ ᠢ ᠵᠥᠷᠢᠴᠡᠬᠦ ᠦᠭᠡᠢ ᠪᠤᠶᠤ ᠤᠷᠤᠨ ᠰᠠᠭᠤᠴᠠ ᠶᠢᠨ ᠲᠣᠭᠤᠷᠢᠭ ᠤᠨ ᠪᠤᠰᠤᠳ ᠥᠮᠴᠢᠲᠡᠨ ᠤ ᠬᠠᠮᠲᠤ ᠶᠢᠨ ᠠᠰᠢᠭ ᠲᠤᠰᠠ ᠶᠢ ᠨᠥᠯᠥᠭᠡᠯᠡᠬᠦ ᠦᠭᠡᠢ ᠯᠡ ᠶᠤᠮ ᠪᠣᠯ ᠳᠠᠷᠤᠢ ᠵᠦᠢ ᠵᠣᠬᠢᠰᠲᠠᠢ ᠬᠡᠷᠡᠭᠯᠡᠯᠳᠡ ᠪᠠᠷ ᠮᠠᠭᠠᠳᠯᠠᠨ ᠲᠣᠭᠲᠠᠭᠠᠵᠤ ᠪᠣᠯᠣᠨ᠎ᠠ᠃ ᠸᠠᠩ ᠤᠪᠤᠭᠳᠤ ᠬᠡᠷᠡᠭ ᠲᠤ ᠬᠤᠯᠪᠣᠭᠳᠠᠭᠰᠠᠨ ᠤᠷᠤᠨ ᠰᠠᠭᠤᠴᠠ ᠶᠢᠨ ᠲᠣᠭᠤᠷᠢᠭ ᠤᠨ ᠥᠮᠴᠢᠲᠡᠨ ᠪᠣᠯᠤᠭᠰᠠᠨ ᠤ ᠬᠤᠪᠢ ᠳᠤ᠂ ᠥᠪᠡᠷ ᠤᠨ ᠲᠡᠷᠭᠡᠨ ᠵᠣᠭᠰᠣᠭᠠᠯ ᠳᠡᠭᠡᠷ᠎ᠡ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠪᠠᠷ ᠭᠤᠶᠤᠴᠢᠯᠠᠭᠰᠠᠨ ᠨᠢ ᠲᠡᠷᠭᠡᠨ ᠵᠣᠭᠰᠣᠭᠠᠯ ᠤᠨ ᠬᠡᠪ ᠤᠨ ᠬᠡᠷᠡᠭᠯᠡᠭᠡᠨ ᠤ ᠴᠢᠳᠠᠮᠵᠢ ᠳᠤ ᠨᠡᠶᠢᠴᠡᠵᠦ᠂ ᠪᠠᠷᠢᠯᠭ᠎ᠠ ᠶᠢᠨ ᠢᠯᠭᠠᠯ ᠤᠨ ᠥᠮᠴᠢᠯᠡᠯ ᠤᠨ ᠡᠷᠬᠡᠲᠦ ᠬᠥᠮᠥᠨ ᠲᠤᠰᠬᠠᠢ ᠥᠮᠴᠢᠯᠡᠬᠦ ᠬᠡᠰᠡᠭ ᠤᠨ ᠬᠡᠷᠡᠭᠯᠡᠭᠡᠨ ᠤ ᠦᠷᠳᠡᠭ ᠢ ᠳᠡᠭᠡᠭᠰᠢᠯᠡᠭᠦᠯᠬᠦ ᠶᠢᠨ ᠲᠥᠯᠥᠭᠡ ᠬᠠᠮᠲᠤ ᠪᠠᠷ ᠥᠮᠴᠢᠯᠡᠬᠦ ᠬᠡᠰᠡᠭ ᠢ ᠵᠦᠢ ᠵᠣᠬᠢᠰᠲᠠᠢ ᠬᠡᠷᠡᠭᠯᠡᠭᠰᠡᠨ ᠳᠤ ᠬᠠᠷᠢᠶᠠᠯᠠᠭᠳᠠᠬᠤ ᠮᠥᠷᠲᠡᠭᠡᠨ ᠤᠷᠤᠨ ᠰᠠᠭᠤᠴᠠ ᠶᠢᠨ ᠲᠣᠭᠤᠷᠢᠭ ᠤᠨ ᠪᠤᠰᠤᠳ ᠥᠮᠴᠢᠲᠡᠨ ᠤ ᠠᠰᠢᠭ ᠲᠤᠰᠠ ᠶᠢ ᠨᠥᠯᠥᠭᠡᠯᠡᠭᠰᠡᠨ ᠦᠭᠡᠢ ᠤᠴᠢᠷ ᠠᠴᠠ ᠤᠷᠤᠨ ᠰᠠᠭᠤᠴᠠ ᠶᠢᠨ ᠲᠣᠭᠤᠷᠢᠭ ᠤᠨ ᠪᠤᠰᠤᠳ ᠥᠮᠴᠢᠲᠡᠨ ᠤ ᠵᠥᠪᠰᠢᠶᠡᠷᠡᠯ ᠢ ᠣᠯᠬᠤ ᠴᠢᠬᠤᠯᠠ ᠦᠭᠡᠢ᠃      ᠳᠡᠭᠡᠷᠡᠬᠢ ᠶᠢ ᠬᠤᠷᠢᠶᠠᠩᠭᠤᠶᠢᠯᠠᠪᠠᠯ᠂ ᠰᠢᠭᠦᠬᠦ ᠬᠤᠷᠢᠶ᠎ᠠ ᠠᠴᠠ ᠠᠳᠠᠯ ᠠᠬᠤᠢ ᠶᠢᠨ ᠺᠣᠮᠫᠠᠨᠢ ᠶᠢ ᠲᠣᠭᠲᠠᠭᠰᠠᠨ ᠬᠤᠭᠤᠴᠠᠭᠠᠨ ᠤ ᠳᠣᠲᠣᠷ᠎ᠠ ᠸᠠᠩ ᠤᠪᠤᠭᠳᠤ ᠳᠤ ᠭᠡᠷᠡᠴᠢ ᠭᠠᠷᠭᠠᠵᠦ ᠦᠭᠬᠦ ᠶᠢᠨ ᠬᠠᠮᠲᠤ ᠴᠠᠬᠢᠯᠭᠠᠨ ᠴᠡᠨᠡᠭᠯᠡᠬᠦ ᠪᠠᠭᠠᠨ᠎ᠠ ᠶᠢ ᠤᠭᠰᠠᠷᠠᠬᠤ ᠶᠠᠪᠤᠴᠠ ᠳᠤ ᠴᠢᠬᠤᠯᠠ ᠪᠦᠬᠦᠢ ᠬᠠᠪᠰᠤᠷᠤᠯᠭ᠎ᠠ ᠦᠵᠡᠭᠦᠯᠬᠦ ᠬᠡᠷᠡᠭᠳᠡᠢ ᠭᠡᠵᠦ ᠲᠠᠰᠤᠯᠤᠨ ᠰᠢᠢᠳᠭᠡᠵᠡᠢ᠃      ᠰᠢᠭᠦᠭᠴᠢ᠄ ᠠᠳᠠᠯ ᠠᠬᠤᠢ ᠶᠢᠨ ᠺᠣᠮᠫᠠᠨᠢ ᠬᠠᠤᠯᠢ ᠶᠣᠰᠣᠭᠠᠷ ᠨᠡᠶᠢᠭᠡᠮ ᠤᠨ ᠡᠭᠦᠷᠭᠡ ᠶᠢ ᠭᠦᠢᠴᠡᠳᠬᠡᠬᠦ ᠬᠡᠷᠡᠭᠲᠡᠢ      ᠢᠷᠭᠡᠨ ᠤ ᠬᠡᠷᠡᠭ ᠤᠨ ᠪᠡᠶᠡᠴᠢ ᠴᠣᠭᠴᠠ ᠢᠷᠭᠡᠨ ᠤ ᠬᠡᠷᠡᠭ ᠤᠨ ᠠᠵᠢᠯᠯᠠᠭ᠎ᠠ ᠬᠢᠬᠦ ᠳᠡᠭᠡᠨ ᠡᠬᠢ ᠪᠠᠶᠠᠯᠢᠭ ᠢ ᠠᠷᠪᠢᠯᠠᠬᠤ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠳᠤ ᠠᠰᠢᠭᠲᠠᠢ ᠪᠠᠶᠢᠯᠭᠠᠬᠤ ᠬᠡᠷᠡᠭᠲᠡᠢ᠃ ᠠᠳᠠᠯ ᠠᠬᠤᠢ ᠶᠢᠨ ᠺᠣᠮᠫᠠᠨᠢ ᠨᠢ ᠠᠳᠠᠯ ᠠᠬᠤᠢ ᠶᠢᠨ ᠦᠢᠯᠡᠴᠢᠯᠡᠭᠡ ᠬᠠᠩᠭᠠᠬᠤ ᠳᠠᠭᠠᠨ ᠬᠠᠤᠯᠢ ᠶᠣᠰᠣᠭᠠᠷ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠤᠯᠪᠣᠭᠳᠠᠯ ᠪᠦᠬᠦᠢ ᠨᠡᠶᠢᠭᠡᠮ ᠤᠨ ᠡᠭᠦᠷᠭᠡ ᠶᠢ ᠭᠦᠢᠴᠡᠳᠬᠡᠬᠦ ᠬᠡᠷᠡᠭᠲᠡᠢ᠃ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠰᠢᠲᠠᠭᠠᠯᠭ᠎ᠠ ᠶᠢᠨ ᠲᠣᠰᠣᠨ ᠤ ᠡᠨᠧᠷᠭᠢ ᠶᠢ ᠠᠷᠪᠢᠯᠠᠬᠤ᠂ ᠬᠠᠶᠠᠭᠳᠠᠮᠠᠯ ᠬᠡᠢ ᠭᠠᠳᠠᠭᠰᠢᠯᠠᠭᠤᠯᠬᠤ ᠶᠢ ᠪᠠᠭᠠᠰᠬᠠᠬᠤ᠂ ᠣᠷᠴᠢᠨ ᠠᠬᠤᠢ ᠶᠢ ᠬᠠᠮᠠᠭᠠᠯᠠᠬᠤ ᠵᠡᠷᠭᠡ ᠳᠠᠪᠠᠭᠤᠯᠢᠭ ᠲᠠᠯ᠎ᠠ ᠲᠠᠢ ᠪᠠᠶᠢᠵᠤ᠂ ︽ᠪᠣᠬᠢᠷᠲᠤᠯ ᠦᠭᠡᠢ᠂ ᠣᠷᠴᠢᠨ ᠠᠬᠤᠢ ᠶᠢ ᠬᠠᠮᠠᠭᠠᠯᠠᠬᠤ᠂ ᠡᠨᠧᠷᠭᠢ ᠠᠷᠪᠢᠯᠠᠬᠤ︾ ᠣᠶᠢᠯᠠᠭᠠᠭᠳᠠᠬᠤᠨ ᠳᠤ ᠨᠡᠶᠢᠴᠡᠨ᠎ᠡ᠃      ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠭᠡᠮᠡᠯᠵᠢᠬᠦ ᠶᠢ ᠳᠠᠭᠠᠯᠳᠤᠨ᠂ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠵᠢᠭᠤᠷᠠᠯᠳᠤᠭᠠᠨ ᠴᠤ ᠠᠯᠬᠤᠮ ᠠᠯᠬᠤᠮ ᠢᠶᠠᠷ ᠨᠡᠮᠡᠭᠳᠡᠵᠦ ᠪᠠᠶᠢᠨ᠎ᠠ᠂ ᠥᠮᠴᠢᠲᠡᠨ ᠨᠢ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠠᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠦᠨᠳᠦᠰᠦᠨ ᠮᠠᠲ᠋ᠧᠷᠢᠶᠠᠯ ᠢ ᠬᠠᠩᠭᠠᠬᠤ ᠶᠢᠨ ᠬᠠᠮᠲᠤ ᠤᠭᠰᠠᠷᠠᠭᠰᠠᠨ ᠤ ᠳᠠᠷᠠᠭᠠᠬᠢ ᠬᠡᠷᠡᠭᠯᠡᠯᠲᠡ ᠶᠢᠨ ᠠᠮᠤᠷ ᠲᠦᠪᠰᠢᠨ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠠᠳᠠᠯ ᠠᠬᠤᠢ ᠶᠢᠨ ᠺᠣᠮᠫᠠᠨᠢ ᠨᠢ᠂ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠶᠡᠬᠡᠪᠡᠷ ᠳᠡᠮᠵᠢᠬᠦ ᠪᠠ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠳᠠᠭᠠᠵᠤ᠂ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠥᠮᠴᠢᠲᠡᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠪᠤᠶᠤ ᠠᠮᠠᠯᠠᠭᠰᠠᠨ ᠰᠠᠭᠤᠷᠢᠨ ᠳᠡᠭᠡᠷ᠎ᠡ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠬᠠᠮᠵᠢᠯᠴᠠᠬᠤ ᠡᠭᠦᠷᠭᠡ ᠶᠢ ᠭᠦᠢᠴᠡᠳᠬᠡᠬᠦ ᠬᠡᠷᠡᠭᠲᠡᠢ᠃ ᠢᠷᠡᠯᠲᠡ᠄ ᠬᠠᠤᠯᠢ ᠪᠠᠷ ᠵᠠᠰᠠᠬᠤ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1