ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯᠲᠠᠨ ᠤ ᠰᠡᠳᠬᠢᠴᠡ ᠶᠢᠨ ᠡᠷᠡᠭᠦᠯ ᠮᠡᠨᠳᠦ ᠪᠠᠷ ᠬᠥᠮᠥᠨ ᠢ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠪᠤᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2024/12/9
      ᠰᠤᠷᠭᠠᠨ ᠬᠥᠮᠦᠵᠢᠯ ᠤᠨ ᠶᠠᠮᠤᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠵᠢᠯᠤᠭᠤᠳᠬᠤ ᠬᠥᠲᠥᠯᠪᠦᠷᠢ︾ ᠪᠣᠯᠣᠨ ︽ᠰᠢᠨ᠎ᠡ ᠴᠠᠭ ᠦᠶ᠎ᠡ ᠶᠢᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠰᠬᠠᠢ ᠠᠵᠢᠯᠯᠠᠭᠠᠨ ᠤ ᠲᠥᠯᠥᠪᠯᠡᠭᠡ ︵2023 —᡺2025︶︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠣᠯᠣᠨ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ᠂ ᠴᠢᠳᠠᠪᠤᠷᠢ ᠪᠠᠷ ᠴᠢᠩᠭ᠎ᠠ ᠶᠣᠰᠣ ᠰᠤᠷᠲᠠᠬᠤᠨ ᠤ ᠬᠥᠮᠦᠵᠢᠯ ᠤᠨ ᠠᠵᠢᠯᠲᠠᠨ ᠪᠣᠯᠣᠨ ᠰᠡᠳᠬᠢᠴᠡ ᠶᠢᠨ ᠡᠷᠡᠭᠦᠯ ᠮᠡᠨᠳᠦ ᠶᠢᠨ ᠭᠤᠣᠯᠯᠠᠭᠴᠢ ᠪᠠᠭᠰᠢ ᠶᠢᠨ ᠪᠦᠯᠬᠦᠮ ᠢ ᠪᠠᠶᠢᠭᠤᠯᠬᠤ ᠶᠢᠨ ᠲᠦᠯᠦᠭᠡ᠂  ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯᠲᠠᠳ ᠤᠨ ᠰᠡᠳᠬᠢᠴᠡ ᠶᠢᠨ ᠡᠷᠡᠭᠦᠯ ᠮᠡᠨᠳᠦ ᠪᠠᠷ ᠬᠥᠮᠥᠨ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠢ ᠡᠷᠭᠢᠯᠡᠵᠦ᠂ ᠪᠥᠬᠦ ᠰᠢᠶᠠᠨ ᠤ ᠡᠯ᠎ᠡ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠺᠠᠳ᠋ᠷ ᠪᠠ ᠰᠡᠳᠬᠢᠴᠡ ᠶᠢᠨ ᠡᠷᠡᠭᠦᠯ ᠮᠡᠨᠳᠦ ᠶᠢᠨ ᠲᠤᠰᠬᠠᠢ ᠪᠠ ᠲᠤᠰᠢᠶᠠᠯ ᠬᠠᠪᠰᠤᠷᠭᠠᠭᠰᠠᠨ ᠪᠠᠭᠰᠢ ᠨᠠᠷ ᠪᠣᠯᠪᠠᠰᠤᠷᠠᠯ ᠳᠤ ᠤᠷᠤᠯᠴᠠᠪᠠ᠃      ᠲᠣᠰ ᠤᠳᠠᠭᠠᠨ ᠤ ᠪᠤᠯᠪᠠᠰᠤᠷᠠᠯ ᠳᠤ᠂ ᠲᠦᠮᠡᠳ ᠵᠡᠭᠦᠨ ᠬᠤᠰᠢᠭᠤᠨ ᠤ ᠰᠡᠳᠬᠢᠴᠡ ᠶᠢᠨ ᠵᠢᠭᠠᠨ ᠰᠤᠳᠤᠯᠤᠭᠴᠢ᠂ ᠬᠥᠬᠡᠬᠤᠲᠠ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ᠂ ᠬᠥᠬᠡᠬᠤᠲᠠ ᠶᠢᠨ ᠰᠡᠳᠬᠢᠴᠡ ᠶᠢᠨ ᠰᠢᠯᠭᠠᠷᠠᠭᠤᠯᠬᠤ ᠺᠣᠮᠢᠰ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠡᠳᠬᠢᠴᠡ ᠶᠢᠨ ᠰᠢᠨᠵᠢᠯᠡᠭᠡᠨ ᠤ ᠨᠠᠷᠠᠲᠤ ᠪᠠᠭᠰᠢ ᠶᠢᠨ ᠠᠵᠢᠯ ᠤᠨ ᠲᠠᠰᠤᠭ ᠤᠨ ᠭᠡᠰᠢᠭᠦᠨ ᠴᠧᠩ ᠰᠢᠶᠣᠣ ᠰᠢᠶᠠ ᠶᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠴᠧᠩ ᠪᠠᠭᠰᠢ ᠣᠨᠣᠯ ᠤᠨ ᠥᠭᠦᠯᠡᠯᠲᠡ᠂ ᠬᠡᠷᠡᠭ ᠤᠨ ᠵᠢᠱᠢᠶ᠎ᠡ ᠶᠢᠨ ᠵᠠᠳᠠᠯᠤᠯᠲᠠ᠂ ᠠᠬᠤᠢ ᠪᠠᠶᠢᠳᠠᠯ ᠤᠨ ᠥᠩᠭᠡᠷᠡᠭᠡᠯᠲᠡ ᠪᠠᠷ ᠳᠠᠮᠵᠢᠭᠤᠯᠤᠨ᠂ ᠪᠠᠭᠰᠢ ᠶᠢᠨ ᠠᠮᠢᠳᠤᠷᠠᠯ ᠪᠠ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠵᠢᠴᠢ ᠰᠠᠶᠢᠵᠢᠷᠠᠭᠤᠯᠬᠤ ᠠᠷᠭ᠎ᠠ ᠶᠢ ᠭᠦᠨᠵᠡᠭᠡᠢ ᠵᠠᠳᠠᠯᠤᠭᠰᠠᠨ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠯ ᠨᠢ ᠪᠠᠭᠰᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠪᠠᠰᠠ ᠪᠠᠭᠰᠢ ᠶᠢᠨ ᠢᠳᠡᠪᠬᠢᠲᠡᠢ ᠰᠡᠳᠬᠢᠴᠡ ᠶᠢᠨ ᠵᠦᠢ ᠶᠢ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠠᠭᠤᠰᠬᠠᠬᠤ ᠳᠤ ᠤᠯᠠᠮ ᠨᠢᠭᠡ ᠠᠯᠬᠤᠮ ᠰᠡᠳᠬᠢᠮᠵᠢ ᠬᠠᠩᠭᠠᠭᠰᠠᠨ ᠪᠠᠶᠢᠨ᠎ᠠ᠃ ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1