ᠲᠣᠭᠲᠠᠬᠤ ᠰᠢᠶᠠᠨ ᠭᠠᠯ ᠰᠡᠷᠭᠡᠶᠢᠯᠡᠨ ᠤᠨᠲᠠᠷᠠᠭᠠᠬᠤ ︽ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ︾ + ︽ᠰᠦᠯᠵᠢᠶᠡᠨ ᠭᠠᠳᠠᠨᠠᠬᠢ ᠠᠵᠢᠯᠯᠠᠭ᠎ᠠ︾ ᠶᠢᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠪᠡ
ᠨᠡᠶᠢᠲᠡᠯᠡᠭᠰᠡᠨ ᠴᠠᠭ᠄
2024/12/9
      12 ᠳ᠋ᠤᠭᠠᠷ ᠰᠠᠷ᠎ᠠ ᠶᠢᠨ 5 ᠤ ᠡᠳᠦᠷ᠂ ᠬᠥᠬᠡᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠲᠣᠭᠲᠠᠬᠤ ᠰᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠲᠠᠢ ᠬᠠᠮᠲᠤᠷᠠᠨ ᠲᠣᠭᠲᠠᠬᠤ ᠰᠢᠶᠠᠨ ᠳᠤ ︽ᠠᠮᠢ ᠨᠠᠰᠤᠨ ᠤ ᠰᠡᠷᠭᠡᠶᠢᠯᠡᠯᠲᠡ ᠶᠢᠨ ᠱᠤᠭᠤᠮ ᠤᠨ ᠠᠮᠤᠷ ᠲᠦᠪᠰᠢᠨ ᠤ ︿ᠰᠠᠭᠠᠳ ᠦᠭᠡᠢ﹀ ᠨᠡᠪᠳᠡᠷᠡᠭᠦᠯᠦᠶ᠎ᠡ︾ ᠭᠤᠣᠯ ᠰᠡᠳᠦᠪᠲᠦ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠥᠷᠨᠢᠭᠦᠯᠵᠦ᠂ ︽ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ︾ + ︽ᠰᠦᠯᠵᠢᠶᠡᠨ ᠭᠠᠳᠠᠨᠠᠬᠢ ᠠᠵᠢᠯᠯᠠᠭ᠎ᠠ︾ ᠶᠢᠨ ᠬᠡᠯᠪᠡᠷᠢ ᠪᠠᠷ ᠳᠠᠮᠵᠢᠭᠤᠯᠤᠨ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠪᠥᠬᠦ ᠠᠷᠠᠳ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠴᠢᠩᠭᠠᠳᠬᠠᠪᠠ᠃      ᠰᠢᠭᠤᠳ ᠨᠡᠪᠲᠡᠷᠡᠭᠦᠯᠭᠡ ᠶᠢᠨ ᠳᠤᠮᠳᠠ᠂ ᠭᠠᠯ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠭᠴᠢ ᠪᠣᠯᠣᠨ ᠭᠤᠣᠯ ᠨᠡᠪᠲᠡᠷᠡᠭᠦᠯᠦᠭᠴᠢ ᠰᠦᠯᠵᠢᠶᠡᠨ ᠨᠠᠶᠢᠵᠠ ᠨᠠᠷ ᠢ ᠳᠠᠭᠠᠭᠤᠯᠤᠨ ᠲᠣᠭᠲᠠᠬᠤ ᠰᠢᠶᠠᠨ ᠤ ᠶᠦᠨ ᠵᠥᠩ ᠨᠢᠭᠡᠳᠦᠭᠡᠷ ᠰᠠᠭᠤᠭᠠᠯᠢ ᠠᠷᠠᠳ ᠤᠨ ᠲᠣᠭᠤᠷᠢᠭ ᠪᠣᠯᠣᠨ ᠺᠠᠢ ᠰᠢᠤᠸᠠᠨ ᠮᠧᠨ ᠪᠠᠭᠤᠳᠠᠯ ᠳᠤ ᠬᠦᠷᠴᠦ᠂ ᠲᠤᠬᠠᠢ ᠶᠢᠨ ᠲᠠᠯᠠᠪᠤᠷ ᠲᠤ ᠬᠤᠪᠢ ᠶᠢᠨ ᠮᠠᠰᠢᠨ ᠲᠡᠷᠭᠡ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠭᠰᠡᠨ ᠡᠰᠡᠬᠦ᠂ ᠳᠤᠷ᠎ᠠ ᠪᠠᠷ ᠢᠶᠠᠨ ᠵᠣᠭᠰᠣᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠪᠠᠶᠢᠳᠠᠯ ᠢ ᠪᠠᠶᠢᠴᠠᠭᠠᠪᠠ᠂ ᠡᠭᠦᠨ ᠤ ᠬᠠᠮᠲᠤ᠂ ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠤᠨ ᠵᠠᠮ ᠢ ᠲᠠᠷᠬᠠᠭᠠᠨ ᠶᠠᠪᠤᠭᠤᠯᠬᠤ ᠵᠠᠮ ᠪᠥᠭᠯᠡᠷᠡᠵᠦ ᠡᠵᠡᠯᠡᠨ ᠬᠡᠷᠡᠭᠯᠡᠭᠰᠡᠨ ᠡᠰᠡᠬᠦ᠂ ᠠᠮᠤᠷ ᠲᠦᠪᠰᠢᠨ ᠤ ᠭᠠᠷᠬᠤ ᠵᠠᠮ ᠤᠨ ᠲᠡᠮᠳᠡᠭ ᠲᠣᠳᠣᠷᠬᠠᠢ ᠪᠠᠶᠢᠬᠤ ᠡᠰᠡᠬᠦ ᠶᠢ ᠪᠠᠶᠢᠴᠠᠭᠠᠨ ᠦᠵᠡᠬᠦ ᠶᠢᠨ ᠬᠠᠮᠲᠤ᠂ ᠪᠠᠭᠤᠳᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠲᠠᠢ ᠬᠠᠮᠲᠤ ᠪᠠᠷ ᠪᠠᠶᠢᠴᠠᠭᠠᠵᠤ᠂ ᠪᠠᠶᠢᠴᠠᠭᠠᠬᠤ ᠶᠠᠪᠤᠴᠠ ᠳᠠᠭᠠᠨ ᠭᠠᠯ ᠤᠨᠲᠠᠷᠠᠭᠠᠬᠤ ᠵᠠᠮ ᠤᠨ ᠡᠵᠡᠯᠡᠨ ᠬᠡᠷᠡᠭᠯᠡᠭᠰᠡᠨ ᠡᠰᠡᠬᠦ᠂ ᠲᠡᠮᠳᠡᠭ ᠲᠣᠳᠣᠷᠬᠠᠢ ᠪᠠᠶᠢᠬᠤ ᠡᠰᠡᠬᠦ᠂ ᠵᠠᠮ ᠤᠨ ᠥᠷᠭᠡᠨ ᠤ ᠬᠡᠮᠵᠢᠶ᠎ᠡ ᠪᠠᠷᠢᠮᠵᠢᠶ᠎ᠠ ᠳᠤ ᠨᠡᠶᠢᠴᠡᠬᠦ ᠡᠰᠡᠬᠦ ᠵᠡᠷᠭᠡ ᠶᠢ ᠨᠠᠷᠢᠨ ᠪᠠᠶᠢᠴᠠᠭᠠᠨ ᠦᠵᠡᠪᠡ᠃ ᠡᠭᠦᠨ ᠤ ᠵᠡᠷᠭᠡ ᠳᠤ ᠲᠤᠬᠠᠢ ᠶᠢᠨ ᠲᠠᠯᠠᠪᠠᠶ ᠳᠤ ᠪᠠᠰᠠ ᠤᠬᠠᠭᠤᠯᠭ᠎ᠠ ᠶᠢᠨ ᠴᠡᠭ ᠭᠠᠷᠭᠠᠵᠤ᠂ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠵᠡᠷᠭᠡ ᠳᠤ ᠭᠤᠣᠯ ᠨᠡᠪᠲᠡᠷᠡᠭᠦᠯᠦᠭᠴᠢ ᠪᠣᠯᠣᠨ ᠲᠤᠬᠠᠢ ᠶᠢᠨ ᠲᠠᠯᠠᠪᠠᠶ ᠶᠢᠨ ᠣᠯᠠᠨ ᠲᠦᠮᠡᠨ ᠪᠠᠰᠠ ᠱᠠᠩᠨᠠᠯ ᠲᠠᠢ ᠥᠷᠢᠰᠦᠯᠳᠦᠨ ᠲᠠᠭᠠᠪᠤᠷᠢᠯᠠᠬᠤ ᠠᠵᠢᠯᠯᠠᠭ᠎ᠠ ᠬᠢᠭᠰᠡᠨ ᠪᠠᠶᠢᠨ᠎ᠠ᠃ ᠤᠯᠠᠨ ᠢᠶᠠᠷ ᠢᠶᠠᠨ ᠭᠠᠯ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠭᠴᠢ ᠲᠠᠢ ᠬᠠᠮᠲᠤ ᠪᠠᠷ ᠬᠢᠨᠠᠯᠲᠠ ᠲᠠᠯᠪᠢᠵᠤ ᠪᠠᠶᠢᠴᠠᠭᠠᠬᠤ ᠪᠠᠷ ᠲᠠᠮᠵᠢᠨ᠂ ᠳᠡᠷᠭᠡᠳᠡ ᠨᠢ ᠶᠠᠮᠠᠷ ᠶᠠᠮᠠᠷ ᠭᠠᠯ ᠤᠨᠲᠠᠷᠠᠭᠠᠬᠤ ᠠᠮᠤᠷ ᠲᠦᠪᠰᠢᠨ ᠤ ᠲᠠᠯᠳᠠ ᠭᠡᠮ ᠣᠷᠣᠰᠢᠵᠤ ᠪᠠᠶᠢᠬᠤ ᠶᠢ ᠤᠯᠠᠮ ᠨᠢᠭᠡ ᠠᠯᠬᠤᠮ ᠣᠶᠢᠯᠠᠭᠠᠭᠰᠠᠨ ᠪᠥᠭᠡᠳ ᠪᠠᠰᠠ ᠤᠯᠠᠨ ᠢ ᠱᠠᠭᠠᠷᠳᠠᠵᠤ ᠪᠠᠶᠢᠭᠠᠳ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠨᠡᠩ ᠴᠢᠬᠤᠯᠠᠴᠢᠯᠠᠵᠤ᠂ ᠲᠤᠰ ᠪᠡᠶ᠎ᠡ ᠶᠢᠨ ᠲᠠᠯᠳᠠ ᠭᠡᠮ ᠢ ᠳᠠᠷᠠᠭᠠᠯᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠯ ᠤᠨ ᠭᠠᠮᠰᠢᠭ ᠤᠨ ᠲᠠᠯᠳᠠ ᠭᠡᠮ ᠢ ᠪᠠᠭᠠᠰᠬᠠᠪᠠ᠃      ᠲᠤᠰ ᠤᠳᠠᠭ᠎ᠠ ᠶᠢᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠬᠥᠬᠡᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠰᠢᠨ᠎ᠡ ᠵᠠᠭᠤᠴᠢᠯᠠᠭᠤᠷ ᠤᠨ ᠲᠠᠪᠴᠠᠩ᠂ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠸᠢᠳᠢᠤ᠋ ᠨᠣᠮᠧᠷᠲᠤ ︽ᠶᠦᠨ ᠵᠦᠩ ᠬᠠᠮ ᠵᠠᠭᠤᠴᠢᠯᠠᠭᠤᠷ︾ ᠪᠣᠯᠣᠨ ︽ᠠᠮᠢᠵᠢᠷᠠᠯ ᠤᠨ ᠬᠦᠴᠦᠨ ᠲᠠᠢ ᠲᠣᠭᠲᠠᠬᠤ︾ ᠲᠠᠪᠴᠠᠩ ᠳᠤ ᠵᠡᠷᠭᠡᠪᠡᠷ ᠨᠠᠪᠲᠠᠷᠡᠭᠦᠯᠵᠦ᠂ ᠰᠦᠯᠵᠢᠶᠡᠨ ᠳᠡᠭᠡᠷ᠎ᠡ ᠦᠵᠡᠭᠴᠢᠳ ᠤᠨ ᠲᠤᠭ᠎ᠠ 5000 ᠭᠠᠷᠤᠢ ᠳᠤ ᠬᠦᠷᠴᠡᠢ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠬᠤᠲᠠ ᠶᠢᠨ ᠠᠷᠠᠳ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠦᠭᠰᠡᠨ ᠪᠥᠭᠡᠳ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1