2025 ᠣᠨ ᠤ ᠴᠡᠷᠢᠭ ᠡᠯᠰᠡᠬᠦ ᠨᠡᠷ᠎ᠡ ᠮᠡᠳᠡᠭᠦᠯᠬᠦ ᠠᠵᠢᠯ 2024 ᠣᠨ ᠤ 12 ᠳ᠋ᠤᠭᠠᠷ ᠰᠠᠷ᠎ᠠ ᠶᠢᠨ 1 ᠤ | ᠡᠳᠦᠷ ᠠᠴᠠ ᠵᠢᠩᠬᠢᠨᠢ ᠪᠠᠷ ᠡᠬᠢᠯᠡᠪᠡ᠃ ᠴᠡᠷᠢᠭ ᠲᠤ ᠶᠠᠪᠤᠬᠤ ᠡᠰᠡᠬᠦ ᠶᠢ ᠬᠠᠮᠢᠶᠠᠷᠬᠤ ᠦᠭᠡᠢ᠂ ᠪᠦᠬᠦᠯᠢ ᠠᠷᠪᠠᠨ | ᠨᠠᠢᠮᠠᠨ ᠨᠠᠰᠤᠨ ᠳᠤ ᠬᠦᠷᠦᠭᠰᠡᠨ ᠡᠷᠡᠭᠲᠡᠢ ᠠᠷᠠᠳ ᠢᠷᠭᠡᠨ ᠴᠥᠮ ᠴᠡᠷᠢᠭ ᠤᠨ ᠠᠯᠪᠠᠨ ᠳᠤ ᠲᠠᠩᠰᠠᠯᠠᠭᠤᠯᠬᠤ | ᠬᠡᠷᠡᠭᠳᠡᠢ᠃ | ᠮᠠᠨ ᠤ ᠤᠯᠤᠰ ᠤᠨ ︽ᠴᠡᠷᠢᠭ ᠤᠨ ᠠᠯᠪᠠᠨ ᠤ ᠬᠠᠤᠯᠢ︾ ᠳᠤ᠄ ︽ᠤᠯᠤᠰ ᠠᠴᠠ ᠴᠡᠷᠢᠭ ᠤᠨ ᠠᠯᠪᠠᠨ ᠳᠤ | ᠳᠠᠩᠰᠠᠯᠠᠭᠤᠯᠬᠤ ᠳᠦᠷᠢᠮ ᠢ ᠬᠡᠷᠡᠭᠵᠢᠭᠦᠯᠦᠨ᠎ᠡ᠂ ᠲᠤᠬᠠᠢ ᠶᠢᠨ ᠵᠢᠯ ᠤᠨ 12 ᠳ᠋ᠤᠭᠠᠷ ᠰᠠᠷ᠎ᠠ ᠶᠢᠨ 31 ᠤ | ᠡᠳᠦᠷ ᠠᠴᠠ ᠡᠮᠦᠨ᠎ᠡ ᠪᠦᠬᠦᠯᠢ ᠠᠷᠪᠠᠨ ᠨᠠᠢᠮᠠᠨ ᠨᠠᠰᠤ ᠬᠦᠷᠦᠭᠰᠡᠨ ᠡᠷᠡᠭᠲᠡᠢ ᠠᠷᠠᠳ ᠢᠷᠭᠡᠨ ᠴᠥᠮ ᠴᠡᠷᠢᠭ ᠤᠨ | ᠠᠯᠪᠠᠨ ᠤ ᠪᠠᠶᠢᠭᠤᠯᠭ᠎ᠠ ᠶᠢᠨ ᠲᠣᠬᠢᠷᠠᠭᠤᠯᠤᠯᠲᠠ ᠶᠢᠨ ᠶᠣᠰᠣᠭᠠᠷ᠂ ᠲᠤᠬᠠᠢ ᠶᠢᠨ ᠵᠢᠯ ᠳᠤ ᠠᠩᠬᠠᠨ ᠤ ᠴᠡᠷᠢᠭ ᠤᠨ | ᠠᠯᠪᠠᠨ ᠳᠤ ᠳᠠᠩᠰᠠᠯᠠᠭᠤᠯᠬᠤ ᠬᠡᠷᠡᠭᠲᠡᠢ︾ ᠭᠡᠵᠦ ᠲᠣᠭᠲᠠᠭᠠᠵᠠᠢ᠃ | ︽ᠴᠡᠷᠢᠭ ᠤᠨ ᠠᠯᠪᠠᠨ ᠤ ᠬᠠᠤᠯᠢ︾ ᠶᠢᠨ ᠲᠣᠭᠲᠠᠭᠠᠯ ᠢ ᠦᠨᠳᠦᠰᠦᠯᠡᠨ᠂ ᠣᠲᠣ ᠲᠣᠭᠲᠠᠬᠤ ᠰᠢᠶᠠᠨ ᠤ | 2025 ᠣᠨ ᠤ ᠴᠡᠷᠢᠭ ᠤᠨ ᠠᠯᠪᠠᠨ ᠤ ᠳᠠᠩᠰᠠᠯᠠᠯᠲᠠ ᠶᠢᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ | ᠵᠠᠷᠯᠠᠶ᠎ᠠ᠄ | ᠨᠢᠭᠡ᠂ ᠲᠠᠩᠰᠠᠯᠠᠭᠤᠯᠬᠤ ᠴᠠᠭ | ᠰᠦᠯᠵᠢᠶᠡᠨ ᠲᠡᠭᠡᠷ᠎ᠡ ᠲᠠᠩᠰᠠᠯᠠᠭᠤᠯᠬᠤ ᠴᠠᠭ ᠢ 2024 ᠣᠨ ᠤ 12 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ᠂ 2025 ᠣᠨ ᠤ 1 ᠳ᠋ᠤᠭᠡᠷ ᠰᠠᠷ᠎ᠠ ᠶᠢᠨ 31 ᠤ ᠡᠳᠦᠷ ᠠᠴᠠ ᠡᠮᠦᠨ᠎ᠡ ᠳᠠᠭᠤᠰᠬᠠᠨ᠎ᠠ᠃ | 2025 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠡᠷᠦᠬᠡ ᠠᠮᠠ ᠶᠢᠨ ᠲᠠᠩᠰᠠ ᠪᠠᠶᠢᠭ᠎ᠠ | ᠭᠠᠵᠠᠷ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ ᠲᠤᠬᠠᠢ ᠶᠢᠨ ᠲᠠᠯᠠᠪᠤᠷ ᠤᠨ ᠨᠤᠲᠠᠯᠠᠯᠲᠠ | ᠬᠢᠬᠦ ᠶᠢᠨ ᠬᠠᠮᠲᠤ ︽ᠴᠡᠷᠢᠭ ᠤᠨ ᠠᠯᠪᠠᠨ ᠤ ᠳᠠᠩᠰᠠᠯᠠᠯᠲᠠ ᠶᠢᠨ ᠦᠨᠡᠮᠯᠡᠯ︾ ᠠᠪᠤᠨ᠎ᠠ᠃ | ᠬᠤᠶᠠᠷ᠂ ᠲᠠᠩᠰᠠᠯᠠᠭᠤᠯᠬᠤ ᠡᠲᠡᠭᠡᠳ | ᠲᠣᠭᠲᠠᠬᠤ ᠰᠢᠶᠠᠨ ᠤ ᠡᠷᠦᠬᠡ ᠠᠮᠠ ᠶᠢᠨ ᠬᠠᠷᠢᠶ᠎ᠠ ᠳᠤ ᠬᠠᠷᠢᠶᠠᠯᠠᠭᠳᠠᠬᠤ 2025 ᠣᠨ ᠤ 12 ᠳ᠋ᠤᠭᠠᠷ | ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠯᠢ 18 ᠨᠠᠰᠤ ᠬᠦᠷᠦᠭᠰᠡᠨ ᠡᠷᠡᠭᠲᠡᠢ ᠠᠷᠠᠳ ᠢᠷᠭᠡᠨ ᠪᠦᠬᠦᠨ ︵ | 2007 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2007 ᠣᠨ ᠤ 12 ᠳ᠋ᠤᠭᠠᠷ ᠰᠠᠷ᠎ᠠ ᠶᠢᠨ 31 ᠤ | ᠡᠳᠦᠷ ᠤᠨ ᠬᠤᠭᠤᠷᠣᠨᠳᠤ ᠲᠥᠷᠥᠭᠰᠡᠨ︶ ᠡᠷᠬᠡᠪᠰᠢ ᠲᠣᠰ ᠤᠳᠠᠭᠠᠨ ᠤ ᠴᠡᠷᠢᠭ ᠤᠨ ᠠᠯᠪᠠᠨ ᠤ ᠳᠠᠩᠰᠠᠯᠠᠯᠲᠠ ᠳᠤ | ᠣᠷᠣᠯᠴᠠᠬᠤ ᠬᠡᠷᠡᠭᠲᠡᠢ᠃ 18 ︱ 24 ᠪᠦᠬᠦᠯᠢ ᠨᠠᠰᠤᠨ ᠤ ᠡᠷᠡᠭᠲᠡᠢ ᠵᠠᠯᠠᠭᠤᠴᠤᠳ ᠴᠡᠷᠢᠭ ᠤᠨ ᠠᠯᠪᠠᠨ ᠳᠤ | ᠪᠦᠷᠢᠳᠬᠡᠭᠦᠯᠦᠭᠰᠡᠨ ᠦᠭᠡᠢ ᠪᠣᠯ ᠨᠥᠬᠦᠨ ᠪᠦᠷᠢᠳᠬᠡᠭᠦᠯᠬᠦ ᠬᠡᠷᠡᠭᠲᠡᠢ᠂ 2025 ᠣᠨ ᠤ 12 ᠳ᠋ᠤᠭᠠᠷ ᠰᠠᠷ᠎ᠠ ᠶᠢᠨ | 31 ᠤ ᠡᠳᠦᠷ ᠠᠴᠠ ᠡᠮᠦᠨ᠎ᠡ ᠪᠦᠬᠦᠯᠢ 17 ᠨᠠᠰᠤ ᠬᠦᠷᠴᠦ ᠪᠦᠬᠦᠯᠢ 18 ᠨᠠᠰᠤ ᠬᠦᠷᠦᠭᠡᠳᠦᠢ ᠡᠷᠡᠭᠲᠡᠢ ᠠᠷᠠᠳ | ᠢᠷᠭᠡᠨ ᠪᠠᠰᠠ ᠴᠡᠷᠢᠭ ᠤᠨ ᠠᠯᠪᠠᠨ ᠳᠤ ᠪᠦᠷᠢᠳᠬᠡᠭᠦᠯᠬᠦ ᠳᠤ ᠣᠷᠣᠯᠴᠠᠵᠤ ᠪᠣᠯᠣᠨ᠎ᠠ᠃ | ᠭᠤᠷᠪᠠ᠂ ᠲᠠᠩᠰᠠᠯᠠᠭᠤᠯᠬᠤ ᠴᠤᠪᠤᠷᠠᠯ | 1. ᠮᠡᠳᠡᠭᠡ ᠵᠠᠩᠭᠢ ᠲᠠᠩᠰᠠᠯᠠᠭᠤᠯᠬᠤ᠃ ︽ᠪᠥᠬᠦ ᠤᠯᠤᠰ ᠤᠨ ᠴᠡᠷᠢᠭ ᠡᠯᠰᠡᠬᠦ ᠰᠦᠯᠵᠢᠶ᠎ᠡ︾ ᠪᠤᠶᠤ | ᠲᠤᠤᠷᠠᠬᠢ ᠬᠤᠶᠠᠷ ᠬᠡᠮᠵᠢᠯᠲᠦ ᠺᠣᠳ᠋ ᠢ ᠰᠢᠷᠪᠢᠵᠦ ᠪᠥᠬᠦ ᠤᠯᠤᠰ ᠤᠨ ᠴᠡᠷᠢᠭ ᠡᠯᠰᠡᠬᠦ ᠰᠦᠯᠵᠢᠶ᠎ᠡ ᠳᠤ ᠤᠷᠤᠵᠦ᠂ ︽ | ᠠᠩᠬᠠᠨ ᠤ ᠴᠡᠷᠢᠭ ᠤᠨ ᠠᠯᠪᠠᠨ ᠤ ᠳᠠᠩᠰᠠᠯᠠᠯᠲᠠ︾ ᠶᠢᠨ ᠰᠣᠩᠭᠤᠯᠲᠠ ᠶᠢ ᠲᠣᠪᠴᠢᠳᠠᠨ᠂ ᠦᠨᠡᠨ ᠨᠡᠷ᠎ᠡ ᠪᠠᠷ ᠢᠶᠠᠨ | ᠳᠠᠩᠰᠠᠯᠠᠭᠤᠯᠬᠤ ᠶᠢᠨ ᠬᠠᠮᠲᠤ ᠬᠤᠪᠢ ᠬᠥᠮᠥᠨ ᠤ ᠦᠨᠳᠦᠰᠦᠨ ᠮᠡᠳᠡᠭᠡ ᠵᠠᠩᠭᠢ ᠪᠠᠨ ᠦᠨᠡᠨ ᠪᠣᠳᠠᠲᠠᠢ᠂ ᠪᠦᠷᠢᠨ | ᠪᠦᠲᠦᠨ ᠲᠠᠭᠯᠠᠨ᠎ᠠ᠃ | 2. ᠬᠦᠰᠦᠨᠦᠭᠲᠦ ᠶᠢ ᠳᠠᠷᠤᠮᠠᠯᠯᠠᠬᠤ᠃ ᠮᠡᠳᠡᠭᠡ ᠵᠠᠩᠭᠢ ᠶᠢ ᠪᠦᠷᠢᠨ ᠲᠠᠭᠯᠠᠭᠰᠠᠨ ᠤ ᠳᠠᠷᠠᠭ᠎ᠠ᠂ ︽ᠡᠷᠡᠭᠲᠡᠢ | ᠠᠷᠠᠳ ᠢᠷᠭᠡᠨ ᠤ ᠴᠡᠷᠢᠭ ᠤᠨ ᠠᠯᠪᠠᠨ ᠤ ᠪᠦᠷᠢᠳᠬᠡᠯ ᠤᠨ ᠬᠦᠰᠦᠨᠦᠭᠲᠦ︾ ᠶᠢ ᠳᠠᠷᠤᠮᠠᠯᠯᠠᠨ᠎ᠠ᠃ | 3. ᠲᠤᠬᠠᠢ ᠶᠢᠨ ᠭᠠᠵᠠᠷ ᠲᠤᠨᠢ ᠨᠤᠲᠠᠯᠠᠬᠤ᠃ ᠵᠠᠯᠠᠭᠤᠴᠤᠳ ᠥᠪᠡᠷ ᠢᠶᠠᠨ ᠳᠠᠷᠤᠮᠠᠯᠯᠠᠭᠰᠠᠨ ︽ᠡᠷᠡᠭᠲᠡᠢ | ᠠᠷᠠᠳ ᠢᠷᠭᠡᠨ ᠤ ᠴᠡᠷᠢᠭ ᠤᠨ ᠠᠯᠪᠠᠨ ᠤ ᠳᠠᠩᠰᠠᠯᠠᠯᠲᠠ ᠶᠢᠨ ᠬᠦᠰᠦᠨᠦᠭᠲᠦ︾ ᠪᠠᠨ ᠠᠪᠴᠤ᠂ ᠪᠡᠶ᠎ᠡ ᠶᠢᠨ ᠦᠨᠡᠮᠯᠡᠯ | ︵ᠡᠷᠦᠬᠡ ᠠᠮᠠ ᠶᠢᠨ ᠳᠡᠪᠲᠡᠷ︶᠂ ᠰᠤᠷᠭᠠᠭᠤᠯᠢ ᠲᠡᠭᠦᠰᠦᠭᠰᠡᠨ ᠦᠨᠡᠮᠯᠡᠯ ︵ᠰᠤᠷᠤᠯᠭ᠎ᠠ ᠶᠢᠨ ᠨᠠᠮᠲᠠᠷ ᠤᠨ ᠦᠨᠡᠮᠯᠡᠯ︶ | ᠂ 2 ᠬᠤᠪᠢ 1 ᠢᠮᠠᠬᠤ ᠶᠢᠨ ᠮᠠᠯᠠᠭᠠᠢ ᠦᠭᠡᠢ ᠤᠯᠠᠭᠠᠨ ᠳᠡᠪᠢᠰᠬᠡᠷᠲᠦ ᠦᠨᠡᠮᠯᠡᠯ ᠢᠶᠠᠨ ᠠᠪᠴᠤ ᠲᠣᠰ ᠬᠥᠮᠥᠨ ᠤ | ᠡᠷᠦᠬᠡ ᠠᠮᠠ ᠶᠢᠨ ᠪᠠᠶᠢᠭ᠎ᠠ ᠰᠢᠶᠠᠩ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ | ᠲᠤᠬᠠᠢ ᠶᠢᠨ ᠲᠠᠯᠠᠪᠤᠷ ᠲᠤ ᠬᠦᠷᠴᠦ ᠨᠤᠲᠠᠯᠠᠭᠤᠯᠤᠨ᠎ᠠ᠃ ᠲᠤᠰ ᠬᠥᠮᠥᠨ ᠨᠢ ᠣᠨᠴᠠᠭᠠᠶ ᠰᠢᠯᠲᠠᠭᠠᠨ ᠠᠴᠠ ᠪᠣᠯᠵᠤ | ᠪᠡᠶ᠎ᠡ ᠪᠠᠷ ᠢᠶᠠᠨ ᠣᠴᠢᠵᠤ ᠳᠡᠶᠢᠯᠬᠦ ᠤᠶᠢᠭᠡᠢ ᠪᠣᠯ ᠲᠤᠶᠢᠷᠦᠯ ᠰᠡᠳᠦᠠ ᠪᠤᠶᠤ ᠪᠠᠶᠢᠭ᠎ᠠ ᠨᠢᠭᠡᠴᠢ ᠳᠤᠨᠢ ᠪᠢᠴᠢᠭ ᠢᠶᠠᠷ | ᠨᠠᠶᠢᠳᠠᠵᠤ ᠣᠷᠣᠯᠠᠨ ᠭᠠᠷᠳᠠᠭᠤᠯᠤᠨ ᠨᠤᠲᠠᠯᠠᠭᠤᠯᠵᠤ ᠪᠣᠯᠣᠨ᠎ᠠ᠃ | 4. ᠠᠩᠬᠠᠨ ᠤ ᠪᠠᠶᠢᠴᠠᠭᠠᠯᠲᠠ ᠬᠢᠵᠦ ᠠᠩᠬᠠᠨ ᠤ ᠬᠢᠨᠠᠯᠲᠠ ᠬᠢᠬᠦ᠃ ᠡᠯ᠎ᠡ ᠰᠢᠶᠠᠩ ᠪᠠᠯᠭᠠᠰᠤᠨ ᠤ | ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠨ ᠴᠡᠷᠢᠭ ᠤᠨ ᠠᠯᠪᠠᠨ ᠳᠤ ᠳᠠᠩᠰᠠᠯᠠᠭᠤᠯᠤᠭᠰᠠᠨ ᠵᠣᠬᠢᠬᠤ | ᠨᠠᠰᠤᠨ ᠤ ᠡᠷᠡᠭᠲᠡᠢ ᠠᠷᠠᠳ ᠢᠷᠭᠡᠨ ᠳᠤ ᠠᠩᠬᠠᠨ ᠤ ᠪᠠᠶᠢᠴᠠᠭᠠᠯᠲᠠ ᠠᠩᠬᠠᠨ ᠤ ᠬᠢᠨᠠᠯᠲᠠ ᠬᠢᠬᠦ ᠶᠢᠨ ᠬᠠᠮᠲᠤ | ᠴᠡᠷᠢᠭ ᠲᠤ ᠡᠯᠰᠡᠬᠦ᠂ ᠬᠤᠶᠢᠰᠢᠯᠠᠭᠤᠯᠤᠨ ᠡᠯᠰᠡᠬᠦ᠂ ᠭᠠᠶᠢᠯᠢ ᠠᠴᠠ ᠬᠡᠯᠲᠦᠷᠢᠭᠦᠯᠬᠦ ᠪᠠ ᠴᠡᠷᠢᠭ ᠲᠤ ᠡᠯᠰᠡᠵᠦ ᠪᠣᠯᠬᠤ | ᠦᠭᠡᠢ ᠭᠡᠬᠦ ᠮᠡᠲᠦ ᠶᠢᠨ ᠳ᠋ᠦᠩᠨᠡᠯᠲᠡ ᠶᠢ ᠬᠠᠤᠯᠢ ᠶᠣᠰᠣᠭᠠᠷ ᠭᠠᠷᠭᠠᠵᠤ᠂ ︽ᠴᠡᠷᠢᠭ ᠤᠨ ᠠᠯᠪᠠᠨ ᠳᠤ | ᠳᠠᠩᠰᠠᠯᠠᠭᠤᠯᠤᠭᠰᠠᠨ ᠦᠨᠡᠮᠯᠡᠯ︾ ᠢ ᠲᠠᠭᠯᠠᠵᠤ᠂ ᠰᠢᠶᠠᠨ ᠤ ᠴᠡᠷᠢᠭ ᠤᠨ ᠠᠯᠪᠠᠨ ᠤ ᠪᠠᠶᠢᠭᠤᠯᠭ᠎ᠠ ᠳᠤ ᠮᠡᠳᠡᠭᠦᠯᠦᠨ | ᠬᠢᠨᠠᠨ ᠬᠠᠷᠭᠤᠭᠤᠯᠤᠭᠤᠯᠬᠤ ᠬᠡᠷᠡᠭᠲᠡᠢ᠃ | 5. ︽ᠴᠡᠷᠢᠭ ᠤᠨ ᠠᠯᠪᠠᠨ ᠳᠤ ᠳᠠᠩᠰᠠᠯᠠᠭᠤᠯᠤᠭᠰᠠᠨ ᠦᠨᠡᠮᠯᠡᠯ︾ ᠣᠯᠭᠤᠨ᠎ᠠ᠃ ᠰᠢᠶᠠᠩ ᠪᠠᠯᠭᠠᠰᠤᠨ ᠤ | ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ︽ᠴᠡᠷᠢᠭ ᠤᠨ ᠠᠯᠪᠠᠨ ᠤ ᠳᠠᠩᠰᠠᠯᠠᠯᠲᠠ ᠶᠢᠨ ᠦᠨᠡᠮᠯᠡᠯ︾ ᠢ | ᠵᠠᠯᠠᠭᠤᠴᠤᠳ ᠲᠤ ᠤᠯᠭᠤᠨ᠎ᠠ᠃ ︽ᠴᠡᠷᠢᠭ ᠤᠨ ᠠᠯᠪᠠᠨ ᠤ ᠳᠠᠩᠰᠠᠯᠠᠯᠲᠠ ᠶᠢᠨ ᠦᠨᠡᠮᠯᠡᠯ︾ ᠢ ᠲᠣᠬᠢᠲᠠᠢ | ᠬᠠᠳᠠᠭᠠᠯᠠᠨ ᠬᠠᠮᠢᠶᠠᠷᠴᠤ᠂ ᠲᠡᠭᠦᠨ ᠢᠶᠠᠷ ᠵᠣᠬᠢᠬᠤ ᠨᠠᠰᠤᠨ ᠤ ᠡᠷᠡᠭᠲᠡᠢ ᠠᠷᠠᠳ ᠢᠷᠭᠡᠨ ᠤ ᠴᠡᠷᠢᠭ ᠤᠨ ᠠᠯᠪᠠᠨ ᠤ | ᠡᠭᠦᠷᠭᠡ ᠪᠠᠨ ᠭᠦᠢᠴᠡᠳᠬᠡᠬᠦ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠶᠢᠴᠠᠭᠠᠨ ᠰᠢᠯᠭᠠᠬᠤ ᠦᠨᠳᠦᠰᠦᠯᠡᠯ | ᠪᠣᠯᠭᠠᠬᠤ ᠬᠡᠷᠡᠭᠲᠡᠢ᠃ | ᠳᠥᠷᠪᠡ᠂ ᠬᠠᠤᠯᠢ ᠶᠢᠨ ᠬᠠᠷᠢᠭᠤᠴᠠᠯᠭ᠎ᠠ | ︽ᠪ᠊ ᠥ᠋ᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠤ ᠬᠠᠤᠯᠢ︾ ᠶᠢᠨ ᠲᠠᠪᠢᠨ | ᠳᠣᠯᠣᠳᠤᠭᠠᠷ ᠵᠦᠢᠯ ᠳᠤ᠄ ︽ᠴᠡᠷᠢᠭ ᠤᠨ ᠠᠯᠪᠠᠨ ᠳᠤ ᠳᠠᠩᠰᠠᠯᠠᠭᠤᠯᠬᠤ ᠶᠢ ᠲᠡᠪᠴᠢᠭᠰᠡᠨ᠂ ᠲᠡᠭᠦᠨ ᠠᠴᠠ | ᠵᠠᠶᠢᠯᠠᠭᠰᠠᠨ ᠪᠠᠶᠢᠪᠠᠯ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠦᠨ᠎ᠡ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ | ᠪᠠᠶᠢᠪᠠᠯ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠡᠭᠦᠨ ᠢ ᠠᠯᠪᠠᠳᠠᠵᠤ ᠪᠠᠶᠢᠭᠠᠳ | ᠴᠡᠷᠢᠭ ᠤᠨ ᠠᠯᠪᠠᠨ ᠤ ᠡᠭᠦᠷᠭᠡ ᠶᠢ ᠨᠢ ᠭᠦᠢᠴᠡᠳᠬᠡᠭᠦᠯᠬᠦ ᠶᠢᠨ ᠬᠠᠮᠲᠤ ᠵᠣᠭᠤᠰ ᠢᠶᠠᠷ ᠲᠣᠷᠭᠠᠨ᠎ᠠ︾ ᠭᠡᠵᠦ | ᠲᠣᠭᠲᠠᠭᠠᠵᠠᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠤ ᠬᠠᠤᠯᠢ︾ ᠶᠢᠨ | ᠲᠠᠪᠢ ᠶᠢᠰᠦᠳᠦᠭᠡᠷ ᠵᠦᠢᠯ ᠳᠤ᠄ ︽ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ | ᠪᠠᠶᠢᠭᠤᠯᠤᠯᠲᠠ ᠲᠤᠰ ᠬᠠᠤᠯᠢ ᠳᠤ ᠲᠣᠭᠲᠠᠭᠠᠭᠰᠠᠨ ᠴᠡᠷᠢᠭ ᠤᠨ ᠠᠯᠪᠠᠨ ᠤ ᠠᠵᠢᠯ ᠤᠨ ᠡᠭᠦᠷᠭᠡ ᠶᠢ ᠪᠡᠶᠡᠯᠡᠭᠦᠯᠬᠦ ᠶᠢ | ᠲᠡᠪᠴᠢᠭᠰᠡᠨ᠂ ᠠᠷᠠᠳ ᠢᠷᠭᠡᠨ ᠤ ᠴᠡᠷᠢᠭ ᠤᠨ ᠠᠯᠪᠠᠨ ᠤ ᠡᠭᠦᠷᠭᠡ ᠪᠠᠨ ᠭᠦᠢᠴᠡᠳᠬᠡᠬᠦ ᠶᠢ ᠬᠠᠷᠰᠢᠯᠠᠭᠰᠠᠨ᠂ | ᠡᠰᠡᠬᠦᠯ᠎ᠡ ᠴᠡᠷᠢᠭ ᠤᠨ ᠠᠯᠪᠠᠨ ᠤ ᠠᠵᠢᠯ ᠢ ᠬᠠᠷᠰᠢᠯᠠᠭᠰᠠᠨ ᠪᠤᠰᠤᠳ ᠦᠢᠯᠡ ᠠᠵᠢᠯᠯᠠᠭ᠎ᠠ ᠲᠠᠢ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ | ᠵᠠᠯᠠᠷᠠᠭᠤᠯᠤᠭᠤᠯᠬᠤ ᠶᠢᠨ ᠬᠠᠮᠲᠤ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠣᠨ᠎ᠠ︔ ᠨᠢᠭᠡᠴᠡ ᠶᠢᠨ | ᠬᠠᠷᠢᠭᠤᠴᠠᠯᠭ᠎ᠠ ᠲᠠᠢ ᠤᠳᠤᠷᠢᠳᠬᠤ ᠬᠥᠮᠥᠰ᠂ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ ᠬᠥᠮᠥᠰ | ᠪᠣᠯᠣᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠢ ᠬᠠᠤᠯᠢ ᠶᠣᠰᠣᠭᠠᠷ ᠰᠢᠢᠳᠭᠡᠨ ᠲᠣᠷᠭᠠᠨ᠎ᠠ︾ ᠭᠡᠵᠦ | ᠲᠣᠭᠲᠠᠭᠠᠵᠠᠢ᠃︾ | ᠲᠠᠪᠤ᠂ ᠠᠰᠠᠭᠤᠨ ᠯᠠᠪᠯᠠᠬᠤ ᠠᠷᠭ᠎ᠠ ᠮᠠᠶ᠋ᠢᠭ | ᠬᠤᠯᠪᠣᠭᠳᠠᠯ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ︽ᠪᠥᠬᠦ ᠤᠯᠤᠰ ᠤᠨ | ᠴᠡᠷᠢᠭ ᠡᠯᠰᠡᠬᠦ ᠰᠦᠯᠵᠢᠶ᠎ᠡ︾ ᠶᠢ ᠪᠠᠶᠢᠴᠠᠭᠠᠨ ᠯᠠᠪᠯᠠᠵᠤ ᠪᠣᠯᠣᠨ᠎ᠠ᠂ ᠸᠢᠴᠠᠲ ᠢᠶᠠᠷ ︽ᠳᠤᠮᠳᠠᠳᠤ ᠤᠯᠤᠰ ᠤᠨ | ᠡᠷᠦᠬᠡ ᠶᠢᠨ ᠴᠡᠷᠢᠭ︾ ︽ᠥᠪᠥᠷ ᠮᠣᠩᠭᠤᠯ ᠤᠨ ᠴᠡᠷᠢᠭ ᠡᠯᠰᠡᠬᠦ︾ ᠣᠯᠠᠨ ᠨᠡᠶᠢᠲᠡ ᠶᠢᠨ ᠳ᠋ᠤᠭᠠᠷ ᠲᠤ ᠠᠩᠬᠠᠷᠤᠯ | ᠲᠠᠯᠪᠢᠬᠤ ᠪᠤᠶᠤ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠠᠰᠠᠭᠤᠨ | ᠯᠠᠪᠯᠠᠵᠤ ᠪᠣᠯᠣᠨ᠎ᠠ᠃ | ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠴᠡᠷᠢᠭ ᠡᠯᠰᠡᠬᠦ ᠠᠯᠪᠠᠨ ᠭᠡᠷ | 2024 ᠣᠨ ᠤ 12 ᠳ᠋ᠤᠭᠠᠷ ᠰᠠᠷ᠎ᠠ ᠶᠢᠨ 3 ᠤ ᠡᠳᠦᠷ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |