ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠨᠢ ᠳᠥᠭᠦᠮ ᠳᠥᠲᠡ᠂ ᠣᠷᠴᠢᠨ ᠠᠬᠤᠢ ᠶᠢ ᠬᠠᠮᠠᠭᠠᠯᠠᠬᠤ᠂ | ᠠᠷᠪᠢᠲᠠᠢ ᠪᠠᠶᠢᠬᠤ ᠣᠨᠴᠠᠯᠢᠭ ᠢᠶᠠᠷ ᠢᠶᠠᠨ ᠠᠷᠠᠳ ᠣᠯᠠᠨ ᠤ ᠶᠠᠪᠤᠵᠤ ᠰᠠᠭᠤᠬᠤ ᠴᠢᠬᠤᠯᠠ ᠪᠠᠭᠠᠵᠢ ᠪᠣᠯᠵᠤ ᠪᠠᠶᠢᠨ᠎ᠠ᠃ | ᠭᠡᠲᠡᠯ᠎ᠡ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠵᠤᠭᠰᠤᠭᠠᠬᠤ ᠴᠠᠬᠢᠯᠭᠠᠨ ᠴᠡᠨᠡᠭᠯᠡᠬᠦ ᠨᠢ ᠴᠦ ᠤᠯᠠᠮ ᠢᠶᠠᠷ | ᠨᠢᠭᠡ ᠶᠡᠭᠡ ᠪᠡᠷᠬᠡ ᠠᠰᠠᠭᠤᠳᠠᠯ ᠪᠣᠯᠵᠤ ᠪᠠᠶᠢᠭ᠎ᠠ ᠪᠥᠭᠡᠳ ᠮᠠᠰᠢ ᠣᠯᠠᠨ ᠠᠮᠤᠷ ᠲᠦᠪᠰᠢᠨ ᠤ ᠳᠠᠯᠳᠠ ᠬᠡᠮ | ᠤᠷᠤᠰᠢᠵᠦ ᠪᠠᠶᠢᠨ᠎ᠠ᠃ ᠣᠶᠢᠷ᠎ᠠ ᠶᠢᠨ ᠵᠢᠯ ᠠᠴᠠ᠂ ᠾᠧᠪᠸᠢ ᠮᠤᠵᠢ ᠶᠢᠨ ᠰᠢᠩᠲ᠋ᠠᠢ ᠬᠤᠳᠠ ᠶᠢᠨ ᠬᠢᠨ ᠰᠠᠭᠤᠭᠠᠯᠢ | ᠠᠷᠠᠳ ᠤᠨ ᠪᠣᠳᠠᠲᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠣᠷᠣᠨ ᠰᠠᠭᠤᠴᠠ ᠶᠢᠨ ᠲᠣᠭᠤᠷᠢᠭ ᠤᠨ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠥᠪᠯᠡᠷᠡᠭᠦᠯᠦᠨ ᠵᠣᠭᠰᠤᠭᠠᠬᠤ ᠲᠠᠯᠠᠪᠤᠷ ᠪᠣᠯᠣᠨ ᠴᠠᠬᠢᠯᠭᠠᠨ | ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠬᠤᠴᠣᠷᠤᠩᠭᠤᠢ᠂ ᠲᠥᠪᠯᠡᠷᠡᠭᠦᠯᠦᠨ ᠴᠠᠬᠢᠯᠭᠠᠨ ᠴᠡᠨᠡᠭᠯᠡᠵᠦ ᠰᠦᠢᠳᠬᠡᠯ ᠬᠤᠷᠢᠶᠠᠬᠤ ᠨᠢ | ᠬᠡᠳᠤ ᠥᠨᠳᠥᠷ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ︽ᠠᠷᠠᠳ ᠤᠨ ᠠᠮᠢᠳᠤᠷᠠᠯ︾ ᠢ | ᠰᠠᠶᠢᠵᠢᠷᠠᠭᠤᠯᠬᠤ ᠯᠠᠪᠯᠠᠯᠲᠠ ᠪᠤᠯᠭᠠᠵᠤ ᠪᠤᠯᠬᠤ ᠠᠷᠭ᠎ᠠ ᠵᠠᠮ ᠢ ᠬᠠᠶᠢᠨ ᠰᠦᠪᠡᠭᠴᠢᠯᠡᠵᠡᠢ᠃ | ︽ᠨᠢᠭᠡᠳᠬᠡᠬᠦ︾ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠬᠡᠮᠵᠢᠶ᠎ᠡ ᠪᠠᠷ ᠲᠦᠯᠬᠢᠨ ᠠᠬᠢᠭᠤᠯᠵᠤ᠂ | ᠬᠦᠴᠦ ᠪᠠᠨ ᠬᠠᠮᠲᠤᠳᠬᠠᠨ ᠪᠡᠷᠬᠡ ᠠᠰᠠᠭᠤᠳᠠᠯ ᠢ ᠰᠢᠢᠳᠪᠦᠷᠢᠯᠡᠨ᠎ᠡ᠃ ᠠᠵᠢᠯ ᠤᠨ ᠤᠳᠤᠷᠢᠳᠬᠤ ᠳᠤᠭᠤᠶᠢᠯᠠᠩ | ᠪᠠᠶᠢᠭᠤᠯᠵᠤ᠂ ᠣᠷᠣᠨ ᠰᠠᠭᠤᠴᠠ ᠶᠢᠨ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ | ᠴᠡᠨᠡᠭᠯᠡᠬᠦ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ ᠢ ᠲᠣᠭᠲᠠᠭᠠᠵᠤ᠂ | ᠵᠢᠯᠤᠭᠤᠳᠬᠤ ᠦᠵᠡᠯ ᠰᠠᠨᠠᠭ᠎ᠠ᠂ ᠠᠵᠢᠯ ᠤᠨ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠬᠤ | ᠬᠡᠷᠡᠭᠲᠡᠢ᠃ ︽ᠬᠠᠷᠢᠶ᠎ᠠ ᠭᠠᠵᠠᠷ ᠠᠴᠠ ᠬᠠᠷᠢᠭᠤᠴᠠᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ︾ ᠵᠠᠷᠴᠢᠮ | ᠶᠣᠰᠣᠭᠠᠷ᠂ ᠣᠯᠠᠨ ᠰᠠᠯᠠᠭ᠎ᠠ ᠮᠥᠴᠢᠷ ᠨᠢ ᠵᠣᠬᠢᠴᠠᠭᠤᠯᠤᠨ ᠬᠠᠮᠲᠤᠷᠠᠨ ᠬᠥᠳᠡᠯᠦᠯᠴᠡᠵᠦ᠂ ᠵᠦᠯᠭᠡ ᠭᠠᠵᠠᠷ ᠢ ᠡᠵᠡᠯᠡᠨ | ᠬᠡᠷᠡᠭᠯᠡᠬᠦ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ᠂ ᠴᠠᠬᠢᠯᠭᠠᠨ ᠤ ᠦᠨ᠎ᠡ ᠬᠠᠩᠰᠢ᠂ ᠲᠠᠯᠠᠪᠤᠷ ᠭᠠᠵᠠᠷ | ᠲᠣᠬᠢᠷᠠᠭᠤᠯᠬᠤ ᠵᠡᠷᠭᠡ ᠠᠰᠠᠭᠤᠳᠠᠯ ᠢ ᠨᠢᠭᠡ ᠨᠢᠭᠡ ᠪᠠᠷ ᠬᠦᠴᠦ ᠪᠠᠨ ᠬᠠᠮᠳᠤᠷᠠᠨ ᠰᠢᠢᠳᠪᠦᠷᠢᠯᠡᠨ᠎ᠡ᠃ ᠲᠤᠬᠠᠢ ᠶᠢᠨ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠦᠯᠡᠳᠡᠭᠡᠯ ᠤᠷᠤᠨ ᠰᠠᠭᠤᠴᠠ ᠶᠢᠨ ᠲᠣᠭᠤᠷᠢᠭ ᠲᠤ ᠴᠠᠬᠢᠯᠭᠠᠨ | ᠴᠡᠨᠡᠭᠯᠡᠬᠦ ᠲᠦᠭᠦᠭᠡᠷᠦᠮᠵᠢ ᠨᠡᠮᠡᠵᠦ ᠪᠠᠶᠢᠭᠤᠯᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠲᠤᠰᠢᠶᠠᠭᠠᠳᠦᠢ ᠰᠢᠨ᠎ᠡ ᠪᠠᠷ | ᠪᠠᠶᠢᠭᠤᠯᠤᠭᠰᠠᠨ ᠤᠷᠤᠨ ᠰᠠᠭᠤᠴᠠ ᠶᠢᠨ ᠲᠣᠭᠤᠷᠢᠭ ᠲᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠥᠪᠯᠡᠷᠡᠭᠦᠯᠦᠨ ᠵᠣᠭᠰᠤᠭᠠᠬᠤ ᠲᠠᠯᠠᠪᠤᠷ ᠭᠠᠵᠠᠷ ᠪᠠ ᠴᠠᠬᠢᠯᠭᠠᠨ | ᠴᠡᠨᠡᠭᠯᠡᠬᠦ ᠲᠠᠯᠠᠪᠠᠢ ᠲᠥᠯᠥᠪᠵᠢᠭᠦᠯᠦᠨ ᠲᠣᠬᠢᠷᠠᠭᠤᠯᠬᠤ ᠬᠡᠷᠡᠭᠲᠡᠢ᠃ ᠲᠣᠬᠢᠷᠠᠭᠤᠯᠬᠤ ᠲᠤᠭ᠎ᠠ ᠬᠡᠮᠵᠢᠶ᠎ᠡ ᠶᠢ | ᠲᠤᠳᠤᠷᠬᠠᠶᠢᠯᠠᠨ᠎ᠠ᠂ ᠣᠷᠣᠨ ᠰᠠᠭᠤᠴᠠ ᠶᠢᠨ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ | ᠵᠣᠭᠰᠣᠭᠠᠯ ᠢ ᠡᠷᠦᠬᠡ ᠪᠦᠷᠢ ᠳᠤ 2 ᠠᠴᠠ ᠲᠡᠭᠡᠭᠡᠰᠢ ᠴᠠᠬᠢᠯᠭᠠᠨ ᠬᠦᠳᠡᠯᠭᠡᠭᠦᠷᠳᠦ ᠲᠡᠷᠭᠡ ᠵᠤᠭᠰᠤᠭᠠᠬᠤ ᠤᠷᠤ 1 | ᠴᠠᠬᠢᠯᠭᠠᠨ ᠴᠡᠨᠡᠭᠯᠡᠬᠦ ᠤᠷᠦ ᠪᠠᠶᠢᠭᠤᠯᠬᠤ ᠪᠠᠷᠢᠮᠵᠢᠶ᠎ᠠ ᠪᠠᠷ ᠴᠠᠬᠢᠯᠭᠠᠨ ᠴᠡᠨᠡᠭᠯᠡᠬᠦ ᠲᠦᠭᠦᠭᠡᠷᠦᠮᠵᠢ ᠶᠢ ᠲᠣᠬᠢᠷᠠᠭᠤᠯᠤᠨ᠎ᠠ᠃ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠤᠳᠤᠷᠬᠠᠶᠢᠯᠠᠨ᠎ᠠ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ | ᠵᠤᠭᠰᠤᠭᠠᠯ ᠤᠨ ᠴᠠᠬᠢᠯᠭᠠᠨ ᠴᠡᠨᠡᠭᠯᠡᠬᠦ ᠶᠢ ᠤᠶᠤᠨᠴᠢ ᠡᠵᠡᠮᠳᠡᠬᠦ ᠲᠥᠬᠦᠭᠡᠷᠦᠮᠵᠢ ᠤᠭᠰᠠᠷᠠᠵᠤ᠂ ᠴᠠᠬᠢᠯᠭᠠᠨ ᠴᠡᠨᠡᠭᠯᠡᠵᠦ | ᠲᠠᠭᠤᠰᠪᠠᠯ ᠴᠠᠬᠢᠯᠭᠠᠨ ᠲᠠᠰᠤᠷᠠᠬᠤ᠂ ᠴᠠᠬᠢᠯᠭᠠᠨ ᠴᠡᠨᠡᠭᠯᠡᠬᠦ ᠳᠤ ᠬᠡᠪ ᠤᠨ ᠪᠤᠰᠤ ᠪᠠᠶᠢᠳᠠᠯ ᠳᠤ ᠠᠦ᠋ᠲ᠋ᠣ᠋ ᠴᠠᠬᠢᠯᠭᠠᠨ | ᠲᠠᠰᠤᠷᠠᠬᠤ᠂ ᠬᠦᠴᠦᠯᠡᠴᠡ ᠬᠠᠮᠠᠭᠠᠯᠠᠬᠤ ᠲᠦᠭᠦᠭᠡᠷᠦᠮᠵᠢ᠂ ᠴᠠᠬᠢᠯᠭᠠᠨ ᠴᠡᠨᠡᠭᠯᠡᠬᠦ ᠳᠤ ᠰᠠᠭᠠᠳ ᠲᠣᠳᠬᠠᠷ ᠤᠨ | ᠲᠦᠭᠰᠢᠭᠦᠷᠢ ᠮᠡᠳᠡᠭᠦᠯᠬᠦ ᠵᠡᠷᠭᠡ ᠴᠢᠳᠠᠮᠵᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ | ︽ᠪᠠᠲᠤᠯᠠᠬᠤ︾ ᠠᠷᠭ᠎ᠠ ᠪᠠᠷᠢᠯ ᠢ ᠬᠡᠷᠡᠭᠯᠡᠨ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠷᠭ᠎ᠠ | ᠵᠠᠮ ᠤᠨ ᠰᠢᠨ᠎ᠡ ᠶᠢ ᠡᠭᠦᠳᠦᠨ᠎ᠡ᠃ ᠣᠷᠣᠨ ᠰᠠᠭᠤᠴᠠ ᠶᠢᠨ ᠲᠣᠭᠤᠷᠢᠭ ᠤᠨ ᠴᠠᠬᠢᠯᠭᠠᠨ ᠴᠡᠨᠡᠭᠯᠡᠬᠦ ᠲᠦᠭᠦᠭᠡᠷᠦᠮᠵᠢ | ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠭᠰᠠᠨ ᠰᠠᠭᠤᠷᠢᠨ ᠳᠡᠭᠡᠷ᠎ᠡ᠂ ᠠᠵᠢᠯ ᠤᠨ ᠠᠷᠭ᠎ᠠ | ᠬᠡᠮᠵᠢᠶ᠎ᠡ ᠶᠢᠨ ᠰᠢᠨ᠎ᠡ ᠶᠢ ᠡᠭᠦᠳᠴᠦ᠂ ᠭᠤᠷᠪᠠᠳᠠᠭᠢ ᠡᠲᠡᠭᠡᠳ ᠤᠨ ᠡᠵᠡᠩᠨᠡᠯᠲᠡ ᠶᠢᠨ ᠺᠣᠮᠫᠠᠨᠢ᠂ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠶᠢ ᠰᠢᠮᠳᠠᠭᠤᠯᠵᠤ ᠪᠠᠶᠢᠭᠠᠳ ᠴᠠᠬᠢᠯᠭᠠᠨ ᠴᠡᠨᠡᠭᠯᠡᠬᠦ ᠲᠦᠭᠦᠭᠡᠷᠦᠮᠵᠢ ᠶᠢᠨ | ᠡᠵᠡᠩᠨᠡᠯᠲᠡ ᠬᠠᠮᠢᠶᠠᠷᠤᠯᠲᠠ ᠶᠢᠨ ᠭᠤᠣᠯ ᠨᠢᠭᠡᠴᠢ ᠪᠣᠯᠭᠠᠵᠤ᠂ ︽ᠬᠡᠨ ᠡᠵᠡᠩᠨᠡᠪᠡᠯ ᠬᠡᠨ ᠬᠠᠷᠢᠭᠤᠴᠠᠵᠦ ᠬᠡᠨ | ᠲᠠᠭᠠᠳᠬᠠᠯ ᠳᠤ ᠤᠷᠤᠭᠤᠯᠬᠤ︾ ᠪᠠ ︽ᠲᠦᠭᠰᠢᠭᠦᠷᠢ ᠶᠢ ᠪᠠᠭᠤᠷᠠᠭᠤᠯᠬᠤ᠂ ᠰᠠᠭᠤᠭᠠᠯᠢ ᠠᠷᠠᠳ ᠤᠨ ᠠᠮᠦᠷ | ᠲᠦᠪᠰᠢᠨ ᠢ ᠪᠠᠲᠤᠯᠠᠬᠤ᠂ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠬᠦ︾ ᠵᠠᠷᠴᠢᠮ ᠢ ᠦᠨᠳᠦᠰᠦᠯᠡᠨ᠂ ᠲᠥᠪᠯᠡᠷᠡᠭᠦᠯᠦᠨ | ᠴᠠᠬᠢᠯᠭᠠᠨ ᠴᠡᠨᠡᠭᠯᠡᠬᠦ ᠲᠡᠷᠭᠡ ᠶᠢ ︽ᠳᠠᠭᠠᠳᠬᠠᠯ ᠳᠤ ᠣᠷᠣᠭᠤᠯᠬᠤ︾ ᠶᠢ ᠢᠳᠡᠪᠬᠢᠲᠡᠢ ᠪᠠᠷ ᠠᠬᠢᠭᠤᠯᠤᠨ᠎ᠠ᠃ ᠡᠯ᠎ᠡ | ᠭᠠᠵᠠᠷ ᠤᠨ ᠬᠢᠨ ᠤ ᠴᠠᠬᠢᠯᠭᠠᠨ ᠴᠡᠨᠡᠭᠯᠡᠬᠦ ᠲᠦᠭᠦᠭᠡᠷᠦᠮᠵᠢ ᠶᠢᠨ ᠡᠵᠡᠩᠨᠡᠯᠲᠡ ᠶᠢᠨ ᠨᠢᠭᠡᠴᠢ ᠶᠢ ᠵᠣᠬᠢᠶᠠᠨ ᠪᠠᠶᠢᠭᠤᠯᠤᠨ | ᠳᠠᠭᠠᠳᠬᠠᠯ ᠤᠨ ᠺᠣᠮᠫᠠᠨᠢ ᠯᠤᠭ᠎ᠠ ᠨᠢᠭᠲᠠ ᠬᠠᠮᠲᠤᠷᠠᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠲᠥᠰᠥᠯ ᠢ ᠰᠤᠳᠤᠯᠤᠨ ᠲᠣᠭᠲᠠᠭᠠᠵᠤ᠂ ᠴᠠᠬᠢᠯᠭᠠᠨ ᠴᠡᠨᠡᠭᠯᠡᠬᠦ ᠲᠦᠭᠦᠭᠡᠷᠦᠮᠵᠢ ᠳᠤ ᠠᠮᠤᠷ ᠲᠦᠪᠰᠢᠨ ᠤ | ᠪᠠᠲᠤᠯᠠᠭ᠎ᠠ ᠶᠢ ᠢᠳᠡᠪᠬᠢᠲᠡᠢ ᠬᠠᠩᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ | ᠠᠮᠤᠷ ᠲᠦᠪᠰᠢᠨ ᠢ ᠨᠠᠩ ᠰᠠᠶᠢᠲᠤᠷ ᠪᠠᠲᠤᠯᠠᠵᠤ᠂ ᠰᠠᠭᠤᠭᠠᠯᠢ ᠠᠷᠠᠳ ᠤᠨ ᠲᠡᠷᠭᠡ ᠵᠤᠭᠰᠤᠭᠠᠬᠤ ᠴᠠᠬᠢᠯᠭᠠᠨ | ᠴᠡᠨᠡᠭᠯᠡᠬᠦ ᠶᠢᠨ ᠵᠣᠪᠠᠨᠢᠯ ᠢ ᠰᠢᠢᠳᠪᠦᠷᠢᠯᠡᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ᠣᠲᠣ ᠪᠣᠯᠲᠠᠯ᠎ᠠ᠂ | ᠨᠢᠭᠡᠨᠲᠡ 2 ᠣᠷᠣᠨ ᠰᠠᠭᠤᠴᠠ ᠶᠢᠨ ᠲᠣᠭᠤᠷᠢᠭ ᠤᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠡᠵᠡᠩᠨᠡᠯᠲᠡ ᠶᠢᠨ | ᠨᠢᠭᠡᠴᠢ ᠳᠠᠭᠠᠳᠬᠠᠯ ᠤᠨ ᠺᠣᠮᠫᠠᠨᠢ ᠲᠠᠢ ᠳᠠᠭᠠᠳᠬᠠᠯ ᠤᠨ ᠭᠡᠷ᠎ᠡ ᠳᠤ ᠭᠠᠷ ᠤᠨ ᠥᠰᠥᠭ ᠵᠢᠷᠤᠵᠤ᠂ ᠨᠡᠶᠢᠲᠡ 1700 | ᠭᠠᠷᠤᠢ ᠴᠠᠬᠢᠯᠭᠠᠨ ᠴᠡᠨᠡᠭᠯᠡᠬᠦ ᠱᠤᠩ ᠲᠠᠢ ᠬᠤᠯᠪᠣᠭᠳᠠᠵᠤ᠂ ᠳᠠᠭᠠᠳᠬᠠᠯ ᠤᠨ ᠮᠥᠩᠭᠦ ᠶᠢᠨ ᠨᠡᠶᠢᠲᠡ ᠲᠤᠭ᠎ᠠ ᠨᠢ | 100 ᠲᠦᠮᠡᠨ ᠲᠥᠭᠦᠷᠢᠭ ᠲᠤ ᠬᠦᠷᠴᠡᠢ᠃ | ︽ᠵᠠᠰᠠᠯᠳᠠ︾ ᠶᠢᠨ ᠠᠵᠢᠯ ᠢ ᠰᠠᠶᠢᠲᠤᠷ ᠬᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ᠂ ᠶᠡᠷᠦᠩᠬᠡᠶᠢᠯᠡᠭᠰᠡᠨ ᠵᠠᠰᠠᠯᠳᠠ ᠶᠢ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ ᠭᠠᠵᠠᠷ ᠢ ᠬᠥᠲᠥᠯᠥᠨ | ᠵᠢᠯᠤᠭᠤᠳᠴᠤ ᠪᠠᠶᠢᠭᠠᠳ ᠣᠯᠠᠨ ᠡᠰᠢᠴᠢᠯᠡᠭᠰᠡᠨ ᠴᠠᠬᠢᠯᠭᠠᠨ ᠴᠡᠨᠡᠭᠯᠡᠬᠦ ᠠᠷᠭ᠎ᠠ ᠮᠠᠶ᠋ᠢᠭ ᠢ ᠪᠠᠶᠢᠭᠤᠯᠵᠤ᠂ ᠴᠡᠴᠡᠷᠯᠢᠭ᠂ | ᠵᠡᠭᠡᠯᠢ ᠭᠤᠳᠤᠮᠵᠢ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠠᠬᠢᠯᠭᠠᠨ ᠴᠡᠨᠡᠭᠯᠡᠬᠦ ᠱᠣᠩ ᠨᠡᠮᠡᠵᠦ ᠭᠠᠷᠭᠠᠬᠤ ᠶᠢ | ᠨᠢᠭᠡᠳᠦᠯᠲᠡᠢ ᠲᠥᠯᠥᠪᠯᠡᠨ᠂ ᠬᠠᠮᠲᠤ ᠪᠠᠷ ᠡᠳ᠋ᠯᠡᠬᠦ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠨᠠᠮ ᠵᠠᠰᠠᠭ ᠤᠨ | ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠬᠦᠷᠢᠶᠡᠨ ᠳᠠᠬᠢ ᠣᠲᠣ ᠶᠢᠨ ᠪᠠᠶᠢᠭ᠎ᠠ ᠲᠠᠯᠠᠪᠤᠷ ᠭᠠᠵᠠᠷ ᠢ | ᠠᠰᠢᠭᠯᠠᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠱᠣᠩ ᠨᠡᠮᠡᠵᠦ ᠭᠠᠷᠭᠠᠬᠤ ᠶᠢ | ᠵᠣᠷᠢᠭᠵᠢᠭᠤᠯᠵᠤ᠂ ᠣᠯᠠᠨ ᠠᠷᠭ᠎ᠠ ᠵᠠᠮ ᠢᠶᠠᠷ ᠤᠷᠤᠨ ᠰᠠᠭᠤᠴᠠ ᠶᠢᠨ ᠲᠣᠭᠤᠷᠢᠭ ᠤᠨ ᠴᠠᠬᠢᠯᠭᠠᠨ ᠴᠡᠨᠡᠭᠯᠡᠬᠦ | ᠳᠠᠷᠤᠯᠲᠠ ᠶᠢ ᠬᠦᠩᠭᠡᠷᠡᠭᠦᠯᠦᠨ᠎ᠡ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠳᠤ | ᠰᠦᠢᠳᠬᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠵᠤ᠂ ᠴᠠᠬᠢᠯᠭᠠᠨ ᠴᠡᠨᠡᠭᠯᠡᠬᠦ ᠲᠦᠭᠦᠭᠡᠷᠦᠮᠵᠢ ᠶᠢ ᠰᠠᠭᠤᠭᠠᠯᠢ | ᠠᠷᠠᠳ ᠤᠨ ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠳᠤ ᠵᠠᠯᠭᠠᠨ ᠣᠷᠣᠭᠤᠯᠬᠤ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠲᠣᠳᠣᠷᠬᠠᠶᠢᠯᠠᠨ᠂ ᠵᠠᠬ᠎ᠠ ᠳᠡᠯᠭᠡᠭᠦᠷ ᠤᠨ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠵᠤ᠂ ᠴᠠᠬᠢᠯᠭᠠᠨ | ᠴᠡᠨᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠰᠠᠭᠤᠭᠠᠯᠢ ᠠᠷᠠᠳ ᠤᠨ ᠬᠡᠷᠡᠭᠯᠡᠬᠦ ᠨᠣᠷᠮ᠎ᠠ ᠶᠢ ᠪᠦᠲᠦᠮᠵᠢᠲᠡᠶ | ᠳᠡᠭᠡᠭᠰᠢᠯᠡᠭᠦᠯᠦᠨ᠎ᠡ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠡᠷ᠎ᠡ ᠳᠤ | ᠪᠣᠯᠵᠣᠨ ᠲᠣᠭᠲᠠᠭᠰᠠᠨ ᠶᠣᠰᠣᠭᠠᠷ ᠤᠷᠤᠨ ᠰᠠᠭᠤᠴᠠ ᠶᠢᠨ ᠲᠣᠭᠤᠷᠢᠭ ᠤᠨ ᠬᠠᠮᠲᠤ ᠪᠠᠷ ᠬᠡᠷᠡᠭᠯᠡᠬᠦ ᠭᠠᠯ ᠰᠡᠷᠭᠡᠶᠢᠯᠡᠨ | ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠠᠰᠠᠷ ᠲᠠᠭᠲᠤ ᠶᠢᠨ | ᠴᠠᠬᠢᠯᠭᠠᠨ ᠱᠠᠲᠤᠨ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠷᠤᠭᠤᠯᠬᠤ ᠶᠢ ᠣᠶᠤᠨᠴᠢ ᠬᠤᠷᠢᠭᠯᠠᠬᠤ | ᠰᠢᠰᠲ᠋ᠧᠮ ᠢ ᠨᠡᠮᠡᠵᠦ ᠤᠭᠰᠠᠷᠠᠬᠤ ᠶᠢ ᠠᠬᠢᠭᠤᠯᠵᠤ᠂ ︽ᠠᠷᠠᠳ ᠤᠨ ᠠᠭᠠᠷ ᠤᠨ ᠰᠡᠷᠭᠡᠶᠢᠯᠡᠯᠲᠡ + ᠮᠡᠷᠭᠡᠵᠢᠯ ᠤᠨ | ᠰᠡᠷᠭᠡᠶᠢᠯᠡᠯᠲᠡ︾ ᠪᠠᠷ ᠳᠠᠮᠵᠢᠭᠤᠯᠤᠨ ᠰᠠᠭᠤᠭᠠᠯᠢ ᠠᠷᠠᠳ ᠢ ᠦᠷᠭᠦᠯᠵᠢᠯᠡᠨ ᠬᠥᠲᠥᠯᠥᠨ ᠵᠢᠯᠤᠭᠤᠳᠴᠤ ᠪᠠᠶᠢᠭᠠᠳ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ | ᠡᠷᠦᠬᠡ ᠳᠤ ᠤᠷᠤᠭᠤᠯᠵᠦ ᠴᠠᠬᠢᠯᠭᠠᠨ ᠴᠡᠨᠡᠭᠯᠡᠬᠦ᠂ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠵᠤ ᠵᠠᠯᠭᠠᠬᠤ ᠵᠡᠷᠭᠡ | ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠢ᠃ | ᠣᠷᠣᠨ ᠰᠠᠭᠤᠴᠠ ᠶᠢᠨ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠤᠭᠰᠤᠭᠠᠬᠤ | ᠴᠠᠬᠢᠯᠭᠠᠨ ᠴᠡᠨᠡᠭᠯᠡᠬᠦ ᠪᠣᠯ ᠠᠷᠠᠳ ᠣᠯᠠᠨ ᠤ ᠳᠡᠷᠭᠡᠳᠡᠬᠢ ︽ᠪᠠᠴᠢᠮ ᠬᠦᠴᠢᠷ ᠵᠤᠪᠠᠨᠢᠯ ᠬᠦᠰᠡᠯ︾ ᠠᠰᠠᠭᠤᠳᠠᠯ ᠢ | ᠰᠢᠢᠳᠪᠦᠷᠢᠯᠡᠬᠦ ᠵᠠᠩᠭᠢᠯᠠᠭ᠎ᠠ ᠶᠢᠨ ᠭᠤᠭᠴᠤᠭ᠎ᠠ ᠮᠥᠨ᠂ ᠲᠡᠷᠡ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ | ᠲᠤᠰᠠ ᠂ ᠬᠤᠲᠠ ᠶᠢᠨ ᠠᠮᠤᠷ ᠲᠦᠪᠰᠢᠨ ᠠᠵᠢᠯᠯᠠᠭᠠᠨ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠵᠤ | ᠪᠠᠶᠢᠳᠠᠭ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠨᠡᠩ ᠠᠮᠤᠷ | ᠲᠦᠪᠰᠢᠨ᠂ ᠳᠥᠭᠦᠮ ᠳᠥᠲᠡ᠂ ᠲᠠᠭᠠᠯᠠᠮᠵᠢᠲᠠᠢ ᠠᠮᠢᠳᠤᠷᠠᠯ ᠤᠨ ᠣᠷᠣᠨ ᠪᠦᠰᠡ ᠶᠢ ᠬᠦᠴᠦᠯᠡᠨ ᠪᠠᠶᠢᠭᠤᠯᠵᠤ᠂ | ᠥᠷᠭᠡᠨ ᠤᠯᠠᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |