ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ  ᠶᠢᠨ ᠲᠣᠭᠤᠷᠢᠨ ᠪᠠᠶᠢᠴᠠᠭᠠᠯᠲᠠ ᠳᠠᠭᠤᠰᠪᠠ
ᠨᠡᠶᠢᠲᠡᠯᠡᠭᠰᠡᠨ ᠴᠠᠭ᠄
2024/2/1
      ᠰᠢᠶᠠᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢ  ᠦᠨᠳᠦᠰᠦᠯᠡᠨ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ ᠠᠵᠢᠯ ᠢ ᠣᠷᠴᠢᠮᠬᠠᠨ ᠳᠤ ᠪᠦᠬᠦᠨ ᠢᠶᠠᠷ ᠨᠢ ᠳᠠᠭᠤᠰᠬᠠᠪᠠ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ ᠠᠵᠢᠯ ᠢ ᠲᠥᠪᠯᠡᠷᠡᠭᠦᠯᠦᠨ ᠬᠠᠷᠢᠭᠤ ᠲᠤᠰᠬᠠᠬᠤ ᠪᠠ ︽ᠨᠢᠭᠡ ᠳᠤ ᠨᠢᠭᠡ︾ ᠶᠢᠨ ᠬᠠᠷᠢᠭᠤ ᠲᠤᠰᠬᠠᠬᠤ ᠶᠢ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠵᠠᠢ᠃ 1 ᠳ᠋ᠤᠭᠡᠷ ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠲᠥᠪᠯᠡᠷᠡᠭᠦᠯᠦᠨ ᠬᠠᠷᠢᠭᠤ ᠲᠤᠰᠬᠠᠬᠤ ᠬᠤᠷᠠᠯ ᠢ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠬᠢᠨᠠᠨ ᠵᠥᠪᠯᠡᠭᠰᠡᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ ᠶᠢᠨ ᠬᠤᠷᠠᠯ ᠤᠨ ᠵᠣᠷᠢᠭ ᠰᠠᠨᠠᠭ᠎ᠠ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠨᠡᠶᠢᠲᠡᠴᠢ ᠴᠢᠨᠠᠷᠲᠠᠢ ᠠᠰᠠᠭᠤᠳᠠᠯ ᠢ ᠮᠡᠳᠡᠭᠳᠡᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠲᠥᠪᠯᠡᠷᠡᠩᠭᠦᠢ ᠪᠠᠶᠢᠷᠢᠯᠠᠭᠤᠯᠤᠯᠲᠠ ᠬᠢᠵᠡᠢ᠃ 1 ᠳ᠋ᠤᠭᠡᠷ ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ 3 ᠴᠠᠭᠳᠠᠨ ᠪᠠᠶᠢᠴᠠᠭᠠᠬᠤ ᠳᠤᠭᠤᠶᠢᠯᠠᠩ 5 ᠨᠠᠮ ᠤᠨ ᠵᠣᠬᠢᠶᠠᠨ ᠪᠠᠶᠢᠭᠤᠯᠤᠯᠲᠠ ᠳᠤ ᠡᠩ ᠤᠨ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠲᠣᠰ ᠲᠣᠰ ᠬᠠᠷᠢᠭᠤ ᠲᠤᠰᠬᠠᠪᠠ᠃ ᠰᠢᠶᠠᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠨᠢ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠳᠤ ᠴᠠᠭᠳᠠᠨ ᠪᠠᠶᠢᠴᠠᠭᠠᠭᠠᠳ ᠢᠯᠡᠷᠡᠭᠦᠯᠦᠭᠰᠡᠨ ᠴᠢᠬᠤᠯᠠ ᠠᠰᠠᠭᠤᠳᠠᠯ ᠢ ᠮᠡᠳᠡᠭᠳᠡᠭᠰᠡᠨ ᠪᠥᠭᠡᠳ ᠤᠳᠤᠷᠢᠳᠬᠤ ᠪᠠᠭ ᠲᠤ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃      ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ ᠳᠠᠭᠠᠨ᠂ ᠣᠶᠢᠷ᠎ᠠ ᠶᠢᠨ ᠵᠢᠯ ᠠᠴᠠ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠶᠡᠭᠡ ᠲᠠᠯ᠎ᠠ ᠶᠢ ᠪᠣᠳᠣᠯᠬᠢᠯᠠᠨ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠴᠢᠩᠭᠠᠳᠬᠠᠵᠤ᠂ ᠨᠡᠯᠢᠶᠡᠳ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃      ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ ᠳᠤ ᠪᠠᠰᠠ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠠᠢ᠂ ᠵᠠᠷᠢᠮ ᠨᠢ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠬᠦᠷᠦᠯᠴᠡᠬᠦ ᠦᠭᠡᠢ᠂ ᠨᠠᠮ ᠤᠨ ᠰᠢᠨ᠎ᠡ ᠶᠢ ᠡᠭᠦᠳᠬᠦ ᠤᠨᠤᠯ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠲᠤᠰ ᠰᠢᠰᠲ᠋ᠧᠮ ᠲᠤᠰ ᠬᠦᠷᠢᠶᠡᠨ ᠳᠠᠬᠢ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭᠠᠨ ᠤ ᠤᠨᠤᠯ ᠤᠨ ᠰᠤᠷᠤᠯᠴᠠᠯᠭ᠎ᠠ ᠪᠠᠷ ᠬᠦᠷᠦᠯᠴᠡᠬᠦ ᠦᠭᠡᠢ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢ ᠵᠥᠪᠬᠡᠨ ᠤᠯᠠᠮᠵᠢᠯᠠᠬᠤ ᠳᠠᠪᠬᠤᠷᠭ᠎ᠠ ᠳᠤ ᠵᠣᠭᠰᠣᠩᠭᠢᠷᠠᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠰᠤᠳᠤᠯᠤᠨ ᠲᠣᠭᠲᠠᠭᠠᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠴᠥᠭᠡᠨ ᠪᠠᠶᠢᠨ᠎ᠠ︔ ᠵᠠᠷᠢᠮ ᠨᠢ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ᠂ ᠬᠠᠷᠢᠭᠤᠴᠠᠯᠭ᠎ᠠ ᠶᠢ ᠭᠦᠢᠴᠡᠳ ᠳᠠᠮᠵᠢᠭᠤᠯᠤᠭᠰᠠᠨ ᠦᠭᠡᠢ ᠠᠴᠠ ᠪᠣᠯᠵᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠪᠠᠶᠢᠨ ᠳᠠᠬᠢᠨ ᠪᠣᠶ ᠪᠣᠯᠭᠠᠵᠤ ᠪᠠᠶᠢᠨ᠎ᠠ︔ ᠵᠠᠷᠢᠮ ᠤᠨ ᠬᠢᠨᠢ ᠪᠡᠯᠡ ᠮᠥᠩᠭᠦ ᠶᠢ ᠬᠠᠮᠢᠶᠠᠷᠴᠤ᠂ ᠡᠳ᠋ ᠬᠥᠷᠥᠩᠭᠡ ᠶᠢ ᠰᠢᠢᠳᠪᠦᠷᠢᠯᠡᠬᠦ ᠲᠠᠯ᠎ᠠ ᠪᠠᠷ ᠲᠡᠶᠢᠮᠦ ᠵᠢᠷᠤᠮᠵᠢᠭᠤᠨ ᠪᠢᠰᠢ ᠪᠠᠶᠢᠨ᠎ᠠ︔ ᠵᠠᠷᠢᠮ ᠨᠢ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠪᠠᠭᠤᠷᠠᠢ ᠭᠤᠭᠴᠤᠭ᠎ᠠ ᠣᠷᠣᠰᠢᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠵᠢᠷᠤᠮᠵᠢᠭᠤᠨ ᠪᠤᠰᠤ᠂ ᠲᠥᠪ ᠴᠢᠩᠭ᠎ᠠ ᠪᠤᠰᠤ ᠪᠠᠶᠢᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠶᠢ ᠮᠥᠨ ᠴᠢᠩᠭᠠᠳᠬᠠᠬᠤ ᠴᠢᠬᠤᠯᠠᠲᠠᠢ ᠪᠠᠶᠢᠨ᠎ᠠ᠃      ᠬᠠᠷᠢᠭᠤ ᠲᠤᠰᠬᠠᠬᠤ ᠱᠠᠭᠠᠷᠳᠠᠯᠭ᠎ᠠ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠶᠢ ᠬᠢᠨᠠᠯᠲᠠ ᠲᠠᠯᠪᠢᠬᠤ ᠨᠢᠭᠡᠳᠦᠭᠡᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠴᠢᠩᠭᠠᠳᠬᠠᠬᠤ᠂ ᠡᠳᠦᠷ ᠳᠤᠳᠤᠮ ᠤᠨ ᠬᠢᠨᠠᠯᠲᠠ ᠲᠠᠯᠪᠢᠬᠤ ᠶᠢᠨ ᠴᠢᠬᠤᠯᠠ ᠭᠠᠷᠳᠠᠴᠠ ᠪᠣᠯᠭᠠᠬᠤ ᠬᠡᠷᠡᠭᠲᠡᠢ᠃ ᠲᠣᠭᠤᠷᠢᠨ ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠰᠦᠪᠡᠭᠴᠢ ᠶᠢ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠰᠢᠢᠳᠪᠦᠷᠢᠯᠡᠵᠦ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠪᠠ ᠰᠦᠪᠡᠭᠴᠢ ᠶᠢ ᠨᠠᠮ ᠢ ᠬᠠᠮᠢᠶᠠᠷᠴᠤ ᠨᠠᠮ ᠢ ᠵᠠᠰᠠᠬᠤ᠂ ᠤᠯᠤᠰ ᠲᠦᠷᠦ ᠶᠢᠨ ᠠᠮᠢ ᠠᠬᠤᠢ ᠶᠢ ᠰᠤᠳᠤᠯᠤᠨ ᠮᠠᠭᠠᠳᠯᠠᠬᠤ ᠶᠢᠨ ᠴᠢᠬᠤᠯᠠ ᠯᠠᠪᠯᠠᠯᠲᠠ ᠪᠣᠯᠭᠠᠵᠤ᠂ ᠠᠵᠢᠯ ᠤᠨ ᠡᠬᠡ ᠲᠠᠩᠰᠠ ᠪᠠᠶᠢᠭᠤᠯᠵᠤ᠂ ᠪᠠᠶᠢᠩᠭᠤ ᠶᠢᠨ ᠴᠢᠨᠠᠷᠲᠠᠢ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠬᠤ ᠲᠠᠯ᠎ᠠ ᠪᠠᠷ ᠬᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠳᠦᠷ ᠲᠤᠳᠤᠮ ᠤᠨ ᠬᠢᠨᠠᠯᠲᠠ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠳᠤᠷᠢᠳᠬᠤ ᠪᠠᠭ ᠤᠨ ᠣᠨ ᠤ ᠬᠢᠨᠠᠨ ᠰᠢᠯᠭᠠᠯᠲᠠ ᠳᠤ ᠦᠨᠡᠨᠬᠦ ᠣᠷᠣᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠶᠢ ᠤᠳᠤᠷᠢᠳᠬᠤ ᠪᠠᠭ ᠤᠨ ᠪᠠᠶᠢᠭᠤᠯᠤᠯᠲᠠ᠂ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠠᠢ ᠤᠶᠠᠯᠳᠤᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠵᠢᠴᠢ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦᠭᠦᠯᠡᠨ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠰᠢᠯᠲᠠᠭᠠᠨ ᠢ ᠵᠠᠳᠠᠯᠵᠤ᠂ ᠤᠭ ᠦᠨᠳᠦᠰᠦ ᠶᠢ ᠨᠢ ᠭᠦᠨᠵᠡᠭᠡᠢ ᠠᠭᠤᠳᠠᠯᠵᠤ᠂ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠨ᠎ᠠ᠃ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠲᠥᠰᠥᠯ ᠢ ᠨᠠᠷᠢᠨ ᠬᠢᠨᠠᠮᠠᠭᠠᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠠᠷᠢᠭᠤᠴᠠᠯᠭ᠎ᠠ ᠡᠭᠦᠷᠭᠡᠯᠡᠭᠴᠢ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ᠨᠢᠭᠡᠳᠦᠯᠲᠡᠢ ᠲᠥᠯᠥᠪᠯᠡᠬᠦ ᠶᠢ ᠤᠶᠠᠯᠳᠤᠭᠤᠯᠬᠤ ᠶᠢ ᠰᠠᠶᠢᠲᠤᠷ ᠠᠳᠬᠤᠵᠤ᠂ ᠠᠰᠠᠭᠤᠳᠠᠯ  ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠲᠣᠭᠲᠠᠴᠠ ᠶᠢ ᠪᠠᠶᠢᠭᠤᠯᠤᠨ ᠰᠠᠶᠢᠵᠢᠷᠠᠭᠤᠯᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠡᠳᠦᠷ ᠲᠤᠳᠤᠮ ᠤᠨ ᠠᠵᠢᠯ᠂ ᠤᠳᠤᠷᠢᠳᠬᠤ ᠪᠠᠭ ᠢ ᠠᠳᠬᠤᠵᠤ ᠡᠩᠨᠡᠭᠡ ᠶᠢ ᠳᠠᠭᠠᠭᠤᠯᠬᠤ ᠲᠠᠢ ᠤᠬᠠᠮᠰᠠᠷ ᠠᠴᠠ ᠪᠠᠨ ᠤᠶᠠᠯᠳᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠡᠢ᠃ ᠢᠷᠡᠯᠳᠡ᠄ ᠲᠤᠭᠳᠠᠬᠤ ᠰᠢᠶᠠᠨ ᠤ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1