ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/1
      ᠰᠢᠶᠠᠨ ᠤ ᠬᠡᠪᠴᠢᠶᠡᠨ ᠳᠠᠬᠢ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠠᠮᠤᠷ ᠲᠦᠪᠰᠢᠨ ᠤ ᠵᠠᠰᠠᠯᠲᠠ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠬᠠᠤᠯᠢ ᠶᠣᠰᠣᠨ ᠤ ᠪᠠ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢ ᠵᠢᠷᠤᠮᠵᠢᠭᠤᠯᠤᠨ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠰᠡᠷᠭᠡᠶᠢᠯᠡᠨ ᠡᠵᠡᠮᠳᠡᠬᠦ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠭᠠᠯ ᠤᠨ ᠠᠶᠤᠯ ᠭᠠᠷᠬᠤ ᠶᠢ ᠡᠷᠡᠰ ᠬᠤᠷᠢᠭᠯᠠᠬᠤ ᠶᠢᠨ ᠲᠦᠯᠦᠭᠡ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠬᠤᠶᠠᠷ ᠢ ᠪᠠᠭᠠᠰᠬᠠᠬᠤ︾ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠶᠢᠷ᠎ᠠ ᠳᠤ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠰᠣᠶᠣᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ︽ᠳᠥᠷᠪᠡᠨ ᠪᠢᠰᠢ ᠬᠤᠶᠠᠷ ᠰᠢᠯᠤᠭᠤᠨ︾ ᠬᠡᠯᠪᠡᠷᠢ ᠪᠠᠷ ᠰᠢᠶᠠᠨ ᠤ ᠬᠡᠪᠴᠢᠶᠡᠨ ᠳᠠᠬᠢ 7 ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠳᠤ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠳᠤ ᠪᠤᠯᠪᠠᠰᠤᠷᠠᠯ ᠤᠨ ᠲᠠᠯᠠᠪᠤᠷ ᠭᠠᠵᠠᠷ ᠨᠢ ᠭᠠᠯ ᠤᠨᠲᠠᠷᠠᠭᠠᠬᠤ ᠵᠢᠷᠤᠮᠵᠢᠯ ᠤᠨ ᠱᠠᠭᠠᠷᠳᠠᠯᠭ᠎ᠠ ᠳᠤ ᠬᠦᠷᠦᠭᠰᠡᠨ ᠡᠰᠡᠬᠦ ᠶᠢ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠳᠤ ᠬᠤᠨᠣᠭᠴᠢ ᠪᠠᠶᠢᠬᠤ ᠡᠰᠡᠬᠦ︔ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ︔ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠳᠤ ᠨᠢᠭᠤᠭᠳᠠᠮᠠᠯ᠂ ᠣᠨᠳᠣᠣᠰᠢᠭᠰᠠᠨ ᠰᠢᠨᠵᠢᠯᠡᠭᠡᠨ ᠤ ᠲᠥᠷᠥᠯ ᠤᠨ ᠪᠤᠯᠪᠠᠰᠤᠷᠠᠯ ᠪᠠᠶᠢᠬᠤ ᠡᠰᠡᠬᠦ︔ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠳᠤ ᠰᠤᠷᠭᠠᠭᠤᠯᠢ ᠡᠷᠭᠢᠯᠡᠬᠦ ᠶᠠᠪᠤᠴᠠ ᠳᠤ ᠲᠣᠭᠲᠠᠭᠠᠯ   ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ  ᠲᠠᠢ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠬᠠᠷᠢᠭᠤ ᠲᠤᠰᠬᠠᠵᠤ᠂ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠵᠠᠷᠯᠢᠭᠳᠠᠵᠤ ᠪᠠᠶᠢᠭᠠᠳ ᠳᠠᠷᠤᠢ ᠲᠦᠷᠭᠡᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠳᠤ ᠴᠥᠮ ᠡᠳᠦᠷ ᠲᠤᠲᠤᠮ ᠤᠨ ᠬᠠᠮᠢᠶᠠᠷᠤᠯᠲᠠ ᠪᠠ ᠠᠵᠢᠯᠲᠠᠨ ᠤ ᠪᠤᠯᠪᠠᠰᠤᠷᠠᠯ ᠢ ᠴᠢᠩᠭᠠᠳᠬᠠᠵᠤ᠂ ᠰᠤᠷᠤᠭᠴᠢᠳ ᠤᠨ ᠠᠮᠤᠷ ᠲᠦᠪᠰᠢᠨ ᠢ ᠡᠷᠡᠰ ᠬᠠᠮᠠᠭᠠᠯᠠᠬᠤ ᠶᠢᠨ ᠬᠠᠮᠲᠤ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠬᠤ ᠬᠡᠷᠡᠭᠲᠡᠢ ᠭᠡᠵᠦ ᠮᠡᠳᠡᠭᠳᠡᠪᠡ᠃      ᠲᠠᠷᠠᠭᠠᠴᠢ ᠶᠢᠨ ᠠᠯᠬᠤᠮ ᠳᠤ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠰᠠᠭᠤᠷᠢ ᠶᠢ ᠭᠤᠣᠯᠳᠠᠯᠭ᠎ᠠ ᠲᠠᠢ ᠪᠠᠬᠢᠵᠢᠭᠦᠯᠵᠦ ᠂ ᠪᠤᠯᠪᠠᠰᠤᠷᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ᠂ ᠠᠮᠤᠷ ᠲᠦᠪᠰᠢᠨ ᠤ ᠬᠥᠮᠦᠵᠢᠯ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠳᠠᠯᠳᠠ ᠬᠡᠮ ᠢ ᠴᠡᠭᠴᠡᠯᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠬᠠᠷᠢᠭᠤᠴᠠᠯᠭ᠎ᠠ ᠨᠡᠬᠡᠮᠵᠢᠯᠡᠬᠦ ᠡᠯ᠎ᠡ ᠵᠠᠩᠭᠢᠯᠠᠭ᠎ᠠ ᠶᠢᠨ ᠳᠦᠷᠢᠮ ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠡᠷᠡᠰ ᠰᠠᠶᠢᠲᠤᠷ ᠬᠠᠮᠠᠭᠠᠯᠠᠵᠤ᠂ ᠮᠠᠨ ᠤ ᠰᠢᠶᠠᠨ ᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠡᠷᠡᠭᠦᠯ᠂ ᠵᠢᠷᠤᠮᠵᠢᠯ ᠲᠠᠢ᠂ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1