ᠪᠤᠤ ᠭᠠᠩ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠠᠵᠠ ᠲᠣᠬᠢᠶᠠᠯ ᠤᠨ ᠤᠬᠠᠮᠰᠠᠷ ᠢᠶᠠᠨ ᠴᠢᠩᠭᠠᠳᠬᠠᠵᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/12/5
      12 ᠳ᠋ᠤᠭᠠᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ ᠳᠤ ᠬᠦᠷᠴᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠡ᠃      ᠲᠦᠮᠡᠳ ᠵᠡᠭᠦᠨ ᠬᠤᠰᠢᠭᠤᠨ ᠳᠤ᠂ ᠪᠤᠤ ᠭᠠᠩ ᠴᠡᠯᠡᠭᠡᠷ ᠲᠠᠯ᠎ᠠ ᠶᠢᠨ ᠤᠰᠤᠨ ᠤ ᠦᠢᠯᠡᠳᠪᠦᠷᠢ᠂ ᠬᠠᠷ᠎ᠠ ᠤᠰᠤ ᠤᠯᠤᠰ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ ᠳᠤ ᠤᠷᠢᠳ ᠬᠤᠵᠢᠳ ᠬᠦᠷᠴᠦ᠂ ᠬᠤᠰᠢᠭᠤᠨ ᠤ ᠤᠰᠤᠨ ᠤ ᠦᠢᠯᠡᠳᠪᠦᠷᠢ ᠶᠢᠨ ᠲᠠᠷᠬᠠᠯᠲᠠ᠂ ᠤᠰᠤ ᠤᠮᠳᠠ ᠶᠢᠨ ᠠᠮᠤᠷ ᠲᠦᠪᠰᠢᠨ ᠤ ᠪᠠᠲᠤᠯᠠᠭ᠎ᠠ ᠪᠣᠯᠣᠨ ᠬᠠᠷ᠎ᠠ ᠤᠰᠤ ᠠᠮᠢ ᠠᠬᠤᠢ ᠶᠢᠨ ᠬᠠᠮᠠᠭᠠᠯᠠᠯᠲᠠ ᠵᠠᠰᠠᠯᠲᠠ᠂ ᠬᠠᠷ᠎ᠠ ᠤᠰᠤ ᠭᠤᠷᠪᠠᠳᠤᠭᠠᠷ ᠬᠤᠭᠤᠴᠠᠭᠠᠨ ᠤ ᠡᠪᠦᠯ ᠤᠨ ᠠᠩᠨᠠᠯᠲᠠ ᠶᠢᠨ ᠪᠠᠶᠠᠷ ᠤᠨ ᠪᠡᠯᠡᠳᠬᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ︔ ᠲᠣᠭᠲᠠᠬᠤ ᠰᠢᠶᠠᠨ ᠳᠤ᠂ ᠪᠤᠤ ᠭᠠᠩ ᠬᠤᠸᠠ ᠷᠦᠨ ᠱᠤᠸᠠᠩ ᠾᠧ ᠨᠡᠶᠢᠯᠡᠮᠡᠯ ᠠᠮᠢᠳᠤ ᠪᠣᠳᠠᠰ ᠤᠨ ᠦᠷ᠎ᠡ ᠪᠦᠲᠦᠭᠡᠯ ᠢ ᠣᠨᠳᠣᠣᠰᠢᠭᠤᠯᠬᠤ ᠲᠤᠷᠰᠢᠯᠲᠠ ᠶᠢᠨ ᠰᠠᠭᠤᠷᠢᠨ ᠭᠠᠵᠠᠷ᠂ ᠳ᠋ᠠ ᠲᠠᠩ ᠤᠷᠳᠤ ᠬᠤᠭᠤᠴᠠᠭ᠎ᠠ ᠪᠠᠷ ᠢᠯᠴᠢ ᠬᠠᠩᠭᠠᠬᠤ ᠲᠦᠷᠦᠯ ᠵᠦᠢᠯ ᠵᠢᠴᠢ ᠲᠣᠭᠲᠠᠬᠤ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠤᠷᠳᠤ ᠬᠤᠭᠤᠴᠠᠭ᠎ᠠ ᠪᠠᠷ ᠳᠠᠮᠵᠢᠭᠤᠯᠬᠤ ᠳᠠᠬᠢᠯᠲᠠ ᠤᠰᠤᠨ ᠤ ᠬᠤᠭᠤᠯᠠᠢ ᠱᠤᠭᠤᠮ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠪᠡ᠃      ᠬᠤᠶᠠᠷ ᠭᠠᠵᠠᠷ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠵᠢᠴᠢ ᠬᠤᠳᠠ ᠶᠢᠨ ᠲᠡᠰ ᠤᠨ ᠰᠢᠢᠳᠪᠦᠷᠢᠯᠡᠬᠦ ᠴᠢᠬᠤᠯᠠᠲᠠᠢ ᠵᠦᠢᠯᠡᠰ ᠢ ᠲᠤᠰ ᠲᠤᠰ ᠰᠣᠨᠣᠰᠤᠭᠰᠠᠨ ᠤ ᠲᠠᠷᠠᠭ᠎ᠠ᠂ ᠪᠤᠤ ᠭᠠᠩ᠂ ᠤᠳᠤ ᠠᠴᠠ ᠵᠢᠯ ᠤᠨ ᠡᠴᠦᠰ ᠪᠣᠯᠲᠠᠯ᠎ᠠ ᠪᠠᠰᠠ 20 ᠭᠠᠷᠤᠢ ᠡᠳᠦᠷ ᠪᠠᠶᠢᠨ᠎ᠠ᠂ ᠬᠦᠴᠦ ᠪᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠥᠨᠳᠥᠷ ᠵᠣᠭᠰᠣᠴᠠ᠂ ᠶᠡᠭᠡ ᠪᠠᠶᠢᠷᠢᠰᠢᠯ ᠢᠶᠠᠷ ᠭᠠᠵᠠᠷ ᠣᠷᠣᠨ ᠤ ᠬᠥᠭᠵᠢᠯᠲᠡ ᠶᠢ ᠲᠥᠯᠥᠪᠵᠢᠭᠦᠯᠵᠦ᠂ ᠠᠵᠤ ᠦᠢᠯᠡᠰ ᠢ ᠶᠡᠬᠡᠪᠡᠷ ᠠᠳᠬᠤᠬᠤ᠂ ᠬᠦᠷᠢᠶᠡᠯᠡᠩ ᠲᠣᠭᠤᠷᠢᠭ ᠢ ᠶᠡᠬᠡᠪᠡᠷ ᠠᠳᠬᠤᠬᠤ᠂ ᠲᠦᠷᠦᠯ ᠵᠦᠢᠯ ᠢ ᠶᠡᠬᠡᠪᠡᠷ ᠠᠳᠬᠤᠬᠤ ᠲᠣᠭᠲᠠᠯ ᠬᠦᠴᠦᠨ ᠢ ᠪᠠᠲᠤᠯᠠᠬᠤ ᠬᠡᠷᠡᠭᠲᠡᠢ᠃ ᠲᠦᠮᠡᠳ ᠵᠡᠭᠦᠨ ᠬᠤᠰᠢᠭᠤᠨ ᠤ ᠬᠢᠨ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠲᠦᠷᠦᠭᠦᠯᠡᠭᠦᠯᠦᠭᠰᠡᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠢ ᠪᠤᠵᠠᠭᠠᠶᠢᠷᠠᠭᠤᠯᠤᠨ ᠳᠡᠭᠡᠭᠰᠢᠯᠡᠭᠦᠯᠵᠦ᠂ ᠤᠯᠤᠰ ᠤᠨ ᠲᠡᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠪᠠᠷ ᠢᠳᠡᠪᠬᠢᠲᠡᠢ ᠭᠤᠶᠤᠴᠢᠯᠠᠬᠤ ᠬᠡᠷᠡᠭᠲᠡᠢ︔ ᠣᠷᠣᠨ ᠪᠠᠶᠢᠷᠢ ᠪᠣᠯᠣᠨ ᠵᠠᠮ ᠬᠠᠷᠢᠯᠴᠠᠭᠠᠨ ᠤ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠳᠪᠦᠷᠢ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠲᠥᠯᠥᠪᠵᠢᠭᠦᠯᠦᠨ ᠪᠠᠶᠢᠷᠢᠰᠢᠭᠤᠯᠵᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ︔ ᠬᠤᠷᠢᠨᠭᠡᠷ ᠰᠢᠨ᠎ᠡ ᠲᠣᠭᠤᠷᠢᠭ ᠲᠠᠢ ᠬᠠᠮᠵᠢᠯᠴᠠᠨ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠠᠵᠤ ᠦᠢᠯᠡᠰ ᠢ ᠬᠥᠭᠵᠢᠭᠦᠯᠵᠦ᠂ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠢ ᠢᠳᠡᠪᠬᠢᠲᠡᠢ ᠪᠣᠶᠢᠵᠢᠭᠤᠯᠬᠤ ᠬᠡᠷᠡᠭᠲᠡᠢ᠃ ᠲᠣᠭᠲᠠᠬᠤ ᠰᠢᠶᠠᠨ ᠠᠵᠠ ᠲᠣᠬᠢᠶᠠᠯ ᠤᠨ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠭᠤᠷᠪᠠᠨ ᠶᠡᠭᠡ ᠭᠤᠣᠯᠯᠠᠭᠴᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠳᠠᠭᠠᠭᠤᠯᠤᠭᠴᠢ ᠠᠵᠤ ᠠᠬᠤᠶᠢᠯᠠᠯ ᠢᠶᠠᠷ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠮᠠᠶ᠋ᠢᠭ ᠤᠨ ᠬᠥᠭᠵᠢᠯᠲᠡ ᠶᠢ ᠳᠠᠶᠢᠴᠢᠯᠠᠵᠤ᠂ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ ᠲᠦᠷᠭᠡᠨ ᠪᠠᠶᠢᠭᠤᠯᠵᠤ᠂ ᠲᠣᠭᠲᠠᠬᠤ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠠᠬᠢᠭᠤᠯᠬᠤ ᠬᠡᠷᠡᠭᠲᠡᠢ᠃ ᠬᠤᠶᠠᠷ ᠭᠠᠵᠠᠷ ᠣᠷᠣᠨ ᠤ ᠬᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠤᠳᠠᠯᠳᠤᠭᠠᠴᠢᠨ ᠤᠷᠢᠬᠤ ᠶᠢ ᠮᠡᠳᠡᠳᠡᠭ᠂ ᠬᠤᠳᠠᠯᠳᠤᠭᠠᠴᠢᠨ ᠤᠷᠢᠵᠤ ᠴᠢᠳᠠᠳᠠᠭ ᠺᠠᠳ᠋ᠷᠴᠤᠳ ᠢ ᠬᠡᠷᠡᠭᠯᠡᠨ᠂ ᠬᠠᠨᠳᠤᠯᠭᠠᠲᠤ ᠴᠢᠨᠠᠷᠲᠠᠢ ᠪᠠᠷ ᠶᠡᠭᠡ᠂ ᠬᠦᠴᠦᠷᠬᠡᠭ ᠢ ᠲᠠᠲᠠᠵᠤ᠂ ᠰᠢᠨ᠎ᠡ ᠶᠢ ᠡᠯᠰᠡᠵᠦ ᠰᠢᠯᠢᠳᠡᠭ ᠢ ᠲᠠᠲᠠᠵᠤ᠂ ᠬᠤᠳᠠᠯᠳᠤᠭᠠᠴᠢᠨ ᠤᠷᠢᠬᠤ ᠪᠣᠳᠠᠲᠤ ᠦᠷ᠎ᠡ ᠪᠦᠲᠦᠮᠵᠢ ᠪᠠᠷ ᠠᠵᠢᠯ ᠤᠨ ᠦᠷ᠎ᠡ ᠪᠦᠲᠦᠮᠵᠢ ᠶᠢ ᠦᠨᠡᠯᠡᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠵᠠᠮ ᠲᠣᠣᠷ᠂ ᠬᠤᠭᠤᠯᠠᠢ ᠲᠣᠣᠷ ᠵᠡᠷᠭᠡ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠪᠠ ᠲᠠᠲᠠᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠠᠵᠤ ᠦᠢᠯᠡᠰ ᠤᠨ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠠᠵᠢᠯ ᠢ ᠰᠠᠶᠢᠲᠤᠷ ᠬᠢᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠤᠳᠠ ᠪᠠᠯᠭᠠᠰᠤᠵᠢᠯᠲᠠ ᠶᠢᠨ ᠬᠥᠭᠵᠢᠯᠲᠡ ᠳᠤ ᠵᠣᠬᠢᠴᠠᠬᠤ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠰᠦᠪᠡᠭᠴᠢᠯᠡᠬᠦ ᠬᠡᠷᠡᠭᠲᠡᠢ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠶᠠᠮᠠᠷᠪᠠ ᠦᠶ᠎ᠡ ᠳᠤ ᠴᠦ ᠭᠡᠳ ᠣᠷᠴᠢᠨ ᠲᠣᠭᠤᠷᠢᠨ ᠢ ᠦᠷᠡᠭᠳᠡᠭᠦᠯᠵᠦ ᠪᠠᠶᠢᠭᠠᠳ ᠠᠵᠤ ᠠᠬᠤᠢ ᠶᠢᠨ ᠨᠡᠮᠡᠭᠳᠡᠯ ᠢ ᠰᠣᠯᠢᠵᠤ ᠪᠣᠯᠬᠤ ᠦᠭᠡᠢ᠃ ᠪᠦᠬᠦ ᠬᠤᠳᠠ ᠶᠢᠨ ︽ᠨᠢᠭᠡ ᠬᠤᠩᠭᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠤᠭᠠᠴᠠᠯ ᠤᠨ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠵᠤ᠂ ᠪᠠᠶᠢᠭᠠᠯᠢ ᠶᠢᠨ ᠡᠬᠢ ᠪᠠᠶᠠᠯᠢᠭ᠂ ᠰᠣᠶᠣᠯ ᠤᠨ ᠡᠬᠢ ᠪᠠᠶᠠᠯᠢᠭ᠂ ᠬᠤᠪᠢᠰᠬᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠨᠡᠭᠡᠭᠡᠨ ᠠᠰᠢᠭᠯᠠᠵᠤ᠂ ᠬᠠᠶᠢᠯᠠᠰᠤᠨ ᠪᠤᠯᠠᠭ ᠵᠡᠷᠭᠡ ᠪᠠᠭᠤᠷᠢ ᠶᠢ ᠬᠠᠮᠠᠭᠠᠯᠠᠨ ᠠᠰᠢᠭᠯᠠᠬᠤ ᠶᠢ ᠰᠠᠶᠢᠲᠤᠷ ᠬᠢᠵᠦ᠂ ᠮᠥᠰᠥ ᠴᠠᠰᠤᠨ ᠤ ᠰᠣᠶᠣᠯ ᠵᠤᠭᠠᠴᠠᠯ ᠤᠨ ᠵᠤᠭᠠᠴᠠᠯ ᠤᠨ ᠲᠦᠷᠦᠯ ᠲᠡᠮᠳᠡᠭ ᠢ ᠰᠠᠶᠢᠲᠤᠷ ᠡᠭᠦᠳᠴᠦ᠂ ᠰᠣᠶᠣᠯ ᠵᠤᠭᠠᠴᠠᠯ ᠤᠨ ᠠᠭᠤᠰᠤᠯᠴᠠᠨ ᠴᠢᠨᠠᠷ ᠰᠠᠶᠢᠲᠠᠢ ᠬᠥᠭᠵᠢᠬᠦ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠯᠢᠦ ᠵᠢᠢ ᠶᠢᠩ᠂ ᠼᠤᠤ ᡁᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1