ᠲᠣᠭᠲᠠᠬᠤ ᠰᠢᠶᠠᠨ ᠤ ᠭᠡᠷᠡᠯ ᠵᠢᠷᠤᠭ ᠤᠨ ᠨᠡᠶᠢᠭᠡᠮᠯᠢᠭ ᠤᠨ ᠭᠤᠷᠪᠠᠳᠤᠭᠠᠷ ᠤᠳᠠᠭ᠎ᠠ ᠶᠢᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/9
      12 ᠳ᠋ᠤᠭᠠᠷ ᠰᠠᠷ᠎ᠠ ᠶᠢᠨ 5  ᠤ ᠡᠳᠦᠷ᠂ ᠲᠣᠭᠲᠠᠬᠤ ᠰᠢᠶᠠᠨ ᠤ ᠭᠡᠷᠡᠯ ᠵᠢᠷᠤᠭ ᠤᠨ ᠨᠡᠶᠢᠭᠡᠮᠯᠢᠭ ᠤᠨ ᠭᠤᠷᠪᠠᠳᠤᠭᠠᠷ ᠤᠳᠠᠭ᠎ᠠ ᠶᠢᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠬᠤᠷᠠᠯ ᠠᠴᠠ᠂ ᠰᠢᠶᠠᠨ ᠤ ᠭᠡᠷᠡᠯ ᠵᠢᠷᠤᠭ ᠤᠨ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠮᠡᠳᠡᠭᠦᠯᠦᠯᠲᠡ ᠪᠣᠯᠣᠨ ᠨᠡᠶᠢᠭᠡᠮᠯᠢᠭ ᠤᠨ ︽ᠳᠦᠷᠢᠮ︾  ᠳᠤ ᠵᠠᠰᠠᠪᠤᠷᠢ ᠣᠷᠣᠭᠤᠯᠬᠤ ᠲᠥᠰᠥᠯ ᠢ ᠬᠢᠨᠠᠨ ᠵᠥᠪᠯᠡᠵᠦ ᠪᠠᠲᠤᠯᠠᠭᠠᠳ᠂ ᠰᠢᠶᠠᠨ ᠤ ᠭᠡᠷᠡᠯ ᠵᠢᠷᠤᠭ ᠤᠨ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ᠂ ᠪᠠᠶᠢᠩᠭᠤ ᠶᠢᠨ ᠬᠡᠷᠡᠭ ᠡᠷᠬᠢᠯᠡᠭᠴᠢ ᠶᠢ ᠰᠣᠩᠭᠤᠨ ᠭᠤᠷᠪᠠᠳᠤᠭᠠᠷ ᠬᠤᠭᠤᠴᠠᠭᠠᠨ ᠤ ᠭᠡᠷᠡᠯ ᠵᠢᠷᠤᠭ ᠤᠨ ᠨᠡᠶᠢᠭᠡᠮᠯᠢᠭ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢ ᠰᠣᠩᠭᠤᠨ ᠭᠠᠷᠭᠠᠪᠠ︔ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ ᠶᠢ ᠤᠷᠢᠪᠠ︔ ᠨᠡᠢᠭᠡᠮᠯᠢᠭ ᠤᠨ ᠨᠡᠷ᠎ᠡ ᠬᠦᠨᠳᠦᠲᠦ ᠲᠡᠷᠢᠭᠦᠯᠡᠭᠴᠢ ᠶᠢ ᠤᠷᠢᠭᠰᠠᠨ ᠪᠥᠭᠡᠳ ᠤᠷᠢᠯᠭ᠎ᠠ ᠶᠢᠨ ᠪᠢᠴᠢᠭ ᠭᠠᠷᠳᠠᠭᠤᠯᠪᠠ᠃
     ᠣᠶᠢᠷ᠎ᠠ   ᠶᠢᠨ ᠵᠢᠯ ᠠᠴᠠ ᠨᠠᠰᠢ᠂ ᠰᠢᠶᠠᠨ ᠤ ᠭᠡᠷᠡᠯ ᠵᠢᠷᠤᠭ ᠤᠨ ᠨᠡᠶᠢᠭᠡᠮᠯᠢᠭ ᠨᠢ ᠴᠠᠭ ᠦᠶ᠎ᠡ ᠶᠢᠨ ᠭᠤᠣᠯ ᠬᠥᠭ ᠠᠶᠠᠰ ᠢ ᠬᠠᠩᠭᠢᠨᠠᠭᠤᠯᠤᠨ᠂ ᠲᠡᠷᠢᠭᠦᠨ ᠤ ᠭᠡᠷᠡᠯ ᠵᠢᠷᠤᠭ ᠤᠨ ᠰᠣᠶᠣᠯ ᠢ ᠬᠥᠲᠥᠯᠥᠨ ᠳᠠᠭᠠᠭᠤᠯᠬᠤ ᠲᠠᠯ᠎ᠠ ᠪᠠᠷ ᠴᠢᠬᠤᠯᠠ ᠦᠢᠯᠡᠳᠦᠯ ᠭᠠᠷᠭᠠᠵᠤ᠂ ᠠᠯᠢ ᠣᠯᠠᠨ ᠡᠯᠪᠡᠭ ᠪᠠᠶᠠᠯᠢᠭ ᠤᠷᠠᠯᠢᠭ ᠤᠨ ᠦᠷ᠎ᠡ ᠪᠦᠲᠦᠭᠡᠯ ᠣᠯᠵᠤ᠂ ᠲᠣᠭᠲᠠᠬᠤ ᠰᠢᠶᠠᠨ ᠤ ᠭᠡᠷᠡᠯ ᠵᠢᠷᠤᠭ ᠤᠨ ᠦᠢᠯᠡᠰ ᠤᠨ ᠴᠤ᠋ ᠰᠢᠨ᠎ᠡ ᠪᠠᠶᠢᠳᠠᠯ ᠢ ᠪᠤᠶ ᠪᠣᠯᠭᠠᠭᠰᠠᠨ ᠪᠠᠶᠢᠨ᠎ᠠ᠃ ᠨᠡᠶᠢᠭᠡᠮᠯᠢᠭ ᠠᠴᠠ ᠡᠯ᠎ᠡ ᠲᠦᠷᠦᠯ ᠤᠨ ᠭᠡᠷᠡᠯ ᠵᠢᠷᠤᠭ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠷᠭ᠎ᠠ ᠵᠠᠮ ᠢᠶᠠᠨ ᠥᠷᠭᠡᠳᠬᠡᠵᠦ᠂ ᠭᠡᠷᠡᠯ ᠵᠢᠷᠤᠭ ᠤᠨ ᠰᠣᠶᠣᠯ ᠤᠨ ᠰᠣᠯᠢᠯᠴᠠᠭ᠎ᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠪᠠ᠃ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠣᠷᠣᠨ ᠵᠠᠢ ᠶᠢ ᠥᠷᠭᠡᠳᠬᠡᠨ᠂ ᠲᠣᠭᠲᠠᠬᠤ ᠰᠢᠶᠠᠨ ᠤ ᠬᠡᠷᠡᠯ ᠵᠢᠷᠤᠭ ᠤᠨ ᠨᠡᠶᠢᠭᠡᠮᠯᠢᠭ ᠤᠨ ᠨᠡᠶᠢᠭᠡᠮ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠩᠨᠡᠭᠡ ᠪᠠᠨ ᠴᠢᠷᠮᠠᠶᠢᠨ ᠬᠥᠭᠵᠢᠭᠦᠯᠵᠦ᠂ ᠠᠵᠢᠯᠯᠠᠭ᠎ᠠ ᠪᠠᠨ ᠪᠠᠶᠠᠯᠢᠭᠵᠢᠭᠤᠯᠤᠨ᠂ ᠭᠡᠰᠢᠭᠦᠳ ᠲᠤ ᠦᠢᠯᠡᠴᠢᠯᠡᠵᠦ᠂ ᠨᠡᠶᠢᠭᠡᠮᠯᠢᠭ ᠤᠨ ᠠᠮᠢᠳᠤ ᠰᠣᠷᠭᠤᠭ ᠬᠦᠴᠦᠨ ᠴᠢᠳᠠᠯ ᠪᠠ ᠨᠢᠭᠲᠠᠷᠠᠯ ᠤᠨ ᠬᠦᠴᠦᠨ ᠢ ᠲᠡᠰᠦᠷᠡᠯᠳᠠ ᠤᠶᠢᠭᠡᠢ ᠴᠢᠩᠭᠠᠷᠠᠭᠤᠯᠵᠤ᠂ ᠰᠢᠯᠢᠳᠡᠭ ᠪᠦᠲᠦᠭᠡᠯ ᠪᠠ ᠴᠢᠳᠠᠪᠤᠷᠢᠲᠠᠨ ᠢ ᠴᠣᠯᠭᠤᠷᠠᠭᠤᠯᠤᠨ ᠭᠠᠷᠭᠠᠨ᠎ᠠ᠃     ᠰᠢᠶᠠᠨ ᠤ ᠭᠡᠷᠡᠯ ᠵᠢᠷᠤᠭ ᠤᠨ ᠨᠡᠶᠢᠭᠡᠮᠯᠢᠭ ᠨᠢ ᠰᠢᠨ᠎ᠡ ᠨᠢᠭᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠳᠠᠭᠠᠭᠤᠯᠭ᠎ᠠ ᠳᠣᠣᠷ᠎ᠠ᠂ ᠭᠡᠷᠡᠯ ᠵᠢᠷᠤᠭ ᠤᠨ ᠡᠲᠡᠭᠡᠳ ᠤᠨ ᠬᠠᠮᠲᠤᠯᠢᠭ ᠤᠨ ᠬᠦᠴᠦᠨ ᠢ ᠨᠢᠭᠲᠠᠷᠠᠭᠤᠯᠵᠤ᠂ ᠵᠥᠪ ᠣᠨᠣᠪᠴᠢᠲᠠᠢ ᠰᠣᠶᠣᠯ ᠤᠨ ᠦᠵᠡᠯᠲᠡ᠂ ᠤᠷᠠᠯᠢᠭ ᠤᠨ ᠦᠵᠡᠯᠲᠡ ᠶᠢ ᠪᠤᠢ ᠪᠣᠯᠭᠠᠵᠤ᠂ ᠵᠥᠪ ᠣᠨᠣᠪᠴᠢᠲᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠡᠵᠡᠮᠳᠡᠵᠦ᠂ ᠤᠷᠠᠯᠢᠭ ᠤᠨ ᠠᠷᠠᠳ ᠲᠦᠮᠡᠨ ᠳᠤ ᠦᠢᠯᠡᠴᠢᠯᠡᠬᠦ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠳᠦᠰᠦᠨ ᠱᠠᠲᠤᠨ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷᠡᠯ ᠵᠢᠷᠤᠭ ᠢᠶᠠᠷ ᠦᠭᠡ ᠶᠠᠷᠢᠵᠤ᠂ ᠴᠠᠭ ᠦᠶ᠎ᠡ ᠶᠢ ᠮᠠᠭᠲᠠᠨ ᠳᠠᠭᠤᠯᠠᠵᠤ᠂ ᠠᠷᠠᠳ ᠤᠯᠠᠨ ᠤ ᠦᠯᠢᠭᠡᠷ ᠢ ᠰᠠᠶᠢᠲᠤᠷ ᠶᠠᠷᠢᠵᠤ᠂ ᠲᠣᠭᠲᠠᠬᠤ ᠰᠢᠶᠠᠨ ᠤ ᠭᠡᠷᠡᠯ ᠵᠢᠷᠤᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠵᠦ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠨ᠎ᠠ᠃ ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1