ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠳᠤ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2024/12/9
      ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠬᠠᠤᠯᠢ ᠴᠠᠭᠠᠵᠠ ᠶᠢᠨ ᠦᠢᠯᠡᠳᠦᠯᠭᠡ ᠪᠣᠯᠣᠨ ᠬᠠᠤᠯᠢ ᠶᠢᠨ ᠤᠬᠠᠭᠠᠨ ᠤ ᠰᠤᠷᠭᠠᠨ ᠬᠥᠮᠦᠵᠢᠯ ᠤᠨ ᠭᠦᠨᠵᠡᠭᠡᠢ ᠵᠣᠯᠭᠠᠯᠴᠠᠭ᠎ᠠ ᠶᠢ ᠦᠷᠭᠦᠯᠵᠢᠯᠡᠨ ᠠᠬᠢᠭᠤᠯᠬᠤ ᠶᠢᠨ ᠲᠦᠯᠦᠭᠡ᠂ ᠡᠨᠡ ᠵᠢᠯ ᠤᠨ 6  ᠳ᠋ᠤᠭᠠᠷ ᠰᠠᠷ᠎ᠠ ᠳᠤ᠂ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠯᠡᠰᠦ ᠮᠠᠩᠬ᠎ᠠ ᠶᠢ ᠵᠠᠰᠠᠬᠤ ᠳᠡᠭᠡᠳᠦ ᠰᠤᠷᠭᠠᠭᠤᠯᠢ ᠲᠠᠢ ︽ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠬᠠᠮᠲᠤᠪᠠᠷ ᠴᠢᠩᠭᠠᠳᠬᠠᠬᠤ ᠲᠤᠬᠠᠢ ᠪᠦᠳᠦᠭᠦᠪᠴᠢ ᠵᠥᠪᠯᠡᠯᠴᠡᠭᠡᠷ︾ ᠲᠤ ᠭᠠᠷ ᠤᠨ ᠦᠰᠦᠭ ᠵᠢᠷᠤᠵᠤ᠂ ᠪᠠᠶᠢᠴᠠᠭᠠᠨ ᠰᠤᠳᠤᠯᠵᠤ ᠰᠣᠯᠢᠯᠴᠠᠬᠤ᠂ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠬᠠᠮᠲᠤᠷᠠᠭᠰᠠᠨ ᠰᠠᠭᠤᠷᠢᠨ ᠭᠠᠵᠠᠷ᠂ ᠲᠤᠰᠬᠠᠢ ᠮᠡᠷᠭᠡᠵᠢᠯᠲᠡᠨ ᠢᠶᠠᠷ ᠬᠠᠪᠰᠤᠷᠤᠭᠤᠯᠤᠨ ᠰᠢᠭᠦᠨ ᠲᠠᠰᠤᠯᠬᠤ ᠪᠠ ᠦᠵᠡᠯ ᠰᠠᠨᠠᠭ᠎ᠠ ᠤᠯᠤᠰ ᠲᠦᠷᠦ ᠶᠢᠨ ᠰᠤᠷᠭᠠᠨ ᠬᠥᠮᠦᠵᠢᠯ ᠤᠨ ᠰᠠᠭᠤᠷᠢᠨ ᠵᠡᠷᠭᠡ ᠲᠠᠯ᠎ᠠ ᠪᠠᠷ ᠤᠯᠠᠮ ᠴᠢᠨᠠᠭᠰᠢᠳᠠ ᠨᠥᠬᠦᠷᠰᠡᠭ ᠬᠠᠮᠲᠤᠷᠠᠯᠴᠠᠭ᠎ᠠ ᠲᠣᠬᠢᠷᠠᠯᠴᠠᠵᠠᠢ᠃
     ᠣᠶᠢᠷ᠎ᠠ ᠳᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠣᠷᠴᠢᠨ ᠠᠬᠤᠢ ᠡᠬᠢ ᠪᠠᠶᠠᠯᠢᠭ ᠤᠨ ᠬᠠᠮᠠᠭᠠᠯᠠᠯᠲᠠ ᠶᠢᠨ ᠰᠢᠭᠦᠬᠦ ᠲᠢᠩᠬᠢᠮ ᠳᠤ ᠶᠠᠪᠤᠭᠳᠠᠪᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠯᠡᠰᠦ ᠮᠠᠩᠬ᠎ᠠ ᠶᠢ ᠵᠠᠰᠠᠬᠤ ᠳᠡᠭᠡᠳᠦ ᠰᠤᠷᠭᠠᠭᠤᠯᠢ᠂ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
     ᠬᠤᠷᠠᠯ ᠳᠤ ᠣᠷᠣᠯᠴᠠᠭᠰᠠᠳ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠣᠷᠴᠢᠨ ᠲᠣᠭᠤᠷᠢᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠰᠢᠭᠦᠬᠦ ᠲᠢᠩᠬᠢᠮ ᠵᠢᠴᠢ ᠥᠪᠥᠷ ᠮᠣᠩᠭᠤᠯ ᠤᠨ ᠣᠷᠴᠢᠨ ᠲᠣᠭᠤᠷᠢᠨ ᠤ ᠡᠬᠢ ᠪᠠᠶᠠᠯᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠳᠠᠬᠢ ᠬᠠᠳᠤᠨ ᠭᠤᠣᠯ ᠤᠨ ᠰᠠᠪᠠ ᠭᠠᠵᠠᠷ ᠤᠨ ᠭᠤᠣᠯ ᠰᠡᠳᠦᠪᠲᠦ ᠦᠵᠡᠭᠦᠯᠦᠯᠭᠡ᠂ ᠬᠠᠤᠯᠢᠵᠢᠯ ᠤᠨ ᠰᠣᠶᠣᠯ ᠤᠨ ᠤᠷᠳᠤ ᠬᠤᠩᠭᠢᠯ᠂ ᠨᠠᠮ ᠤᠨ ᠪᠠᠶᠢᠭᠤᠯᠤᠯᠲᠠ ᠶᠢᠨ ᠰᠣᠶᠣᠯ ᠤᠨ ᠲᠠᠯᠠᠪᠠᠢ ᠵᠡᠷᠭᠡ ᠲᠠᠯᠠᠪᠤᠷ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃
     ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠯᠡᠰᠦ ᠮᠠᠩᠬ᠎ᠠ ᠶᠢ ᠵᠠᠰᠠᠬᠤ ᠳᠡᠭᠡᠳᠦ ᠰᠤᠷᠭᠠᠭᠤᠯᠢ ᠬᠠᠮᠲᠤ ᠪᠠᠷ ︽ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ︾᠂ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ︾ ᠤᠨ ᠫᠠᠶᠢᠰᠠ ᠰᠡᠬᠦᠪᠡ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠲᠤᠰ ᠤᠳᠠᠭᠠᠨ ᠤ ᠶᠡᠭᠡ ᠳᠡᠭᠡᠳᠦ ᠰᠤᠷᠭᠠᠭᠤᠯᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠠᠭᠤᠯᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠶᠡᠭᠡ ᠳᠡᠭᠡᠳᠦ ᠰᠤᠷᠭᠠᠭᠤᠯᠢ ᠶᠢᠨ ᠬᠠᠮᠲᠤ ᠪᠠᠷ ᠪᠠᠶᠢᠭᠤᠯᠬᠤ ᠬᠡᠯᠪᠡᠷᠢ ᠶᠢᠨ ᠰᠢᠨ᠎ᠡ ᠶᠢ ᠡᠭᠦᠳᠴᠦ᠂ ᠬᠠᠤᠯᠢ ᠴᠠᠭᠠᠵᠠ ᠶᠢᠨ ᠦᠢᠯᠡᠳᠦᠯᠭᠡ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠬᠦ ᠰᠤᠳᠤᠯᠭᠠᠨ ᠢ ᠣᠷᠭᠠᠨᠢᠭ ᠢᠶᠠᠷ ᠤᠶᠠᠯᠳᠤᠭᠤᠯᠵᠤ᠂ ᠬᠠᠷᠢᠯᠴᠠᠨ ᠠᠬᠢᠭᠤᠯᠵᠤ ᠬᠠᠮᠲᠤ ᠪᠠᠷ ᠠᠰᠢᠭ ᠬᠦᠷᠳᠡᠬᠦ ᠶᠢ ᠭᠦᠢᠴᠡᠳ ᠠᠰᠢᠭᠯᠠᠵᠤ᠂ ᠶᠡᠭᠡ ᠳᠡᠭᠡᠳᠦ ᠰᠤᠷᠭᠠᠭᠤᠯᠢ ᠶᠢᠨ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠡᠯᠪᠡᠭ ᠪᠠᠶᠠᠯᠢᠭ ᠦᠷ᠎ᠡ ᠪᠦᠲᠦᠭᠡᠯ ᠢ ᠴᠢᠷᠮᠠᠶᠢᠨ ᠡᠭᠦᠳᠴᠦ᠂ ︽ᠬᠤᠣᠰ ᠴᠢᠭᠯᠡᠯ ᠢᠶᠠᠷ ᠤᠷᠤᠭᠰᠢᠯᠠᠬᠤ︾ ᠳᠤᠮᠳᠠ ᠰᠢᠨ᠎ᠡ ᠴᠠᠭ ᠦᠶ᠎ᠡ ᠶᠢᠨ ᠬᠠᠤᠯᠢᠵᠢᠯ ᠤᠨ ᠦᠢᠯᠡᠰ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1