ᠲᠣᠭᠲᠠᠬᠤ ᠰᠢᠶᠠᠨ ᠤ ᠤᠯᠠᠭᠠᠨᠮᠥ᠋ᠴᠢᠷ ︽ᠪᠠᠶᠠᠷ ᠪᠠᠶᠠᠰᠤᠯ ᠰᠣᠶᠣᠯ ᠪᠣᠯᠪᠠᠰᠤᠨ ᠢ ᠬᠦᠷᠭᠡᠬᠦ︾ ᠵᠢᠴᠢ ︽ᠤᠳᠬ᠎ᠠ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/5
      ᠤᠳᠬ᠎ᠠ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠰᠣᠶᠣᠯ ᠢ ᠬᠠᠮᠲᠤ ᠪᠠᠷ ᠵᠠᠯᠭᠠᠮᠵᠢᠯᠠᠨ᠎ᠠ᠃ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠰᠤᠷᠤᠭᠴᠢᠳ ᠤᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠮᠡᠳᠡᠷᠡᠬᠦ ᠰᠡᠳᠬᠢᠯᠭᠡ ᠪᠠ ᠣᠮᠣᠭᠰᠢᠯᠲᠤ ᠰᠡᠳᠬᠢᠯᠭᠡ ᠶᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 2 ᠤᠨ ᠡᠳᠦᠷ᠂ ᠲᠣᠭᠲᠠᠬᠤ ᠰᠢᠶᠠᠨ ᠤ ᠤᠯᠠᠭᠠᠨᠮᠥ᠋ᠴᠢᠷ ᠲᠣᠭᠲᠠᠬᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ︽ᠪᠠᠶᠠᠷ ᠪᠠᠶᠠᠰᠤᠯ ᠪᠣᠯᠪᠠᠰᠤᠨ ᠢ ᠬᠦᠷᠭᠡᠬᠦ︾ ᠵᠢᠴᠢ ︽ᠤᠳᠬ᠎ᠠ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠭᠠᠨᠮᠥ᠋ᠴᠢᠷ ᠤᠨ ᠭᠡᠰᠢᠭᠦᠳ ᠥᠪᠡᠷ ᠥᠪᠡᠷ ᠤᠨ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠪᠠᠭᠰᠢ ᠰᠤᠷᠤᠭᠴᠢᠳ ᠲᠤ ᠨᠢᠭᠡ ᠤᠳᠠᠭᠠᠨ ᠤ ᠭᠤᠶᠢᠳᠠ ᠰᠠᠶᠢᠬᠠᠨ ᠦᠵᠡᠵᠦ ᠰᠣᠨᠣᠰᠬᠤ ᠦᠪᠡᠳᠡᠭᠰᠢ ᠳᠠᠶᠢᠯᠠᠯᠭ᠎ᠠ ᠶᠢ ᠡᠷᠭᠦᠨ ᠳᠡᠪᠰᠢᠭᠦᠯᠵᠡᠢ᠃ ︽ᠳᠤᠮᠳᠠᠳᠤ ᠤᠯᠤᠰ ᠢ ᠴᠡᠴᠡᠭᠯᠡᠭᠦᠯᠬᠦ︾᠂ ︽ᠥᠨᠢ ᠡᠭᠦᠷᠢᠳᠡ ᠶᠢᠨ ᠤᠯᠠᠭᠠᠨᠮᠥ᠋ᠴᠢᠷ︾ ᠭᠡᠬᠦ ᠳᠠᠭᠤᠤ ᠶᠢ ᠳᠠᠭᠤᠯᠠᠵᠤ᠂ ᠡᠬᠡ ᠤᠯᠤᠰ ᠢᠶᠠᠨ ᠬᠠᠶᠢᠷᠠᠯᠠᠬᠤ ᠪᠠ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠲᠤ ᠰᠠᠬᠢᠬᠤ ᠶᠢ ᠲᠠᠭᠤᠯᠠᠪᠠ︔ ᠱᠠᠨ ᠰᠢ ᠶᠢᠨ ᠵᠦᠴᠦᠭᠡ ︽ᠭᠤᠷᠪᠠᠨ ᠡᠵᠢ ᠬᠡᠦᠬᠡᠳ ᠢᠶᠠᠨ ᠰᠤᠷᠭᠠᠭᠰᠠᠨ ᠨᠢ︾ ᠨᠢ ᠤᠯᠠᠮᠵᠢᠯᠠᠯᠲᠤ ᠰᠣᠶᠣᠯ ᠤᠨ ᠷᠢᠳᠢ ᠰᠢᠳᠢ   ᠶᠢ ᠨᠢᠭᠡᠳ ᠨᠢᠭᠡ ᠪᠠᠷ ᠢᠯᠡᠷᠡᠭᠦᠯᠦᠭᠰᠡᠨ ᠶᠤᠮ᠃᡽ ᠭᠤᠴᠣᠯᠠᠯ ᠬᠥᠭᠵᠢᠮᠳᠡᠭᠦᠷ ︽ᠶᠦᠨ ᠵᠦᠩ ᠲᠦᠷᠭᠡᠨ ᠠᠶᠠᠰ︾ ᠢ ᠭᠤᠴᠣᠯᠠᠯ ᠬᠥᠭᠵᠢᠮᠳᠡᠬᠦ ᠳᠤ᠂ ᠤᠷᠠᠨ ᠰᠠᠶᠢᠬᠠᠨ ᠨᠢ ᠰᠣᠨᠣᠰᠤᠭᠴᠢᠳ ᠢ ᠳᠠᠭᠠᠭᠤᠯᠤᠨ ᠬᠠᠴᠢᠨ ᠭᠠᠶᠢᠬᠠᠮᠰᠢᠭᠲᠠᠢ ᠳᠠᠭᠤᠤ ᠬᠥᠭᠵᠢᠮ ᠤᠨ ᠶᠢᠷᠲᠢᠨᠴᠦ ᠳᠤ ᠠᠯᠬᠤᠨ ᠣᠷᠣᠪᠠ︔ ︽ᠳᠠᠶᠢᠯᠠᠯᠭ᠎ᠠ ᠶᠢᠨ ᠳᠠᠭᠤᠤ︾ ᠨᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠤᠶᠠᠨ ᠬᠠᠳᠠᠨ ᠪᠥᠵᠢᠭ ᠤᠨ ᠳᠦᠷᠢ ᠪᠠᠷ ᠲᠠᠯ᠎ᠠ ᠨᠤᠲᠤᠭ ᠤᠨ ᠥᠪᠡᠷᠮᠢᠴᠡ ᠵᠠᠩ ᠦᠢᠯᠡ ᠶᠢ ᠢᠯᠡᠷᠡᠭᠦᠯᠪᠡ︔ ᠲᠣᠰ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠶᠢᠨ ᠭᠤᠣᠯ ᠰᠡᠳᠦᠪ ᠨᠢ ᠢᠯᠡ ᠲᠣᠳᠣ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠪᠠᠶᠢᠵᠤ᠂ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠᠷ ᠭᠤᠣᠯ ᠰᠢᠵᠢᠮ ᠪᠣᠯᠭᠠᠵᠤ᠂ ᠰᠤᠷᠤᠭᠴᠢᠳ ᠲᠤ ᠤᠷᠠᠯᠢᠭ ᠤᠨ ᠭᠤᠸ᠎ᠠ ᠰᠠᠶᠢᠬᠠᠨ ᠢ ᠬᠠᠨᠲᠠᠯ᠎ᠠ ᠡᠳ᠋ᠯᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠥᠯᠥ ᠮᠡᠳᠡᠭᠴᠢ ᠪᠠᠷ ᠡᠯᠪᠡᠭ ᠪᠠᠶᠠᠯᠢᠭ ᠤᠯᠠᠮᠵᠢᠯᠠᠯᠲᠤ ᠰᠣᠶᠣᠯ ᠤᠨ ᠮᠡᠳᠡᠯᠭᠡ ᠶᠢ ᠤᠯᠠᠮᠵᠢᠯᠠᠭᠰᠠᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠳᠤ ᠤᠯᠠᠭᠠᠨᠮᠥ᠋ᠴᠢᠷ ᠤᠨ ᠭᠡᠰᠢᠭᠦᠳ ᠤᠳᠬ᠎ᠠ ᠤᠷᠠᠯᠢᠭ ᠢᠶᠠᠷ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠭᠡᠷᠡᠯᠲᠦᠭᠦᠯᠵᠦ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠳᠤ ᠬᠦᠴᠦ ᠨᠡᠮᠡᠷᠢᠯᠡᠵᠦ᠂ ᠰᠤᠷᠤᠭᠴᠢᠳ ᠤᠨ ᠰᠣᠶᠣᠯ ᠤᠨ ᠬᠡᠪ ᠪᠣᠯᠪᠠᠰᠤᠷᠠᠯ ᠪᠠ ᠤᠷᠠᠯᠢᠭ ᠤᠨ ᠭᠤᠸ᠎ᠠ ᠲᠠᠭᠠᠰᠢᠶᠠᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠤᠷᠤᠭᠴᠢᠳ ᠤᠨ ᠰᠡᠳᠬᠢᠯ ᠳᠤ ᠭᠦᠨ ᠦᠨᠳᠦᠰᠦᠯᠡᠭᠦᠯᠵᠦ᠂ ᠤᠳᠬ᠎ᠠ ᠤᠷᠠᠯᠢᠭ ᠤᠨ ᠰᠢᠨ᠎ᠡ ᠴᠢᠬᠢ ᠶᠢ ᠪᠣᠶᠢᠵᠢᠭᠤᠯᠬᠤ ᠪᠠ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠳᠤ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1