ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠲᠤ ᠶᠢᠨ ᠪᠣᠯᠵᠣᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/9
      ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠴᠢᠩᠭ᠎ᠠ ᠬᠢᠵᠠᠭᠠᠷᠯᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 5 ᠤ ᠡᠳᠦᠷ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠲᠤ ᠶᠢᠨ ᠪᠣᠯᠵᠣᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠷᠢᠶᠠᠲᠤ ᠣᠷᠣᠨ ᠤ ᠳᠣᠲᠣᠷᠠᠬᠢ 32 ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠬᠤᠷᠠᠯ ᠠᠴᠠ᠂ 6 ᠵᠢᠵᠢᠭ ᠬᠤᠭᠤᠯᠠᠨ ᠰᠢᠷᠡᠭᠡᠨ ᠳᠤ ᠢᠳᠡᠭᠡᠨ ᠤ ᠵᠦᠢᠯ ᠤᠨ ᠶᠠᠩᠵᠤ ᠦᠯᠡᠳᠡᠭᠡᠬᠦ ᠨᠢ ᠵᠢᠷᠤᠮᠵᠢᠯ ᠦᠭᠡᠢ᠂ ᠭᠡᠷᠡᠴᠢ ᠪᠠᠷᠢᠮᠲᠠ ᠠᠪᠤᠭᠰᠠᠨ ᠲᠡᠮᠳᠡᠭᠯᠡᠯ ᠨᠢ ᠪᠦᠷᠢᠨ ᠪᠤᠰᠤ᠂ ᠪᠡᠯᠡᠳᠭᠡᠮᠵᠢ ᠲᠥᠬᠦᠭᠡᠷᠦᠮᠵᠢ ᠶᠢᠨ ᠬᠠᠮᠢᠶᠠᠷᠤᠯᠲᠠ ᠨᠢ ᠬᠦᠷᠦᠯᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ ᠭᠡᠵᠦ ᠵᠠᠷᠯᠠᠵᠠᠢ᠃      ᠬᠤᠷᠠᠯ ᠠᠴᠠ᠂ ᠡᠯ᠎ᠡ ᠰᠤᠷᠭᠠᠭᠤᠯᠢ ᠶᠢᠨ ᠭᠠᠳᠠᠨᠠᠬᠢ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠡᠷᠬᠡᠪᠰᠢ ᠰᠤᠷᠤᠭᠴᠢᠳ ᠤᠨ ᠡᠷᠡᠭᠦᠯ ᠮᠡᠨᠳᠦ ᠳᠤ ᠬᠠᠷᠢᠭᠤᠴᠠᠯᠭ᠎ᠠ ᠡᠭᠦᠷᠭᠡᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵ᠊ ᠤ᠂ ᠬᠤᠭᠤᠯᠠ ᠢᠳᠡᠬᠦ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠢ ᠪᠠᠲᠤᠯᠠᠵᠤ᠂ ᠭᠡᠷ ᠤᠨ ᠠᠬᠠᠮᠠᠳ ᠢ ᠰᠠᠨᠠᠭ᠎ᠠ ᠠᠮᠤᠷ᠂ ᠰᠡᠳᠬᠢᠯ ᠠᠮᠤᠷ ᠪᠠᠶᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠨᠢᠭᠡ ᠳᠤ᠂ ᠢᠳᠡᠭᠡᠨ ᠤ ᠠᠮᠤᠷ ᠲᠦᠪᠰᠢᠨ ᠤ ᠲᠤᠬᠠᠢ ᠲᠠᠨᠢᠯᠲᠠ ᠪᠠᠨ ᠳᠠᠬᠢᠨ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠪᠠᠨ ᠳᠠᠬᠢᠨ ᠪᠠᠲᠤᠳᠬᠠᠨ᠂ ᠡᠯ᠎ᠡ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠬᠠᠤᠯᠢ ᠴᠠᠭᠠᠵᠠ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠰᠤᠷᠤᠭᠴᠢᠳ ᠤᠨ ᠠᠮᠤᠷ ᠲᠦᠪᠰᠢᠨ ᠡᠷᠡᠭᠦᠯ ᠮᠡᠨᠳᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠬᠤᠶᠠᠷ ᠲᠤ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠬᠠᠷᠢᠭᠤ ᠲᠤᠰᠬᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠰᠢᠶᠠᠨ ᠤ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠰᠤᠷᠤᠭᠴᠢᠳ ᠤᠨ ᠢᠳᠡᠭᠡᠨ ᠤᠮᠳᠠᠭᠠᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1