— 2024 ᠣᠨ ᠤ 1 ᠳ᠋ᠤᠭᠡᠷ ᠰᠠᠷ᠎ᠠ ᠶᠢᠨ 11 ᠤ ᠡᠳᠦᠷ ᠲᠤᠭᠳᠠᠬᠤ ᠰᠢᠶᠠᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ | ᠳᠡᠭᠡᠷᠡᠬᠢ ᠶᠠᠷᠢᠶ᠎ᠠ | — ᠰᠢᠶᠠᠨ ᠤ ᠲᠠᠷᠤᠭ᠎ᠠ ᠭᠤᠤ ᠵᠧᠩ | | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠭᠤᠷᠪᠠᠨ | ᠵᠦᠢᠯ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠬᠦ ᠠᠵᠢᠯ ᠤᠨ ᠲᠠᠷᠠᠭᠠᠬᠢ ᠠᠵᠦ | ᠠᠬᠤᠢ ᠶᠢᠨ ᠰᠡᠭᠦᠭᠡᠯᠳᠡ ᠶᠢᠨ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ | ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠳᠣᠣᠷ᠎ᠠ᠂ ᠪᠢᠳᠡ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ | ᠶᠠᠪᠤᠳᠠᠯ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠰᠣᠶᠣᠯ ᠢ ᠳᠡᠭᠡᠳᠦᠯᠡᠬᠦ᠂ ᠰᠤᠷᠭᠠᠨ | ᠬᠥᠮᠦᠵᠢᠯ ᠢ ᠴᠢᠬᠤᠯᠠᠴᠢᠯᠠᠬᠤ᠂ ᠬᠤᠳᠠᠯᠳᠤᠭ᠎ᠠ ᠡᠵᠡᠩᠨᠡᠬᠦ᠂ ᠪᠠᠶᠢᠭᠠᠯᠢ ᠶᠢ ᠡᠷᠬᠢᠮᠯᠡᠬᠦ︾ ᠬᠥᠭᠵᠢᠯᠲᠡ ᠶᠢᠨ | ᠰᠡᠳᠬᠢᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ ᠠᠳᠬᠤᠬᠤ᠂ | ᠠᠵᠤ ᠦᠢᠯᠡᠰ ᠢ ᠬᠦᠴᠦᠷᠬᠡᠭᠵᠢᠭᠦᠯᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ ᠪᠠᠷ ᠴᠢᠷᠮᠠᠶᠢᠵᠤ᠂ ᠥᠷᠢᠰᠥᠯᠳᠦᠭᠡᠨ ᠤ ᠳᠤᠮᠳᠠ ᠴᠢᠷᠮᠠᠶᠢᠨ ᠤᠷᠤᠭᠰᠢᠯᠠᠵᠤ᠂ ᠬᠦᠴᠢᠷ | ᠪᠡᠷᠬᠡᠰᠢᠶᠡᠯ ᠤᠨ ᠳᠤᠮᠳᠠ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ | ᠯᠠᠪᠳᠠᠭᠤᠨ ᠪᠠᠲᠤᠲᠠᠶ ᠠᠯᠬᠤᠮ ᠢ ᠠᠯᠬᠤᠵᠤ᠂ ᠨᠠᠩ ᠢᠯᠡᠭᠦᠤ ᠠᠮᠢᠵᠢᠷᠠᠯ ᠤᠨ ᠬᠦᠴᠦᠨ ᠲᠠᠢ᠂ ᠨᠠᠩ ᠢᠯᠡᠭᠦᠤ ᠴᠢᠨᠠᠷ | ᠴᠢᠨᠰᠠᠭ᠎ᠠ ᠲᠠᠢ᠂ ᠨᠠᠩ ᠡᠶ᠎ᠡ ᠵᠣᠬᠢᠴᠠᠯ ᠲᠠᠢ ᠲᠤᠭᠳᠠᠬᠤ ᠰᠢᠶᠠᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠪᠡ᠃ | ᠨᠢᠭᠡ ᠵᠢᠯ ᠤᠨ ᠲᠤᠷᠰᠢ᠂ ᠪᠢᠳᠡ ᠰᠢᠨ᠎ᠡ ᠶᠢ ᠡᠭᠦᠳᠬᠦ ᠳᠤ ᠬᠡᠯᠪᠡᠷᠢ ᠪᠠᠨ ᠬᠤᠪᠢᠷᠠᠭᠤᠯᠤᠨ ᠵᠡᠷᠭᠡ ᠲᠠᠰ | ᠳᠡᠪᠰᠢᠵᠦ᠂ ᠠᠵᠤ ᠠᠬᠤᠶ ᠶᠢᠨ ᠬᠥᠭᠵᠢᠯᠲᠡ ᠨᠠᠩ ᠤᠶᠠᠨ ᠬᠠᠲᠠᠨ ᠴᠢᠨᠠᠷ ᠲᠠᠢ ᠪᠣᠯᠪᠠ | 2023 ᠣᠨ ᠳᠤ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 203 | ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ ︵ | ᠭᠦᠢᠴᠡᠳᠭᠡᠯ ᠲᠤᠭ᠎ᠠ ᠨᠢ ᠵᠢᠱᠢᠯᠲᠡ ᠲᠤᠭ᠎ᠠ᠂ ᠳᠣᠷᠣᠭᠰᠢ ᠠᠳᠠᠯᠢ︶︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 78.6 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 12% ᠪᠠᠷ ᠨᠡᠮᠡᠭᠳᠡᠪᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ58 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30% ᠪᠠᠷ ᠨᠡᠮᠡᠭᠳᠡᠪᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 32.25 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10 % ᠪᠠᠷ ᠨᠡᠮᠡᠭᠳᠡᠪᠡ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 8.99 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 11% ᠪᠠᠷ ᠨᠡᠮᠡᠭᠳᠡᠪᠡ︔ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 46775 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ᠃ | ᠤᠳᠤ ᠦᠶ᠎ᠡ ᠶᠢᠨ ᠲᠠᠷᠢᠶᠠᠯᠠᠩ ᠤᠨ ᠦᠨᠳᠦᠰᠦᠨ ᠪᠠᠶᠢᠳᠠᠯ ᠢ ᠪᠠᠬᠢᠵᠢᠭᠦᠯᠪᠡ᠃ ᠠᠮᠤ ᠪᠤᠳᠠᠭ᠎ᠠ ᠳᠠᠷᠢᠬᠤ | ᠲᠠᠯᠠᠪᠠᠶ 11.3 ᠲᠦᠮᠡᠨ ᠮᠥ ᠳᠤ ᠬᠦᠷᠴᠦ᠂ ᠠᠮᠤ ᠪᠤᠳᠠᠭᠠᠨ ᠤ ᠶᠡᠷᠦᠩᠬᠡᠶ ᠤᠨᠠᠯᠲᠠ 7.3 ᠲᠦᠮᠡᠨ ᠲᠣᠨ ᠳᠤ | ᠬᠥᠷᠪᠡ᠃ ᠵᠠᠬᠢᠶᠠᠯᠠᠭ᠎ᠠ ᠶᠢᠨ ᠲᠠᠷᠢᠶᠠᠯᠠᠩ ᠲᠣᠭᠲᠠᠭᠤᠨ ᠢᠶᠠᠷ ᠠᠭᠢᠪᠠ᠃ ᠶᠦᠨ ᠵᠦᠩ ᠤᠳᠤ ᠦᠶ᠎ᠡ ᠶᠢᠨ ᠤᠶᠤᠨᠲᠤ | ᠬᠦᠯᠡᠮᠵᠢ᠂ ᠠᠮᠤ ᠪᠤᠳᠠᠭᠠᠨ ᠤ ᠬᠥᠮᠥᠷᠭᠡ᠂ ᠦᠢᠯᠡᠳᠪᠦᠷᠢᠯᠡᠯ ᠪᠣᠷᠣᠯᠠᠭᠤᠯᠭ᠎ᠠ ᠶᠢ ᠠᠭᠤᠰᠤᠯᠴᠠᠭᠤᠯᠬᠤ ᠲᠦᠷᠦᠯ | ᠵᠦᠢᠯ ᠤᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ | ᠬᠡᠯᠬᠢᠶ᠎ᠡ ᠶᠢ ᠦᠷᠭᠦᠯᠵᠢᠯᠡᠨ ᠤᠷᠲᠤᠳᠬᠠᠪᠠ᠃ ᠬᠤᠤ ᠵᠢᠶᠠ ᠶᠤᠤ ᠲᠤᠰᠬᠤᠨ ᠤ ᠦᠵᠦᠮ ᠵᠠᠬ᠎ᠠ ᠳᠡᠯᠭᠡᠭᠦᠷ ᠲᠤ | ᠪᠣᠷᠣᠯᠠᠭᠤᠯᠤᠭᠳᠠᠵᠤ᠂ ᠱᠤᠸᠠᠩ ᠾᠧ ᠪᠠᠯᠭᠠᠰᠤ ᠲᠠᠩᠰᠤᠭ ᠰᠠᠶᠢᠬᠠᠨ ᠲᠥᠪᠡᠳ ᠬᠠᠰᠢ ᠶᠢᠨ ᠮᠦ ᠪᠦᠷᠢ ᠶᠢᠨ | ᠤᠨᠠᠯᠲᠠ 1.1 ᠲᠦᠮᠡᠨ ᠵᠢᠩ ᠳᠤ ᠬᠦᠷᠴᠦ᠂ ᠮᠠᠭᠠᠯᠢᠩᠭᠤ ᠶᠢᠨ ᠦᠷ᠎ᠡ᠂ ᠨᠣᠬᠠᠶ ᠶᠢᠨ ᠬᠤᠰᠢᠭᠤ ᠵᠡᠷᠭᠡ 6 | ᠪᠦᠲᠦᠭᠡᠭᠳᠡᠬᠦᠨ ᠣᠷᠭᠠᠨᠢᠭ ᠭᠡᠷᠡᠴᠢᠯᠡᠯ ᠢ ᠣᠯᠵᠤ᠂ ︽ᠲᠤᠭᠳᠠᠬᠤ ᠦᠨᠢᠶᠡᠨ ᠰᠦ︾ ᠨᠢ ᠤᠯᠤᠰ ᠤᠨ ᠨᠡᠷᠡᠳᠦ | ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠵᠤ᠂ ︽ | ᠪᠤᠶᠠᠨᠲᠤ ᠲᠤᠭᠳᠠᠬᠤ · ᠲᠠᠷᠢᠶᠠᠯᠠᠩ ᠤᠨ ᠰᠢᠯᠢᠳᠡᠭ ᠪᠦᠲᠦᠭᠡᠭᠳᠡᠬᠦᠨ︾ ᠤ ᠣᠷᠣᠨ ᠪᠦᠰᠡ ᠶᠢᠨ ᠤᠯᠠᠨ ᠨᠡᠶᠢᠲᠡ ᠶᠢᠨ | ᠲᠦᠷᠦᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠪᠡ᠃ ᠡᠷᠳᠡᠨᠢ ᠰᠢᠰᠢ ᠶᠢ ᠨᠢᠭᠲᠠ | ᠲᠠᠷᠢᠬᠤ᠂ ᠦᠬᠡᠷ ᠤᠨ ᠡᠪᠡᠷ ᠤᠨ ᠯᠠᠵᠤᠤ ᠪᠤᠶᠢᠵᠢᠭᠤᠯᠬᠤ ᠵᠡᠷᠭᠡ ᠮᠡᠷᠭᠡᠵᠢᠯ ᠰᠢᠨ᠎ᠡ ᠰᠢᠪᠲᠤᠯᠤᠯᠲᠠ ᠲᠠᠢ ᠪᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠳᠡᠮᠵᠢᠬᠦ ᠦᠢᠯᠡᠳᠦᠯ ᠡᠳᠦᠷ ᠢᠷᠡᠬᠦᠶ᠎ᠡ ᠲᠤᠪᠤᠶᠢᠮ᠎ᠠ ᠪᠣᠯᠪᠠ᠃ | ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢ 10 ᠳᠤ ᠬᠦᠷᠦᠭᠦᠯᠵᠦ᠂ ᠮᠠᠯ ᠣᠨᠤᠭ᠎ᠠ ᠶᠢ 3.6 | ᠲᠦᠮᠡᠨ ᠲᠣᠯᠣᠭᠠᠶ ᠲᠡᠵᠢᠭᠡᠵᠦ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠬᠦ ᠨᠣᠷᠮ᠎ᠠ ᠶᠢ | 100% ᠳᠤ ᠬᠦᠷᠦᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ | ᠨᠠᠩ ᠪᠠᠲᠤ ᠪᠠᠬᠢ ᠪᠤᠯᠭᠠᠪᠠ᠃ | ᠤᠳᠤ ᠦᠶ᠎ᠡ ᠶᠢᠨ ᠠᠵᠤ ᠦᠢᠯᠡᠳᠪᠦᠷᠢ ᠶᠢᠨ ᠬᠠᠲᠠᠭᠤ ᠲᠤᠯᠭᠠᠭᠤᠷᠢᠯᠠᠯ ᠢ ᠪᠠᠶᠢᠭᠤᠯᠪᠠ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠮᠡᠭᠳᠡᠭᠡᠳ 27 ᠪᠣᠯᠵᠣ᠂ ᠦᠢᠯᠡᠳᠬᠦᠨ ᠤ ᠶᠡᠷᠦᠩᠬᠡᠶ | ᠥᠷᠲᠡᠭ ᠨᠢ 140 ᠳ᠋ᠦᠩᠰᠢᠭᠤᠷ ᠲᠥᠭᠦᠷᠢᠭ ᠲᠤ ᠬᠦᠷᠴᠦ᠂ ᠲᠠᠯ᠎ᠠ ᠨᠤᠲᠤᠭ ᠨᠣᠭᠤᠭᠠᠨ ᠬᠡᠭᠡᠷ᠎ᠡ᠂ ᠴᠠᠰᠤᠨ | ᠨᠣᠯᠤᠤᠷ ᠤᠨ ᠴᠡᠴᠡᠭ ᠵᠡᠷᠭᠡ 16 ᠺᠣᠮᠫᠠᠨᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢᠶᠠᠷ ᠵᠥᠪᠰᠢᠶᠡᠷᠡᠭᠳᠡᠪᠡ᠃ ᠲᠤᠭᠳᠠᠬᠤ ᠠᠵᠤ ᠦᠢᠯᠡᠰ ᠤᠨ ᠬᠦᠷᠢᠶᠡᠯᠡᠩ ᠤᠨ ᠦᠷ᠎ᠡ ᠠᠰᠢᠭ ᠢᠶᠠᠷ | ᠳᠣᠤᠷ᠎ᠠ 13 ᠠᠵᠤ ᠠᠬᠤᠶᠢᠯᠠᠯ ᠢ ᠠᠮᠢᠯᠠᠭᠤᠯᠵᠤ᠂ 363.2 ᠮᠥ ᠭᠠᠵᠠᠷ ᠰᠢᠷᠣᠶ ᠶᠢ ᠰᠤᠯᠠᠯᠠᠨ ᠪᠤᠴᠠᠭᠠᠵᠤ᠂ ᠶᠢᠨ | ᠾᠧ ᠠᠮᠢᠳᠤ ᠪᠣᠳᠠᠰ᠂ ᠶᠢᠨ ᠳ᠋ᠠᠨ ᠸᠧᠢ ᠰᠢᠨᠵᠢᠯᠡᠬᠦ ᠤᠬᠠᠭᠠᠨ ᠮᠡᠷᠭᠡᠵᠢᠯ ᠵᠡᠷᠭᠡ12 ᠲᠥᠷᠥᠯ ᠵᠦᠢᠯ ᠵᠠᠯᠭᠠᠭ᠎ᠠ ᠪᠠᠷ | ᠡᠷᠦᠬᠡ ᠠᠮᠠ ᠣᠷᠣᠵᠤ᠂ ᠠᠵᠤ ᠦᠢᠯᠡᠳᠪᠦᠷᠢ ᠶᠢᠨ ᠬᠡᠯᠪᠡᠷᠢ ᠶᠢᠨ ᠬᠤᠪᠢᠷᠠᠭᠤᠯᠤᠯᠲᠠ ᠱᠠᠲᠤ ᠦᠶ᠎ᠡ ᠶᠢᠨ ᠴᠢᠨᠠᠷᠲᠠᠶ | ᠦᠷ᠎ᠡ ᠪᠦᠲᠦᠭᠡᠯ ᠤᠯᠪᠠ᠃ 2.36 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠪᠣᠬᠢᠷᠲᠤᠯ ᠦᠭᠡᠢ | ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠪᠠ ᠲᠥᠪ ᠲᠣᠭᠤᠭᠠᠨ ᠭᠡᠷ ᠤᠨ ᠠᠵᠤ ᠦᠢᠯᠡᠰ ᠤᠨ | ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠯᠣᠣ ᠰᠦᠢ ᠶᠤᠸᠠᠨ ᠵᠡᠷᠭᠡ ᠨᠡᠷᠡᠳᠤ ᠲᠦᠷᠦᠯ | ᠲᠡᠮᠳᠡᠭ ᠤᠨ ᠭᠡᠷ᠎ᠡ ᠲᠣᠭᠲᠠᠨ ᠣᠷᠣᠵᠤ ᠰᠠᠭᠤᠪᠠ᠃ ᠲᠠᠯ᠎ᠠ ᠨᠤᠲᠤᠭ ᠤᠨ ᠤᠯᠠᠭᠠᠨ ᠨᠡᠷᠡᠨ ᠤ ᠵᠢᠯ ᠤᠨ | ᠪᠣᠷᠣᠯᠠᠭᠤᠯᠤᠯᠲᠠ ᠶᠢᠨ ᠬᠡᠮᠵᠢᠶ᠎ᠡ 15 ᠳ᠋ᠦᠩᠰᠢᠭᠤᠷ ᠲᠥᠭᠦᠷᠢᠭ ᠢ ᠳᠠᠪᠠᠵᠤ᠂ 6 ᠲᠦᠮᠡᠨ ᠲᠣᠨ ᠤ ᠮᠡᠷᠭᠡᠵᠢᠯ ᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠭᠤᠤᠯ ᠴᠣᠭᠴᠠ ᠶᠢᠨ ᠠᠵᠢᠯ ᠢ ᠳᠠᠭᠤᠰᠬᠠᠪᠠ᠃ | ᠵᠦᠩ ᠮᠦ ᠠᠮᠢᠳᠤ ᠪᠣᠳᠠᠰ ᠲᠦᠷᠦᠭᠦᠦ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠦᠷᠳᠡᠭ ᠲᠠᠢ | ᠲᠤᠰᠬᠠᠢ ᠠᠰᠢᠭ ᠢ ᠪᠤᠶᠢᠵᠢᠭᠤᠯᠬᠤ ᠲᠥᠪ ᠢᠶᠠᠷ ᠦᠨᠡᠯᠡᠭᠳᠡᠵᠦ᠂ ᠦᠢᠯᠡᠳᠬᠦᠨ ᠢ 70 ᠭᠠᠷᠤᠢ ᠤᠯᠤᠰ ︵ᠭᠠᠵᠠᠷ | ᠣᠷᠣᠨ︶ ᠤᠨ ᠭᠠᠳᠠᠭᠠᠳᠤ ᠳᠤ ᠭᠠᠷᠭᠠᠪᠠ᠃ ᠴᠠᠩ ᠱᠧᠩ ᠡᠮ ᠦᠢᠯᠡᠳᠬᠦ ᠠᠮᠢᠳᠤ ᠪᠣᠳᠠᠰ ᠤᠨ ᠢᠰᠬᠡᠯᠲᠡ ᠶᠢᠨ | ᠶᠡᠷᠦᠩᠬᠡᠶ ᠬᠡᠮᠵᠢᠶ᠎ᠡ 12 ᠲᠦᠮᠡᠨ ᠲᠣᠨ ᠢ ᠳᠠᠪᠠᠵᠤ᠂ ᠳᠡᠯᠡᠬᠡᠶ ᠶᠢᠨ ᠲᠡᠷᠢᠭᠦᠨ ᠤ ᠡᠩᠨᠡᠭᠡᠨ ᠳᠤ ᠣᠷᠣᠪᠠ᠃ ︽ | ᠤᠯᠤᠰ ᠤᠨ ᠲᠠᠰ ᠤᠨ ᠪᠣᠬᠢᠷᠲᠤᠯ ᠥᠬᠡᠶ ᠦᠢᠯᠡᠳᠪᠦᠷᠢ︾ ᠪᠠᠷ ᠦᠨᠡᠯᠡᠭᠳᠡᠪᠡ᠃ ᠵᠠᠭᠤᠨ ᠳ᠋ᠦᠩᠰᠢᠭᠤᠷ ᠤᠨ | ᠲᠠᠰ ᠤᠨ ᠪᠣᠬᠢᠷᠲᠤᠯ ᠥᠬᠡᠶ ᠢᠳᠡᠭᠡᠨ ᠪᠠ ᠬᠤᠶᠠᠷ ᠵᠠᠭᠤᠨ ᠳ᠋ᠦᠩᠰᠢᠭᠤᠷ ᠤᠨ ᠲᠠᠰ ᠤᠨ ᠠᠮᠢᠳᠤ ᠪᠣᠳᠠᠰ ᠤᠨ ᠡᠮ | ᠡᠮᠨᠡᠯᠭᠡ ᠶᠢᠨ ᠠᠵᠤ ᠦᠢᠯᠡᠰ ᠤᠨ ᠪᠦᠯᠦᠭᠯᠡᠯ ᠤᠨ ᠰᠠᠭᠤᠷᠢ ᠶᠢ ᠬᠠᠩᠳᠠᠵᠤ ᠪᠠᠶᠢᠳᠠᠯ ᠢ ᠬᠠᠳᠠᠭᠠᠯᠠᠪᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠬᠥᠳᠡᠯᠭᠡᠭᠴᠢ ᠬᠦᠴᠦᠨ ᠢ ᠪᠤᠶᠢᠵᠢᠭᠤᠯᠪᠠ᠃ 26 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠶᠦᠨ ᠵᠦᠩ ᠣᠯᠠᠨ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ ᠢ ᠡᠬᠢᠯᠡᠨ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠳᠤ ᠦᠢᠯᠡᠴᠢᠯᠡᠬᠦ᠂ ᠪᠡᠭᠡᠵᠢᠩ ᠲᠢᠶᠠᠨᠵᠢᠨ ᠾᠧᠪᠸᠢ ᠳᠤ ᠬᠠᠨᠳᠤᠭᠤᠯᠤᠭᠰᠠᠨ᠂ ᠪᠥᠬᠦ ᠤᠯᠤᠰ ᠢ | ᠬᠠᠮᠤᠷᠤᠭᠰᠠᠨ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠪᠠ | ᠃ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠭᠡᠷ᠎ᠡ ᠲᠣᠭᠲᠠᠨ ᠪᠠᠶᠢᠭᠤᠯᠤᠭᠳᠠᠵᠤ᠂ ᠡᠭᠦᠯᠡᠨ | ᠲᠣᠭᠠᠴᠢᠯᠠᠭᠰᠠᠨ ᠠᠵᠤ ᠦᠢᠯᠡᠰ ᠤᠨ ᠬᠦᠷᠢᠶᠡᠯᠡᠩ ᠤᠨ ᠬᠢᠨ 40 ᠰᠢᠬᠠᠮ ᠡᠯᠧᠺᠲᠷᠣᠨ ᠬᠤᠳᠠᠯᠳᠤᠭ᠎ᠠ ᠶᠢ ᠲᠠᠲᠠᠪᠠ᠃ | 20 ᠲᠦᠮᠡᠨ ᠲᠡᠭᠰᠢ ᠳᠥᠷᠪᠡᠯᠵᠢᠨ ᠮᠧᠲᠷ ᠤᠨ ᠬᠤᠲᠠ ᠶᠢᠨ ᠭᠤᠤᠯ ᠴᠣᠭᠴᠠ ᠶᠢ ᠪᠠᠶᠢᠭᠤᠯᠵᠤ ᠳᠠᠭᠤᠰᠬᠠᠨ᠂ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠵᠠᠯᠭᠠᠭ᠎ᠠ ᠪᠠᠷ ᠵᠡᠷᠭᠡ ᠲᠠᠰ ᠳᠡᠪᠰᠢᠭᠦᠯᠪᠡ᠃ ᠰᠤᠯᠠ ᠢᠳᠡᠭᠡᠨ ᠤ | ᠰᠢᠯᠢᠳᠡᠭ ᠢ ᠨᠢ ᠰᠤᠩᠭᠤᠬᠤ ᠪᠠᠷᠠᠭᠤᠨ ᠬᠤᠶᠢᠲᠤ ᠣᠷᠣᠨ ᠤ ᠶᠡᠷᠦᠩᠬᠡᠶ ᠵᠠᠬᠢᠷᠭ᠎ᠠ ᠮᠠᠨ ᠤ ᠲᠤᠭᠤᠷᠢᠭ ᠲᠤ | ᠨᠤᠲᠤᠭᠰᠢᠨ ᠰᠠᠭᠤᠵᠤ᠂ ᠵᠧᠨ ᠬᠤᠸᠠ ᠬᠡᠲᠦ ᠳᠡᠯᠭᠡᠭᠦᠷ ᠤᠨ ᠾᠧᠩ ᠱᠧᠩ ᠳᠡᠯᠭᠡᠭᠦᠷ ᠡᠵᠡᠩᠨᠡᠯᠲᠡ ᠪᠠᠨ | ᠡᠬᠢᠯᠡᠭᠦᠯᠪᠡ᠃ ᠽᠢ ᠸᠧᠶ ᠮᠠᠰᠢᠨ ᠲᠡᠷᠭᠡᠨ ᠤ ᠬᠦᠷᠢᠶᠡᠯᠡᠩ ᠤᠨ ᠡᠵᠡᠩᠨᠡᠯᠲᠡ ᠶᠢᠨ ᠨᠣᠷᠮ᠎ᠠ ᠠᠳᠠᠯᠢ | ᠬᠤᠭᠤᠴᠠᠭᠠᠨ ᠤ ᠬᠢ ᠠᠴᠠ 40% ᠪᠠᠷ ᠨᠡᠮᠡᠭᠳᠡᠵᠦ᠂ ᠴᠢ ᠷᠦᠢ ᠵᠢᠶᠧ ᠲᠦ᠋ ᠥᠪᠥᠷ ᠮᠣᠩᠭᠤᠯ ᠤᠨ ᠠᠩᠬᠠᠨ ᠤ | ᠳᠡᠯᠭᠡᠭᠦᠷ ᠠᠮᠵᠢᠯᠲᠠ ᠲᠠᠢ ᠪᠠᠷ ᠣᠷᠣᠵᠤ ᠰᠠᠭᠤᠪᠠ᠃ ︽ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢᠰᠦᠨ ᠵᠦᠢᠯ ᠤᠨ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠭᠤᠳᠤᠮᠵᠢ ᠪᠠᠷ | ᠨᠢᠭᠡᠳᠦᠯᠲᠡᠶ ᠲᠡᠰᠦᠯᠦᠨ ᠪᠤᠳᠤᠵᠤ ᠨᠡᠶᠢᠯᠡᠭᠦᠯᠦᠨ ᠨᠢᠭᠡᠳᠬᠡᠬᠦ ᠶᠢ ᠪᠡᠶᠡᠯᠡᠭᠦᠯᠪᠡ᠃ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠶᠢ ᠬᠤᠯᠪᠣᠨ ᠨᠡᠪᠲᠡᠷᠡᠭᠦᠯᠦᠭᠰᠡᠨ᠂ ᠳᠣᠲᠣᠭᠠᠳᠤ ᠭᠠᠳᠠᠭᠠᠳᠤ ᠶᠢᠨ ᠣᠷᠴᠢᠯ ᠢ ᠰᠠᠭᠠᠳ ᠦᠭᠡᠢ | ᠨᠡᠪᠲᠡᠷᠡᠭᠦᠯᠦᠭᠰᠡᠨ ᠤᠳᠤ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ | ᠦᠷᠨᠢᠭᠦᠨ ᠬᠦᠭᠵᠢᠪᠡ᠃ | ᠰᠣᠶᠣᠯ ᠵᠤᠭᠠᠴᠠᠯ ᠤᠨ ᠠᠵᠤ ᠦᠢᠯᠡᠰ ᠤᠨ ᠠᠯᠲᠠᠨ ᠦᠰᠦᠭᠲᠦ ᠫᠠᠶᠢᠰᠠ ᠶᠢ ᠭᠢᠯᠠᠶᠢᠲᠠᠯ᠎ᠠ ᠠᠷᠴᠢᠪᠠ᠃ ︽ | ᠲᠠᠪᠤ ᠶᠢ ᠪᠣᠰᠬᠠᠬᠤ︾ ᠠᠵᠢᠯ ᠤᠨ ᠰᠡᠳᠬᠢᠴᠡ ᠶᠣᠰᠣᠭᠠᠷ᠂ ︽ᠭᠤᠷᠪᠠᠨ ᠲᠤᠭᠤᠷᠢᠭ ᠨᠢᠭᠡ ᠭᠤᠣᠯ︾ ᠢ | ᠭᠤᠣᠯᠳᠠᠯᠭ᠎ᠠ ᠲᠠᠢ ᠪᠠᠶᠢᠭᠤᠯᠪᠠ᠃ ᠪᠤᠭᠤᠮᠲᠠ ᠶᠢᠨ ᠬᠠᠭᠤᠴᠢᠨ ᠵᠡᠭᠡᠯᠢ ᠶᠢᠨ ᠵᠤᠭᠠᠴᠠᠯ ᠰᠡᠯᠡᠭᠦᠴᠡᠯ ᠤᠨ ᠵᠡᠭᠡᠯᠢ | ᠲᠣᠭᠤᠷᠢᠭ ᠤᠨ ᠰᠥᠨᠢ ᠶᠢᠨ ᠦᠵᠡᠮᠵᠢ ᠶᠢ ᠭᠡᠷᠡᠯᠲᠦᠭᠦᠯᠬᠦ ᠪᠠ ᠪᠠᠷᠠᠭᠤᠨ ᠬᠡᠰᠡᠭ ᠢ ᠵᠡᠷᠭᠡ ᠲᠠᠰ ᠳᠡᠪᠰᠢᠭᠦᠯᠦᠨ | ᠥᠭᠡᠷᠡᠴᠢᠯᠡᠬᠦ ᠶᠢ ᠪᠡᠶᠡᠯᠡᠭᠦᠯᠵᠦ᠂ ᠰᠠᠷᠭᠠᠢ ᠴᠡᠴᠡᠭ ᠬᠤᠲᠠ ᠶᠢᠨ ᠤᠨᠴᠠᠯᠢᠬᠳᠤ ᠬᠤᠳᠠᠯᠳᠤᠭᠠᠨ ᠤ ᠵᠡᠭᠡᠯᠢ | ᠲᠣᠭᠤᠷᠢᠭ ᠢ ᠰᠢᠨ᠎ᠡ ᠪᠠᠷ ᠨᠡᠭᠡᠭᠡᠨ ᠡᠬᠢᠯᠡᠭᠦᠯᠵᠦ᠂ ︽ᠦᠨᠳᠦᠰᠦᠲᠡᠨ ᠤ ᠤᠨᠴᠠᠯᠢᠭ︾ ᠤᠨ ᠵᠤᠭᠠᠴᠠᠯ ᠤᠨ ᠰᠡᠭᠦᠳᠡᠷ | ᠲᠠᠲᠠᠬᠤ ᠰᠢᠨ᠎ᠡ ᠥᠷᠨᠢᠯᠲᠡ ᠭᠠᠷᠴᠤ᠂ ︽ᠳᠥᠷᠪᠡᠨ ᠵᠡᠭᠡᠯᠢ ᠨᠠᠢᠮᠠᠨ ᠭᠤᠳᠤᠮᠵᠢ ᠬᠤᠷᠢᠨ ᠳᠥᠷᠪᠡᠨ ᠬᠦᠷᠢᠶ᠎ᠡ︾ ᠶᠢᠨ | ᠬᠡᠷᠡᠭᠯᠡᠭᠡᠨ ᠤ ᠰᠢᠨ᠎ᠡ ᠪᠠᠶᠢᠳᠠᠯ ᠲᠠᠰᠤᠷᠠᠯᠲᠠ ᠥᠬᠡᠶ ᠢᠯᠡᠷᠡᠨ ᠭᠠᠷᠪᠠ᠃ ᠳᠤᠮᠳᠠᠳᠤ ᠤᠯᠤᠰ ᠤᠨ ᠱᠤᠤᠮᠠᠢ ᠠᠮᠲᠠᠲᠤ | ᠢᠳᠡᠭᠡᠨ ᠤ ᠭᠤᠳᠤᠮᠵᠢ ᠶᠢ ᠵᠡᠷᠭᠡ ᠲᠡᠰ ᠳᠡᠪᠰᠢᠭᠦᠯᠵᠦ᠂ ᠳ᠋ᠧ ᠱᠦᠨ ᠶᠤᠸᠠᠨ᠂ ᠶᠢᠨ ᠰᠠᠨ ᠶᠤᠸᠠᠨ ᠵᠡᠷᠭᠡ | ᠬᠠᠭᠤᠴᠢᠨ ᠨᠡᠷᠡᠳᠦ ᠲᠡᠮᠳᠡᠭᠲᠦ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠪᠠ᠃ ᠪᠥᠬᠦ ᠬᠤᠲᠠ ᠶᠢᠨ | ᠠᠩᠬᠠᠳᠠᠭᠴᠢ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ — ᠪᠡᠶ᠎ᠡ ᠶᠢᠨ ᠲᠠᠮᠢᠷ ᠤᠨ ᠬᠦᠷᠢᠶᠡᠯᠡᠩ ᠨᠡᠭᠡᠭᠡᠨ | ᠡᠵᠡᠩᠨᠡᠵᠦ᠂ ᠰᠡᠯᠡᠭᠦᠴᠡᠯ ᠪᠡᠶ᠎ᠡ ᠴᠢᠭᠢᠷᠠᠭᠵᠢᠭᠤᠯᠤᠯᠲᠠ ᠶᠢᠨ ᠰᠢᠨ᠎ᠡ ᠭᠠᠵᠠᠷ ᠤᠨ ᠲᠡᠮᠳᠡᠭ ᠪᠣᠯᠤᠭᠰᠠᠨ ᠪᠠᠶᠢᠨ᠎ᠠ᠃ | ᠨᠡᠷᠡᠨ ᠬᠤᠸᠠᠷ᠂ ᠲᠠᠰᠢᠭᠤᠷ ᠡᠪᠡᠰᠦ ᠵᠡᠷᠭᠡ ᠴᠡᠴᠡᠭ ᠤᠨ ᠲᠡᠯᠡᠶ ᠨᠢ ᠵᠢᠷᠤᠭ ᠮᠡᠲᠦ ᠦᠵᠡᠰᠬᠦᠯᠡᠩ ᠰᠠᠶᠢᠬᠠᠨ᠂ | ᠣᠶ ᠶᠢᠨ ᠬᠤᠷᠮᠣᠶ ᠶᠢᠨ ᠣᠷᠣᠨ ᠵᠠᠶ᠂ ᠲᠤᠩᠭᠠᠯᠠᠭ ᠠᠷᠠᠯ ᠣᠶ ᠰᠢᠭᠤᠶ ᠶᠢᠨ ᠦᠳᠡᠰᠢ᠂ ᠣᠳᠣᠨ ᠭᠠᠷᠠᠭ ᠤᠨ | ᠰᠡᠯᠡᠭᠦᠴᠡᠯ ᠤᠨ ᠬᠦᠷᠢᠶᠡᠯᠡᠩ ᠤᠨ ᠬᠡᠷ ᠤᠨ ᠭᠠᠳᠠᠨᠠᠬᠢ ᠪᠠᠭᠤᠴᠠ ᠬᠥᠮᠦᠰ ᠤᠨ ᠪᠠᠭ᠋ᠠᠷᠬᠠᠯ ᠢ ᠲᠠᠲᠠᠵᠤ᠂ ᠶᠡᠭᠡ | ᠲᠦᠷᠭᠡᠨ ᠭᠤᠤᠯ ᠤᠨ ᠲᠡᠭᠦᠷᠭᠡ ᠶᠢᠨ ᠴᠡᠴᠡᠷᠯᠢᠭ ᠲᠤ ᠰᠢᠨ᠎ᠡ ᠠᠭᠤᠯᠬᠤᠨ ᠨᠡᠮᠡᠷᠢᠯᠡᠭᠰᠡᠨ ᠪᠠᠶᠢᠨ᠎ᠠ᠃ ᠪᠤᠭᠤᠮᠲᠠ ᠶᠢᠨ | ᠬᠠᠭᠤᠴᠢᠨ ᠵᠡᠭᠡᠯᠢ ᠶᠢᠨ ᠳᠠᠭᠤᠤ ᠬᠥᠭᠵᠢᠮ ᠤᠨ ᠠᠮᠲᠠᠲᠤ ᠢᠳᠡᠭᠡᠨ ᠤ ᠤᠯᠠᠷᠢᠯ᠂ ᠵᠢᠯ ᠠᠯᠭᠠᠰᠠᠭᠰᠠᠨ ᠨᠠᠷᠭᠢᠯ ᠰᠥᠨᠢ | ᠂ ᠮᠥᠰᠥ ᠴᠠᠰᠤᠨ ᠤ ᠪᠠᠶᠠᠷ ᠵᠡᠷᠭᠡ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ︽ | ᠮᠢᠩᠭᠠᠨ ᠣᠨ ᠤ ᠲᠤᠭᠳᠠᠬᠤ︾ ᠤ ᠵᠡᠭᠡᠯᠢ ᠶᠢᠨ ᠦᠵᠡᠮᠵᠢ ᠶᠢᠨ ᠲᠣᠭᠯᠠᠯᠲᠠ ᠬᠦᠷ ᠬᠥᠭᠵᠢᠶᠡᠨ ᠲᠠᠢ ᠶᠠᠪᠤᠭᠳᠠᠪᠠ᠃ | ᠮᠠᠨ ᠤ ᠲᠤᠭᠤᠷᠢᠭ ︽ᠨᠢᠭᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠪᠠ | ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢ | ᠭᠤᠤᠯᠳᠠᠯᠭ᠎ᠠ ᠲᠠᠢ ᠪᠤᠶᠢᠵᠢᠭᠤᠯᠬᠤ︾ ᠪᠠᠷ ᠦᠨᠡᠯᠡᠭᠳᠡᠵᠦ᠂ ᠪᠤᠭᠤᠮᠲᠠ ᠶᠢᠨ ᠬᠠᠭᠤᠴᠢᠨ ᠵᠡᠭᠡᠯᠢ ︽ᠥᠪᠡᠷᠲᠡᠭᠡᠨ | ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠨᠴᠠᠯᠢᠭᠳᠤ ᠵᠡᠭᠡᠯᠢ ᠲᠣᠭᠤᠷᠢᠭ︾ ᠢᠶᠠᠷ | ᠦᠨᠡᠯᠡᠭᠳᠡᠪᠡ᠃ ᠪᠦᠬᠦ ᠵᠢᠯ ᠳᠤ 2751ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ᠂ | ᠵᠤᠭᠠᠴᠠᠯ ᠤᠨ ᠶᠡᠷᠦᠩᠬᠡᠢ ᠣᠷᠣᠯᠭ᠎ᠠ ᠶᠢ 6.79 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠤᠭᠠᠴᠠᠭᠰᠠᠳ ᠤᠨ | ᠲᠤᠭ᠎ᠠ ᠪᠣᠯᠤᠨ ᠵᠤᠭᠠᠴᠠᠯ ᠤᠨ ᠣᠷᠣᠯᠭ᠎ᠠ ᠶᠢᠨ ᠬᠤᠣᠰ ᠰᠢᠨ᠎ᠡ ᠲᠡᠮᠳᠡᠭᠯᠡᠯ ᠢ ᠡᠭᠦᠳᠪᠡ᠃ | ᠨᠢᠭᠡ ᠵᠢᠯ ᠤᠨ ᠲᠤᠷᠰᠢ᠂ ᠮᠠᠨ ᠤ ᠲᠥᠷᠥ ᠶᠢᠨ ᠪᠣᠳᠣᠯᠭ᠎ᠠ ᠶᠢᠨ ᠬᠤᠷᠠᠮᠳᠤᠯ ᠨᠢ ᠰᠢᠭᠤᠳ ᠬᠦᠷᠴᠦ ᠲᠦᠷᠭᠡᠨ | ᠡᠳ᠋ᠯᠡᠵᠦ᠂ ᠬᠥᠭᠵᠢᠯᠲᠡ ᠶᠢᠨ ᠲᠦᠰᠢᠭ ᠲᠤᠯᠭᠠᠭᠤᠷᠢ ᠨᠠᠩ ᠬᠦᠴᠦᠲᠡᠶ ᠪᠣᠯᠪᠠ | ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠭᠦᠨᠵᠡᠭᠡᠶᠢᠷᠡᠨ ᠠᠭᠢᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠣᠷᠮ᠎ᠠ 99.9% ᠳᠤ ᠬᠦᠷᠴᠦ᠂ | ᠶᠡᠷᠦᠩᠬᠡᠶᠢᠯᠡᠭᠰᠡᠨ ᠴᠤᠩᠬᠤᠪᠴᠢ ᠪᠠᠷ 374 ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ ᠳᠤ ᠣᠷᠣᠭᠤᠯᠤᠨ᠂ | 964 ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ︽ᠭᠠᠷᠠᠭ ᠤᠨ ᠰᠡᠭᠦᠯᠴᠢ ᠳᠤ ᠡᠭᠦᠳᠡ ᠪᠠᠨ | ᠬᠠᠭᠠᠬᠤ ᠥᠬᠡᠶ︾᠂ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠪᠦᠷᠬᠦᠴᠡ ᠶᠢᠨ ᠨᠣᠷᠮ᠎ᠠ | 90% ᠶᠢ ᠳᠠᠪᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ᠰᠠᠭᠠᠳ ᠥᠬᠡᠶ ᠨᠡᠪᠲᠡᠷᠡᠬᠦ ᠵᠠᠮ ᠢ | ᠥᠨᠳᠥᠷ ᠪᠦᠲᠦᠮᠵᠢᠲᠡᠶ ᠪᠠᠷ ᠠᠵᠢᠯᠯᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠭᠡᠬᠦ ᠶᠢ ᠳᠦᠭᠦᠮᠴᠢᠯᠡᠭᠰᠡᠨ᠂ ᠬᠠᠥᠯᠢᠵᠢᠭ᠌ᠰᠠᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠤᠯᠤᠰ ᠤᠨ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠢᠭᠡᠳᠬᠡᠨ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ 2.9 ᠳ᠋ᠦᠩᠰᠢᠭᠤᠷ ᠲᠥᠭᠦᠷᠢᠭ ᠬᠥᠩᠭᠡᠯᠡᠵᠦ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 5.65 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 6.8 ᠲᠦᠮᠡᠨ | ᠡᠷᠦᠬᠡ ᠪᠣᠯᠭᠠᠨ ᠨᠡᠮᠡᠭᠳᠡᠭᠦᠯᠵᠦ᠂ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠰᠡᠯᠡᠯᠲᠡ ᠶᠢ ᠰᠢᠪᠲᠤᠯᠵᠤ | ᠠᠯᠳᠠᠭᠳᠠᠯ ᠲᠠᠢ ᠪᠠᠶᠢᠭᠰᠠᠨ ᠢ ᠬᠤᠪᠢᠷᠠᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠢᠦᠢ | ᠰᠢᠶᠠᠩ᠂ ᠢᠦᠢ ᠲᠸᠦ ᠵᠡᠷᠭᠡ ᠺᠣᠮᠫᠠᠨᠢ ᠶᠢᠨ ᠠᠷᠠᠳ ᠤᠨ ᠠᠮᠢᠳᠤᠷᠠᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ | ᠴᠢᠳᠠᠪᠤᠷᠢ ᠢᠯᠡᠳᠲᠡ ᠴᠢᠩᠭᠠᠷᠠᠪᠠ᠃ ᠨᠡᠭᠡᠭᠡᠯᠲᠡ ᠬᠢᠵᠦ ᠬᠠᠮᠲᠤᠷᠠᠯᠴᠠᠬᠤ ᠡᠷᠴᠢᠮ ᠢᠶᠠᠨ ᠴᠢᠩᠭᠠᠷᠠᠭᠤᠯᠵᠤ᠂ 3680 | ᠲᠦᠮᠡᠨ ᠲᠥᠭᠦᠷᠢᠭ ᠤᠨ ᠭᠠᠳᠠᠭᠠᠳᠤ ᠪᠡᠯᠡ ᠶᠢ ᠪᠣᠳᠠᠲᠠᠶ ᠠᠰᠢᠭᠯᠠᠵᠤ᠂ ᠳᠤᠮᠳᠠᠳᠤ ᠣᠷᠣᠰ ᠮᠣᠩᠭᠤᠯ ᠤᠨ ᠬᠠᠷᠢᠯᠴᠠᠨ | ᠠᠷᠠᠯᠵᠢᠶᠠᠯᠠᠬᠤ ᠲᠠᠸᠠᠷ ᠤᠨ ᠰᠠᠭᠤᠷᠢᠨ ᠭᠠᠵᠠᠷ ᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ | ᠮᠠᠨ ᠤ ᠲᠤᠭᠤᠷᠢᠭ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠠᠮᠢᠳᠤᠯᠢᠭ ᠦᠢᠯᠡᠳᠦᠯᠭᠡ ᠪᠣᠯᠪᠠ᠃ | ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ ᠪᠠᠷ ᠬᠥᠭᠵᠢᠯᠲᠡ ᠶᠢᠨ ᠬᠥᠳᠡᠯᠭᠡᠬᠦ ᠬᠦᠴᠦᠨ ᠢ ᠨᠢᠭᠲᠠᠷᠠᠭᠤᠯᠵᠤ᠂ | ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠵᠥᠪᠳᠡᠯᠴᠡᠭᠡᠨ ᠤ ᠠᠵᠢᠯᠯᠠᠭ᠎ᠠ ᠶᠢ ᠵᠠᠭᠤ ᠰᠢᠬᠠᠮ ᠲᠠᠯᠠᠪᠤᠷ | ᠠᠮᠵᠢᠯᠲᠠ ᠲᠠᠢ ᠡᠷᠬᠢᠯᠡᠵᠦ᠂ 57 ᠲᠦᠷᠦᠯ ᠵᠦᠢᠯ ᠳᠤ ᠭᠠᠷ ᠤᠨ ᠦᠰᠦᠭ ᠵᠢᠷᠤᠵᠤ ᠨᠠᠶᠢᠳᠠᠪᠤᠷᠢᠵᠢᠭᠤᠯᠵᠤ᠂ 88.1 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠵᠥᠪᠳᠡᠯᠴᠡᠨ ᠲᠣᠭᠲᠠᠵᠤ᠂ ᠬᠤᠳᠠᠯᠳᠤᠭᠠᠴᠢᠨ ᠢ | ᠠᠮᠤᠷᠵᠢᠭᠤᠯᠬᠤ ᠪᠠ ᠬᠤᠳᠠᠯᠳᠤᠭᠠᠴᠢᠨ ᠢ ᠲᠤᠰᠠᠯᠠᠬᠤ ᠠᠭᠤᠷ ᠠᠮᠢᠰᠬᠤᠯ ᠨᠡᠩ ᠥᠳᠬᠡᠨ ᠵᠤᠵᠠᠭᠠᠨ ᠪᠣᠯᠪᠠ᠃ | ᠨᠢᠭᠡ ᠵᠢᠯ ᠤᠨ ᠲᠤᠷᠰᠢ᠂ ᠪᠢᠳᠡ ᠪᠥᠲᠥᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ | ᠣᠷᠭᠠᠨᠢᠭ ᠢᠶᠠᠷ ᠰᠢᠨᠡᠳᠬᠡᠵᠦ᠂ ᠬᠤᠲᠠ ᠬᠥᠳᠡᠭᠡ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ | ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠲᠤᠪᠤᠶᠢᠮ᠎ᠠ ᠠᠮᠵᠢᠯᠲᠠ ᠤᠯᠪᠠ᠃ ᠬᠤᠳᠠ ᠶᠢᠨ | ᠴᠢᠳᠠᠪᠬᠢ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ᠂ ᠴᠢᠨᠠᠷ ᠰᠠᠶᠢᠲᠠᠢ | ᠬᠥᠭᠵᠢᠯᠲᠡ ᠳᠤ ︽ᠳᠠᠯᠳᠠ ᠬᠦᠴᠦᠨ ᠢ ᠠᠭᠤᠳᠠᠯᠬᠤ︾ ︽ᠬᠤᠭᠤᠰᠣᠨ ᠵᠦᠢᠯ ᠢ ᠦᠯᠡᠳᠡᠭᠡᠪᠡ︾᠃ ᠬᠤᠲᠠ ᠶᠢᠨ | ᠡᠮᠨᠡᠯᠭᠡ ᠶᠢᠨ ᠬᠤᠷᠢᠶ᠎ᠠ ᠶᠢᠨ ᠡᠮᠦᠨ᠎ᠡ ᠲᠠᠯ᠎ᠠ ᠵᠡᠷᠭᠡ 7 ᠳᠥᠭᠦᠮ ᠪᠦᠲᠦᠴᠡᠲᠦ ᠣᠷᠣᠨ ᠰᠠᠭᠤᠴᠠ ᠶᠢᠨ | ᠬᠤᠷᠢᠶᠠᠯᠠᠯ ᠤᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ 12 ᠬᠡᠰᠡᠭ᠂ 1140 | ᠮᠥ ᠭᠠᠵᠠᠷ ᠰᠢᠷᠣᠶ ᠶᠢ ᠫᠠᠶᠢᠰᠠ ᠡᠯᠭᠦᠨ ᠰᠢᠯᠵᠢᠭᠦᠯᠦᠨ ᠬᠤᠳᠠᠯᠳᠤᠵᠤ᠂ ᠪᠥᠬᠦ ᠬᠤᠲᠠ ᠶᠢᠨ ᠡᠮᠦᠨ᠎ᠡ ᠡᠩᠨᠡᠭᠡᠨ ᠳᠤ | ᠣᠷᠣᠪᠠ᠃ ᠡᠭᠡᠭᠦᠯᠦᠨ ᠨᠡᠭᠦᠯᠭᠡᠬᠦ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠦᠴᠢᠷ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠵᠦ᠂ 2250 ᠡᠷᠦᠬᠡ᠂ 32 ᠲᠦᠮᠡᠨ ᠲᠡᠭᠰᠢ ᠳᠥᠷᠪᠡᠯᠵᠢᠨ ᠮᠧᠲᠷ ᠤᠨ ᠰᠠᠭᠤᠭᠠᠯᠢ | ᠠᠷᠠᠳ ᠢ ᠡᠭᠡᠭᠦᠯᠦᠨ ᠨᠡᠭᠦᠯᠭᠡᠵᠦ ᠲᠥᠪᠬᠢᠨᠡᠭᠦᠯᠬᠦ ᠠᠰᠠᠭᠤᠳᠠᠯ ᠢ ᠰᠢᠢᠳᠪᠦᠷᠢᠯᠡᠵᠦ᠂ ᠳᠥᠭᠦᠮ ᠪᠦᠲᠦᠴᠡᠲᠦ ᠣᠷᠣᠨ | ᠰᠠᠭᠤᠴᠠ ᠶᠢᠨ ᠬᠤᠷᠢᠶᠠᠯᠠᠯ ᠢ ᠥᠭᠡᠷᠡᠴᠢᠯᠡᠬᠦ ᠰᠢᠨ᠎ᠡ ᠵᠠᠭᠪᠤᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠭᠦᠢᠴᠡᠳ ᠨᠤᠲᠠᠯᠠᠯᠲᠠ ᠶᠢ ᠤᠯᠪᠠ᠃ ᠬᠡᠷ | ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠰᠠᠨᠠᠭᠠᠴᠢᠯᠠᠭ᠎ᠠ ᠠᠴᠠ ᠪᠠᠨ | ᠰᠡᠷᠭᠡᠶᠢᠯᠡᠨ ᠠᠷᠢᠯᠭᠠᠵᠤ᠂ ᠾᠧᠩ ᠳ᠋ᠡ ᠪᠠᠶᠠᠨ ᠪᠦᠷᠢᠳᠦ ᠵᠡᠷᠭᠡ 6 ︽ ᠪᠠᠳᠤᠯᠠᠭᠠᠳᠦ ᠲᠤᠰᠢᠶᠠᠬᠤ ᠠᠰᠠᠷ︾ ᠲᠥᠷᠥᠯ | ᠵᠦᠢᠯ ᠢ ᠪᠦᠬᠦᠨ ᠢ ᠲᠤᠰᠢᠶᠠᠨ ᠥᠭᠪᠡ᠃ | ᠬᠤᠲᠠ ᠶᠢᠨ ᠬᠠᠮᠢᠶᠠᠷᠤᠯᠲᠠ ᠡᠳᠦᠷ ᠢᠷᠡᠬᠦᠶ᠎ᠡ ᠨᠠᠷᠢᠯᠢᠭ ᠪᠤᠯᠪᠠ᠃ ᠪᠦᠬᠦ ᠤᠯᠤᠰ ᠤᠨ ᠪᠣᠯᠪᠠᠰᠤᠨ ᠬᠤᠳᠠ ᠶᠢ | ᠡᠭᠦᠳᠦᠨ ᠪᠠᠶᠢᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ | ᠲᠦᠪᠰᠢᠨ ᠪᠠ ᠤᠯᠠᠨ ᠲᠦᠮᠡᠨ ᠤ ᠪᠣᠯᠪᠠᠰᠤᠨ ᠤ ᠬᠡᠪ ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠪᠡ᠃ 5 ᠭᠤᠣᠯ ᠤᠨ | ᠭᠤᠯᠳᠤᠷᠢᠯ ᠤᠨ ᠵᠡᠭᠡᠯᠢ ᠶᠢᠨ ᠦᠵᠡᠮᠵᠢ ᠶᠢ ᠴᠡᠭᠴᠡᠯᠡᠨ ᠵᠠᠰᠠᠬᠤ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ 4 | ᠵᠠᠮ ᠢ ᠭᠡᠷᠡᠯᠲᠦᠭᠦᠯᠦᠨ ᠭᠤᠶᠤᠵᠢᠭᠤᠯᠬᠤ ᠶᠢ ᠥᠨᠳᠥᠷ ᠶᠠᠰᠤ ᠴᠢᠨᠠᠷᠲᠠᠢ ᠪᠠᠷ ᠠᠬᠢᠭᠤᠯᠵᠤ᠂ ᠶᠡᠭᠡ ᠲᠦᠷᠭᠡᠨ ᠭᠤᠣᠯ | ᠳᠠᠭᠠᠤ ᠶᠢᠨ 4 ᠲᠣᠰᠬᠤᠨ ᠢ ᠶᠡᠷᠦᠩᠬᠡᠶᠢᠯᠡᠨ ᠳᠡᠭᠡᠭᠰᠢᠯᠡᠭᠦᠯᠵᠦ ᠥᠭᠡᠷᠡᠴᠢᠯᠡᠬᠦ ᠶᠢ ᠪᠡᠶᠡᠯᠡᠭᠦᠯᠪᠡ᠃ ᠴᠠᠭ ᠤᠨ | ᠤᠷᠤᠰᠬᠠᠯ ᠤᠨ ᠰᠥᠨᠢ ᠶᠢᠨ ᠵᠠᠬ᠎ᠠ ᠳᠡᠯᠭᠡᠭᠦᠷ ᠪᠠ ᠠᠷᠠᠳ ᠤᠨ ᠠᠮᠢᠳᠤᠷᠠᠯ ᠤᠨ ᠥᠷᠯᠥᠭᠡ ᠶᠢᠨ ᠵᠠᠬ᠎ᠠ ᠳᠡᠯᠭᠡᠭᠦᠷ 4᠂ | ᠬᠥᠬᠡᠬᠤᠲᠠ ᠶᠢᠨ ᠠᠷᠠᠳ ᠲᠤ ᠠᠰᠢᠭ ᠬᠦᠷᠲᠡᠭᠡᠬᠦ ᠨᠣᠭᠤᠭᠠᠨ ᠤ ᠳᠡᠯᠭᠡᠭᠦᠷ 3 ᠶᠢ ᠨᠡᠮᠡᠨ ᠪᠠᠶᠢᠭᠤᠯᠵᠤ᠂ ᠨᠢᠭᠡ | ᠮᠥᠴᠡ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠢ 2 ᠪᠠᠶᠢᠭᠤᠯᠪᠠ᠃ ᠲᠡᠷᠭᠡ ᠵᠣᠭᠰᠣᠭᠠᠬᠤ | ᠭᠠᠵᠠᠷ ᠢ 0.94 ᠲᠦᠮᠡ᠂ ᠨᠡᠶᠢᠲᠡ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢ100 ᠰᠢᠨ᠎ᠡ ᠪᠠᠷ ᠨᠡᠮᠡᠭᠳᠡᠭᠦᠯᠵᠦ᠂ ᠪᠤᠢ | ᠪᠦᠬᠦᠢ ᠪᠠᠶᠢᠭᠤᠯᠭ᠎ᠠ ᠨᠢᠭᠡᠴᠢ ᠶᠢᠨ ᠲᠡᠷᠭᠡᠨ ᠵᠣᠭᠰᠣᠭᠠᠯ ᠢ ᠴᠠᠭ ᠵᠥᠷᠢᠭᠦᠯᠦᠨ ᠨᠡᠭᠡᠭᠡᠵᠦ᠂ ᠲᠡᠷᠭᠡ ᠵᠣᠭᠰᠣᠭᠠᠬᠤ ᠳᠤ | ᠬᠦᠴᠢᠷᠲᠡᠶ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ ᠨᠠᠮᠳᠠᠭᠤᠯᠪᠠ᠃ ᠠᠳᠠᠯ ᠠᠬᠤᠶ ᠶᠢᠨ ᠦᠢᠯᠡᠴᠢᠯᠡᠭᠡ ᠥᠬᠡᠶ | 112 ᠬᠤᠷᠢᠶᠠᠯᠠᠯ ᠢ ᠬᠥᠳᠡᠯᠦᠩᠭᠦᠶ ᠪᠠᠷ ᠲᠡᠭ ᠪᠣᠯᠭᠠᠵᠤ᠂ ᠦᠮᠴᠢᠲᠡᠨ ᠤ ᠵᠥᠪᠯᠡᠯ᠂ ᠠᠳᠠᠯ ᠠᠬᠤᠢ ᠶᠢᠨ | ᠬᠠᠮᠢᠶᠠᠷᠤᠯᠲᠠ ᠶᠢᠨ ᠵᠥᠪᠯᠡᠯ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠭᠠᠵᠠᠷ ᠰᠢᠷᠣᠶ ᠶᠢᠨ ᠬᠠᠮᠢᠶᠠᠷᠤᠯᠲᠠ ᠶᠢ | ᠴᠢᠩᠳᠠᠯᠠᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ 135.2 ᠾᠧᠺᠲ᠋ᠠᠷ ᠭᠠᠵᠠᠷ ᠰᠢᠷᠣᠶ ᠶᠢ | ᠰᠢᠩᠭᠡᠭᠡᠵᠦ᠂ 35.2 ᠾᠧᠺᠲ᠋ᠠᠷ ᠰᠤᠯᠠ ᠪᠠᠶᠢᠬᠤ ᠭᠠᠵᠠᠷ ᠰᠢᠷᠣᠶ ᠶᠢ ᠰᠢᠢᠳᠪᠦᠷᠢᠯᠡᠵᠦ᠂ ᠪᠡᠶᠡᠯᠡᠭᠦᠯᠦᠭᠰᠡᠨ | ᠨᠣᠷᠮ᠎ᠠ ᠨᠢ ᠪᠥᠬᠦ ᠬᠤᠲᠠ ᠶᠢᠨ ᠲᠡᠷᠢᠭᠦᠨ ᠳᠤ ᠣᠷᠣᠪᠠ᠃ 25 ᠰᠢᠨ᠎ᠡ ᠡᠨᠧᠷᠭᠢ ᠶᠢᠨ ᠣᠷᠴᠢᠨ ᠲᠣᠭᠤᠷᠢᠨ ᠤ | ᠠᠷᠢᠭᠤᠨ ᠴᠡᠪᠡᠷ ᠢ ᠬᠠᠮᠠᠭᠠᠯᠠᠬᠤ ᠮᠠᠰᠢᠨ ᠲᠡᠷᠭᠡ ᠬᠤᠳᠠᠯᠳᠤᠨ ᠠᠪᠴᠤ᠂ ᠲᠤᠰᠬᠠᠶᠢᠵᠢᠭᠰᠠᠨ ᠴᠡᠪᠡᠷᠯᠡᠨ | ᠠᠷᠢᠭᠤᠳᠬᠠᠬᠤ ᠲᠠᠯᠠᠪᠠᠶ 1214 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠮᠠᠰᠢᠨ ᠴᠡᠪᠡᠷᠯᠡᠯᠲᠡ ᠶᠢᠨ | ᠨᠣᠷᠮ᠎ᠠ 95% ᠲᠤ ᠬᠥᠷᠪᠡ᠃ ᠪᠠᠷᠠᠭᠤᠨ ᠬᠤᠶᠢᠲᠤ ᠣᠷᠣᠨ ᠤ ᠠᠩᠬᠠᠳᠠᠭᠴᠢ ᠲᠦᠷᠪᠡ ᠲᠦᠷᠦᠯ ᠬᠤᠪᠢᠶᠠᠭᠰᠠᠨ | ᠠᠮᠢᠳᠤᠷᠠᠯ ᠤᠨ ᠬᠤᠭ ᠨᠣᠪᠰᠢ ᠶᠢᠨ ᠲᠠᠯᠠᠪᠤᠷ ᠦᠷᠳᠡᠭᠡ ᠶᠢ ᠠᠰᠢᠭᠯᠠᠯᠲᠠ ᠳᠤ ᠣᠷᠣᠭᠤᠯᠵᠤ᠂ ᠬᠤᠭ ᠨᠣᠪᠰᠢ ᠶᠢ | ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠬᠦ᠂ ᠬᠡᠮᠵᠢᠶ᠎ᠡ ᠶᠢ ᠪᠠᠭᠠᠰᠬᠠᠬᠤ ᠬᠢᠷᠢ ᠲᠦᠪᠰᠢᠨ ᠢ ᠲᠠᠰᠤᠷᠠᠯᠳᠠ | ᠦᠭᠡᠢ ᠳᠡᠭᠡᠭᠰᠢᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠰᠠᠭᠤᠷᠢ ᠪᠠᠨ ᠪᠠᠲᠤᠳᠬᠠᠨ ᠪᠣᠬᠢᠷᠲᠤᠯ ᠥᠬᠡᠶ ᠪᠣᠯᠭᠠᠵᠤ᠂ ᠠᠮᠢ | ᠠᠬᠤᠶ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ | ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠮᠢ ᠠᠬᠤᠶ ᠶᠢᠨ ᠪᠣᠯᠪᠠᠰᠤᠨ ᠤ ᠪᠦᠲᠦᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠬᠢᠵᠢᠭᠦᠯᠪᠡ᠃ ᠤᠨᠢᠨ ᠳᠡᠭᠡᠷ᠎ᠡ ᠨᠢ ᠬᠡᠢ ᠶᠢ | ᠵᠠᠰᠠᠵᠤ᠂ ᠰᠢᠲᠠᠭᠠᠬᠤ ᠶᠢ ᠴᠠᠭᠠᠵᠠᠯᠠᠬᠤ ᠣᠷᠣᠨ ᠠᠴᠠ ᠭᠠᠳᠠᠨᠠᠬᠢ 3 ᠲᠣᠰᠬᠤᠨ᠂ 3526 ᠡᠷᠦᠬᠡ ᠶᠢᠨ | ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠵᠦ᠂ 6 ᠨᠡᠭᠦᠷᠡᠰᠦ | ᠰᠢᠲᠠᠭᠠᠬᠤ ᠭᠦᠸᠧᠯᠦ ᠶᠢ ᠨᠤᠷᠠᠭᠠᠬᠤ ᠶᠢᠨ ᠬᠠᠮᠲᠤ ᠨᠡᠶᠢᠳᠬᠡᠵᠦ᠂ ︽ᠰᠤᠯᠠ ᠰᠠᠮᠠᠭᠤᠷᠠᠭᠰᠠᠨ ᠪᠤᠬᠢᠷᠲᠤᠭᠰᠠᠨ︾ 2 | ᠠᠵᠤ ᠠᠬᠤᠶᠢᠯᠠᠯ ᠢ ᠬᠦᠴᠦᠨ ᠦᠭᠡᠢ ᠪᠣᠯᠭᠠᠵᠤ᠂ ᠡᠰᠢ ᠰᠦᠷᠡᠯ ᠢ ᠰᠢᠲᠠᠭᠠᠬᠤ᠂ ᠪᠠᠷᠢᠯᠭ᠎ᠠ ᠶᠢᠨ ᠭᠠᠵᠠᠷ ᠲᠤ | ᠲᠣᠭᠤᠰᠣ ᠳᠡᠭᠳᠡᠬᠦ᠂ ᠢᠳᠡᠭᠡᠨ ᠤᠮᠳᠠᠭᠠᠨ ᠤ ᠲᠤᠰᠤ ᠤᠲᠤᠭ᠎ᠠ ᠶᠢᠨ ᠪᠣᠬᠢᠷᠲᠤᠯ ᠵᠡᠷᠭᠡ ᠠᠵᠢᠯᠯᠠᠭ᠎ᠠ ᠶᠢ ᠴᠢᠩᠭ᠎ᠠ | ᠬᠢᠵᠠᠭᠠᠷᠯᠠᠵᠤ᠂ ᠪᠦᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ 304 ᠡᠳᠦᠷ ᠲᠤ | ᠬᠦᠷᠪᠡ᠃ ᠤᠰᠤ ᠶᠢ ᠰᠢᠰᠲ᠋ᠧᠮ ᠲᠠᠢ ᠪᠠᠷ ᠵᠠᠰᠠᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ | ᠬᠠᠮᠢᠶᠠᠷᠤᠯᠲᠠ ᠶᠢ ᠬᠡᠷᠡᠭᠵᠢᠭᠦᠯᠦᠨ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠪᠡᠶᠡᠯᠡᠭᠦᠯᠵᠦ᠂ ᠦᠨᠡᠮᠯᠡᠯ ᠥᠬᠡᠶ ᠪᠠᠷ ᠥᠪᠡᠰᠦᠪᠡᠨ ᠪᠡᠯᠡᠳᠬᠡᠭᠰᠡᠨ 1 ᠬᠤᠳᠳᠤᠭ ᠢ ᠪᠢᠲᠡᠭᠦᠮᠵᠢᠯᠡᠨ ᠵᠣᠭᠰᠣᠭᠠᠵᠤ᠂ | 53 ᠾᠧᠺᠲ᠋ᠠᠷ ᠬᠥᠷᠥᠰᠥ ᠰᠢᠷᠣᠶ ᠶᠢᠨ ᠢᠳᠡᠭᠳᠡᠯ ᠤᠨ ᠲᠠᠯᠠᠪᠠᠶ ᠶᠢ ᠪᠦᠲᠦᠮᠵᠢᠲᠡᠶ ᠵᠠᠰᠠᠪᠠ᠃ ᠭᠤᠤᠯ ᠤᠨ | ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 6 ᠭᠤᠤᠯ ᠮᠥᠷᠡᠨ ᠤ ᠣᠭᠲᠣᠯᠤᠭᠠᠰᠤ ᠶᠢᠨ ᠤᠰᠤᠨ ᠤ | ᠴᠢᠨᠠᠷ ᠢ ᠴᠥᠮ ᠪᠠᠷᠢᠮᠵᠢᠶ᠎ᠠ ᠳᠤ ᠬᠦᠷᠦᠭᠦᠯᠵᠦ᠂ ᠭᠤᠤᠯ ᠤᠨ ᠵᠠᠮ ᠤᠨ ᠬᠤᠷᠠᠭᠰᠠᠨ ᠢ ᠠᠷᠢᠯᠭᠠᠨ ᠯᠠᠶᠢᠳᠠᠬᠤ ᠠᠵᠢᠯ | ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ ᠤ ᠰᠠᠶᠢᠰᠢᠶᠠᠯ ᠢ ᠬᠦᠷᠲᠡᠪᠡ᠃ ᠬᠠᠳᠤᠨ ᠭᠤᠣᠯ ᠤᠨ ᠭᠤᠣᠯ ᠤᠨ | ᠭᠤᠯᠳᠤᠷᠢᠯ ᠢ ᠰᠡᠯᠪᠢᠨ ᠵᠠᠰᠠᠬᠤ ᠪᠠ ᠰᠡᠬᠦᠯ ᠤᠨ ᠤᠰᠤ ᠨᠤᠭᠤ ᠭᠠᠵᠠᠷ ᠢ ᠴᠡᠪᠡᠷᠰᠢᠭᠦᠯᠬᠦ ᠢᠨᠵᠧᠨᠧᠷᠢᠩ ᠢ ᠭᠦᠨᠵᠡᠭᠡᠶ | ᠬᠡᠷᠡᠭᠵᠢᠭᠦᠯᠵᠦ᠂ 20.1 ᠺᠢᠯᠣᠮᠧᠲᠷ ᠤᠨ ᠤᠰᠤᠨ ᠰᠢᠰᠲ᠋ᠧᠮ ᠢ ᠪᠦᠬᠦ ᠱᠤᠭᠤᠮ ᠢᠶᠠᠷ ᠬᠤᠯᠪᠣᠵᠤ᠂ ᠡᠮᠦᠨ᠎ᠡ ᠤᠮᠠᠷ᠎ᠠ | ᠡᠷᠭᠢ ᠶᠢᠨ ᠲᠣᠭᠤᠷᠢᠯ ᠵᠠᠮ ᠢ ᠪᠦᠬᠦ ᠲᠠᠯ᠎ᠠ ᠪᠠᠷ ᠨᠡᠪᠲᠡᠷᠡᠭᠦᠯᠵᠦ᠂ ᠭᠤᠣᠯ ᠤᠨ ᠵᠠᠮ ᠤᠨ ᠠᠮᠢ ᠠᠬᠤᠶ ᠶᠢ | ᠬᠠᠳᠠᠭᠠᠯᠠᠬᠤ ᠴᠢᠳᠠᠮᠵᠢ ᠶᠢ ᠢᠯᠡᠳᠲᠡ ᠴᠢᠩᠭᠠᠷᠠᠭᠤᠯᠪᠠ᠃ ᠬᠥᠷᠥᠰᠥ ᠰᠢᠷᠣᠶ ᠶᠢ ᠴᠢᠩᠳᠠ ᠵᠠᠰᠠᠵᠤ᠂ ︽ᠬᠠᠶᠠᠭᠳᠠᠮᠠᠯ | ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠡᠩ ᠤᠨ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠮᠠᠯ | ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠴᠥᠮ 90% ᠠᠴᠠ | ᠳᠡᠭᠡᠭᠰᠢ ᠳᠤ ᠬᠦᠷᠦᠭᠦᠯᠪᠡ᠃ 6 ᠬᠠᠷᠮᠠᠨ ᠴᠡᠴᠡᠷᠯᠢᠭ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 4 ᠵᠠᠮ ᠢ | ᠨᠣᠭᠤᠭᠠᠷᠠᠭᠤᠯᠵᠤ᠂ 32 ᠺᠢᠯᠣᠮᠧᠲᠷ ᠬᠤᠲᠠ ᠶᠢᠨ ᠨᠣᠭᠤᠭᠠᠨ ᠵᠠᠮ ᠢ ᠵᠠᠰᠠᠨ ᠪᠠᠶᠢᠭᠤᠯᠵᠤ᠂ 80 ᠦᠵᠡᠮᠵᠢ ᠶᠢᠨ | ᠴᠡᠭ ᠢ ᠪᠠᠶᠢᠭᠤᠯᠵᠤ᠂ 2431 ᠮᠥ ᠨᠤᠭᠤ ᠭᠠᠵᠠᠷ ᠤᠨ ᠠᠮᠢ ᠠᠬᠤᠶ ᠶᠢᠨ ᠨᠣᠭᠤᠭᠠᠷᠠᠭᠤᠯᠤᠯᠲᠠ ᠶᠢ ᠬᠡᠷᠡᠭᠵᠢᠭᠦᠯᠦᠨ᠂ | ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 33.3 % ᠲᠤ ᠬᠦᠷᠴᠦ᠂ ᠬᠥᠬᠡ ᠨᠣᠭᠤᠭᠠᠨ | ᠰᠦᠯᠵᠢᠯᠳᠦᠭᠰᠡᠨ᠂ ᠤᠰᠤ ᠬᠤᠲᠠ ᠨᠡᠶᠢᠯᠡᠭᠰᠡᠨ ᠠᠮᠢ ᠠᠬᠤᠶ ᠶᠢᠨ ᠵᠢᠷᠤᠭ ᠡᠳᠦᠷ ᠢᠷᠡᠬᠦᠶ᠎ᠡ ᠲᠣᠳᠣᠷᠠᠪᠠ᠃ | ᠨᠢᠭᠡ ᠵᠢᠯ ᠤᠨ ᠲᠤᠷᠰᠢ᠂ ᠪᠢᠳᠡ ᠰᠡᠷᠭᠡᠶᠢᠯᠡᠯᠲᠡ ᠶᠢᠨ ᠱᠤᠭᠤᠮ ᠢᠶᠠᠨ ᠪᠠᠬᠢᠵᠢᠭᠦᠯᠵᠦ ᠰᠠᠭᠤᠷᠢ ᠪᠠᠨ | ᠪᠠᠲᠤᠳᠬᠠᠨ᠂ ᠨᠡᠶᠢᠭᠡᠮ ᠤᠨ ᠵᠠᠰᠠᠯᠲᠠ ᠶᠢ ᠨᠠᠩ ᠪᠦᠲᠦᠮᠵᠢᠲᠡᠶ ᠪᠣᠯᠭᠠᠪᠠ | ᠠᠮᠤᠷ ᠠᠮᠤᠭᠤᠯᠠᠩ ᠲᠤᠭᠳᠠᠬᠤ ᠢ ᠯᠠᠪᠳᠠᠭᠤᠨ ᠢᠶᠠᠷ ᠠᠬᠢᠭᠤᠯᠪᠠ᠃ ᠠᠶᠤᠯᠭᠦᠶ ᠦᠢᠯᠡᠳᠪᠦᠷᠢᠯᠡᠯ ᠤᠨ ︽ | ᠠᠷᠪᠠᠨ ᠲᠠᠪᠤᠨ ᠵᠤᠷᠪᠤᠰ︾ ᠤᠨ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠵᠢᠯ ᠳᠤ | ᠨᠡᠯᠢᠶᠡᠳ ᠶᠡᠭᠡ ᠠᠴᠠ ᠳᠡᠭᠡᠭᠰᠢ ᠦᠢᠯᠡᠳᠪᠦᠷᠢᠯᠡᠯ ᠤᠨ ᠠᠶᠤᠯᠭᠦᠶ ᠶᠢᠨ ᠠᠳᠡᠯ ᠭᠠᠷᠤᠭᠰᠠᠨ ᠦᠭᠡᠢ᠃ 31 | ᠺᠢᠯᠣᠮᠧᠲᠷ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠲᠣᠣᠷ ᠢ ᠥᠭᠡᠷᠡᠴᠢᠯᠡᠵᠦ᠂ ᠰᠢᠲᠠᠮᠠᠬᠠᠶ ᠬᠡᠢ ᠶᠢᠨ | ᠮᠡᠷᠭᠡᠵᠢᠯ ᠤᠨ ᠰᠡᠷᠭᠡᠶᠢᠯᠡᠯᠲᠡ ᠶᠢᠨ ᠤᠭᠰᠠᠷᠠᠯᠲᠠ ᠶᠢ ᠪᠦᠬᠦᠨ ᠢ ᠪᠦᠷᠬᠦᠭᠦᠯᠪᠡ᠃ ︽ᠳᠥᠷᠪᠡᠨ ᠬᠠᠮᠤᠭ ᠤᠨ ᠴᠢᠩᠭ᠎ᠠ | ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠪᠠᠶᠢᠩᠭᠤᠵᠢᠭᠤᠯᠤᠨ ᠦᠷᠨᠢᠭᠦᠯᠪᠡ᠃ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ | ᠠᠷᠢᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠣᠨ ᠤ ᠥᠷᠢ ᠥᠭᠴᠡᠭᠡ ᠶᠢ | ᠠᠷᠢᠯᠭᠠᠬᠤ ᠡᠭᠦᠷᠭᠡ ᠶᠢ ᠪᠡᠶᠡᠯᠡᠭᠦᠯᠪᠡ᠃ ︽ᠲᠠᠪᠤᠨ ᠳᠦᠷᠢᠮ ᠨᠢᠭᠡ ᠮᠥᠩᠭᠦ︾ ᠶᠢᠨ ᠳᠦᠷᠢᠮ ᠢ ᠴᠢᠩᠭ᠎ᠠ | ᠬᠡᠷᠡᠭᠵᠢᠭᠦᠯᠵᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠪᠠ᠃ ᠬᠠᠤᠯᠢ | ᠪᠤᠰᠤ ᠪᠠᠷ ᠪᠡᠯᠡ ᠮᠥᠩᠭᠦ ᠴᠤᠭᠯᠠᠭᠤᠯᠬᠤ᠂ ᠴᠠᠬᠢᠯᠭᠠᠨ ᠬᠤᠯᠪᠤᠭᠠᠨ ᠤ ᠮᠡᠬᠡᠯᠡᠯ ᠵᠡᠷᠭᠡ ᠬᠠᠤᠯᠢ ᠶᠢ ᠵᠥᠷᠢᠴᠡᠭᠰᠡᠨ ᠡᠯ᠎ᠡ | ᠵᠦᠢᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠭᠦᠦ ᠶᠢᠨ ᠬᠡᠷᠡᠭ ᠪᠠ ᠠᠮᠤᠷ ᠢ ᠬᠠᠮᠠᠭᠠᠯᠠᠬᠤ | ᠬᠡᠷᠡᠭ ᠤᠨ ᠬᠤᠣᠰ ᠪᠠᠭᠤᠷᠠᠯᠲᠠ ᠶᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢ ᠨᠡᠩ ᠡᠶ᠎ᠡ ᠵᠣᠬᠢᠴᠠᠯ ᠲᠠᠢ | ᠪᠥᠭᠡᠳ ᠲᠣᠭᠲᠠᠭᠤᠨ ᠪᠠᠶᠢᠳᠠᠯ ᠲᠠᠢ ᠪᠣᠯᠭᠠᠪᠠ᠃ | ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠳᠡᠭᠡᠭᠰᠢᠯᠡᠪᠡ᠃ ︽ᠡᠷᠲᠡᠨ ᠤ ᠡᠭᠡᠰᠢᠭᠯᠡᠯᠲᠦ | ᠲᠤᠭᠳᠠᠬᠤ ᠠᠨᠠᠷ ᠤᠨ ᠴᠡᠴᠡᠭ ᠳᠡᠯᠭᠡᠷᠡᠬᠦ︾ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ | ᠲᠦᠷᠦᠯ ᠲᠡᠮᠳᠡᠭ ᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠰᠤᠳᠤᠯᠭᠠᠨ ᠤ ᠰᠠᠭᠤᠷᠢᠨ ᠤ ᠢᠦᠢ ᠴᠢᠤᠸᠠᠨ ᠠᠵᠢᠯ ᠤᠨ ᠦᠷᠳᠡᠭᠡ ᠶᠢ ᠪᠠᠶᠢᠭᠤᠯᠵᠤ᠂ ᠤᠷᠳᠤ | ᠬᠤᠭᠤᠴᠠᠭᠠᠨ ᠤ ᠨᠥᠬᠦᠷᠰᠡᠭ ᠰᠣᠯᠢᠯᠴᠠᠭᠠᠨ ᠤ ᠬᠠᠷᠢᠯᠴᠠᠭ᠎ᠠ ᠶᠢ ᠪᠠᠶᠢᠭᠤᠯᠪᠠ᠃ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠯᠡᠨ ᠦᠷ᠎ᠡ ᠠᠰᠢᠭ ᠢ ᠨᠡᠮᠡᠭᠳᠡᠭᠦᠯᠵᠦ᠂ ᠨᠡᠶᠢᠭᠡᠮ ᠲᠣᠭᠤᠷᠢᠭ ᠢ 11 ᠰᠢᠨ᠎ᠡ ᠪᠠᠷ ᠨᠡᠮᠡᠭᠳᠡᠭᠦᠯᠵᠦ | ᠂ ᠨᠡᠶᠢᠭᠡᠮ ᠲᠣᠭᠤᠷᠢᠭ ᠤᠨ ᠠᠵᠢᠯ ᠤᠨ45 ᠵᠦᠢᠯ ᠤᠨ ᠲᠤᠰᠢᠶᠠᠯ ᠬᠠᠷᠢᠭᠤᠴᠠᠯᠭ᠎ᠠ ᠶᠢ ᠴᠣᠮᠬᠠᠳᠬᠠᠵᠤ᠂ ᠡᠯ᠎ᠡ | ᠲᠦᠷᠦᠯ ᠤᠨ ᠬᠢᠨᠠᠨ ᠰᠢᠯᠭᠠᠵᠤ ᠠᠳᠠᠯᠢᠳᠬᠠᠨ ᠰᠢᠯᠭᠠᠷᠠᠭᠤᠯᠬᠤ 26 ᠵᠦᠢᠯ ᠢ ᠬᠦᠴᠦᠨ ᠦᠭᠡᠢ ᠪᠣᠯᠭᠠᠵᠤ᠂ ᠨᠡᠶᠢᠭᠡᠮ | ᠲᠣᠭᠤᠷᠢᠭ ᠤᠨ ᠠᠵᠢᠯᠳᠠᠨ ᠤ ᠠᠵᠢᠯ ᠤᠨ ᠪᠠᠶᠢᠷᠢ ᠶᠢᠨ ᠴᠠᠯᠢᠩ ᠣᠯᠭᠤᠮᠵᠢ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠪᠠ᠃ ᠭᠤᠷᠪᠠᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ | ᠦᠢᠯᠡᠴᠢᠯᠡᠭᠡ ᠶᠢ ᠨᠡᠶᠢᠳᠡᠮ ᠪᠦᠷᠬᠦᠭᠦᠯᠵᠦ᠂ ᠨᠢᠭᠡ ᠪᠦᠯᠦᠭ ᠲᠦᠪᠡᠭ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ | ᠵᠦᠢᠯᠡᠰ ᠢ ᠲᠦᠢᠯᠪᠤᠷᠢᠲᠠᠶ ᠰᠢᠢᠳᠪᠦᠷᠢᠯᠡᠪᠡ᠃ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ︽ | ᠲᠦᠷᠪᠡᠨ ᠨᠤᠷᠮ᠎ᠠ︾ ᠶᠢ ᠢᠯᠡᠳᠲᠡ ᠳᠡᠭᠡᠭᠰᠢᠯᠡᠭᠦᠯᠵᠦ᠂ 6.4 ᠲᠦᠮᠡᠨ ᠬᠤᠪᠢ ᠤᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠶᠢ ᠰᠢᠭᠤᠳ ᠲᠦᠷᠭᠡᠨ ᠰᠢᠢᠳᠪᠦᠷᠢᠯᠡᠪᠡ᠃ ᠵᠡᠭᠡᠯᠢ ᠶᠢᠨ ᠨᠡᠶᠢᠭᠡᠮ ᠲᠣᠭᠤᠷᠢᠭ ᠪᠥᠬᠦ ᠤᠯᠤᠰ ᠤᠨ ︽ | ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ︾ ᠶᠢᠨ ᠲᠡᠷᠢᠭᠦᠨ ᠤ ᠨᠢᠭᠡᠴᠢ ᠪᠠᠷ ᠦᠨᠡᠯᠡᠭᠳᠡᠵᠦ᠂ ᠴᠠᠩ ᠾᠧ | ᠯᠠᠩ ᠤᠨ ᠲᠣᠮᠢᠯᠠᠭᠰᠠᠨ ᠰᠠᠯᠪᠤᠷᠢ ᠥᠪᠡᠷᠲᠡᠭᠡᠨ ᠵᠠᠰᠠᠬᠤ ᠣᠷᠣᠨ ᠤ ︽ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ | ︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠦᠨᠡᠯᠡᠭᠳᠡᠪᠡ᠃ | ᠨᠢᠭᠡ ᠵᠢᠯ ᠤᠨ ᠲᠤᠷᠰᠢ᠂ ᠪᠢᠳᠡ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠵᠤ ᠪᠣᠳᠠᠲᠠᠶ ᠠᠵᠢᠯ ᠢ | ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠥᠬᠡᠶ ᠨᠡᠮᠡᠭᠳᠡᠭᠦᠯᠪᠡ | ᠨᠡᠶᠢᠭᠡᠮ ᠤᠨ ᠪᠠᠲᠤᠯᠠᠭ᠎ᠠ ᠪᠠᠲᠤ ᠴᠢᠩᠭ᠎ᠠ ᠪᠥᠭᠡᠳ ᠬᠦᠴᠦᠨ ᠲᠡᠭᠦᠯᠳᠡᠷ ᠪᠠᠶᠢᠨ᠎ᠠ᠃ ᠬᠤᠲᠠ ᠪᠠᠯᠭᠠᠰᠤᠨ ᠤ | 7505 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 9554 ᠬᠥᠳᠡᠯᠮᠦᠷᠢ ᠶᠢᠨ | ᠬᠦᠴᠦᠨ ᠢ ᠰᠢᠯᠵᠢᠭᠦᠯᠦᠨ ᠠᠵᠢᠯ ᠣᠯᠭᠤᠵᠤ᠂ 3.9 ᠲᠦᠮᠡᠨ ᠬᠥᠮᠦᠨ ᠳᠤ ᠠᠮᠢᠳᠤᠯᠢᠭ ᠢᠶᠠᠷ ᠠᠵᠢᠯ ᠣᠯᠭᠤᠬᠤ | ᠠᠵᠢᠯ ᠤᠨ ᠪᠠᠶᠢᠷᠢ ᠬᠠᠩᠭᠠᠵᠤ᠂ ︽ᠲᠤᠭᠳᠠᠬᠤ ᠠᠵᠢᠯᠳᠠᠨ ᠠᠵᠢᠯᠴᠢᠨ ᠤ ᠭᠡᠷ︾ ᠤᠨ ᠵᠢᠵᠢᠭ ᠫᠷᠤᠭ᠍ᠷᠠᠮ ᠪᠦᠬᠦ | ᠤᠯᠤᠰ ᠤᠨ ︽ᠰᠢᠶᠠᠨ ︵ᠲᠣᠭᠤᠷᠢᠭ︶ ᠤ ᠲᠡᠰ ᠤᠨ ᠠᠷᠪᠠᠨ ᠰᠢᠯᠢᠳᠡᠭ︾ ᠤᠨ ᠲᠠᠪᠴᠠᠩ ᠢᠶᠠᠷ ᠦᠨᠡᠯᠡᠭᠳᠡᠪᠡ᠃ ︽ | ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠢᠳᠡᠪᠬᠢᠲᠡᠶ ᠪᠠᠷ ᠳᠥᠯᠭᠢᠨ | ᠠᠬᠢᠭᠤᠯᠵᠤ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ 286 ᠴᠤᠭᠯᠠᠭᠤᠯᠤᠨ᠂ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢ 500 ᠲᠦᠮᠡᠨ ᠲᠥᠭᠦᠷᠢᠭ ᠲᠠᠯᠪᠢᠵᠤ᠂ ᠳᠡᠭᠡᠳᠦ ᠰᠤᠷᠭᠠᠭᠤᠯᠢ ᠲᠡᠭᠦᠰᠦᠭᠰᠡᠨ | 2230 ᠰᠣᠷᠣᠭᠴᠢ ᠲᠤᠭᠳᠠᠬᠤ ᠳᠤ ᠦᠨᠳᠦᠰᠦᠯᠡᠪᠡ᠃ ᠦᠨᠳᠦᠰᠦᠨ ᠱᠠᠲᠤᠨ ᠤ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠴᠡᠭ ᠢ 110 ᠪᠠᠶᠢᠭᠤᠯᠵᠤ᠂ ᠪᠥᠬᠦ ᠵᠢᠯ ᠳᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠪᠠᠯᠠ ᠮᠥᠩᠭᠦ ᠶᠢ 3829 ᠲᠦᠮᠡᠨ ᠲᠥᠭᠦᠷᠢᠭ | ᠲᠠᠷᠬᠠᠭᠠᠪᠠ᠃ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ᠢ 11 ᠰᠢᠨ᠎ᠡ ᠪᠠᠷ | ᠪᠠᠶᠢᠭᠤᠯᠵᠤ᠂ 230 ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠬᠤᠶᠠᠷ ᠢ | ᠬᠦᠷᠢᠶᠡᠯᠡᠨ ᠬᠠᠮᠲᠤ ᠪᠠᠷ ᠪᠠᠶᠢᠭᠤᠯᠬᠤ ᠶᠢ ᠭᠦᠨᠵᠡᠭᠡᠶ ᠲᠦᠯᠬᠢᠨ ᠠᠬᠢᠭᠤᠯᠵᠤ᠂ ᠴᠡᠷᠢᠭ ᠠᠴᠠ ᠬᠠᠯᠠᠭᠳᠠᠭᠰᠠᠳ ᠤᠨ | ᠠᠵᠢᠯ ᠣᠯᠵᠤ ᠠᠳᠠᠯ ᠦᠢᠯᠡᠰ ᠴᠣᠭᠴᠠᠯᠠᠬᠤ᠂ ᠡᠷᠬᠡ ᠠᠰᠢᠭ ᠢᠶᠠᠨ ᠬᠠᠮᠠᠭᠠᠯᠠᠬᠤ ᠵᠡᠷᠭᠡ ᠦᠢᠯᠡᠴᠢᠯᠡᠭᠡ ᠶᠢ | ᠲᠠᠰᠤᠷᠠᠯᠳᠠ ᠦᠭᠡᠢ ᠰᠢᠯᠢᠳᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠪᠡ᠃ | ᠰᠤᠷᠭᠠᠨ ᠬᠥᠮᠦᠵᠢᠯ ᠤᠨ ᠦᠢᠯᠡᠰ ᠴᠢᠨᠠᠷ ᠰᠠᠶᠢᠲᠠᠶ ᠬᠥᠭᠵᠢᠪᠡ᠃ 7.3 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠤ 8 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠰᠢᠨ᠎ᠡ ᠪᠠᠷ ᠦᠷᠭᠦᠯᠵᠢᠯᠡᠨ | ᠪᠠᠶᠢᠭᠤᠯᠵᠤ᠂ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠬᠤᠷᠢᠨ ᠳᠣᠯᠣᠳᠤᠭᠠᠷ ᠳᠤᠮᠳᠠᠳᠤ | ᠰᠤᠷᠭᠠᠭᠤᠯᠢ ᠶᠢᠨ ᠰᠢᠨ᠎ᠡ ᠬᠠᠶ᠋ᠢᠭ ᠤᠨ ᠭᠤᠤᠯ ᠴᠣᠭᠴᠠ ᠶᠢᠨ ᠳᠡᠭᠡᠪᠦᠷ ᠢ ᠪᠢᠲᠡᠭᠦᠮᠵᠢᠯᠡᠨ᠂ 10 ᠬᠡᠦᠬᠡᠳ ᠤᠨ | ᠴᠡᠴᠡᠷᠯᠢᠭ ᠢ ᠬᠦᠯᠢᠶᠡᠨ ᠠᠪᠴᠤ ᠲᠣᠬᠢᠷᠠᠭᠤᠯᠤᠨ ᠪᠠᠶᠢᠭᠤᠯᠪᠠ᠃ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠨᠵᠢᠯᠡᠭᠡᠨ ᠤ ᠰᠠᠯᠠᠭ᠎ᠠ ᠪᠠ ᠴᠢᠬᠤᠯᠠ ᠶᠡᠭᠡ | ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠭᠤᠤᠯ ᠴᠣᠭᠴᠠ ᠶᠢᠨ ᠳᠡᠭᠡᠪᠦᠷ ᠢ ᠪᠢᠲᠡᠭᠦᠮᠵᠢᠯᠡᠵᠦ᠂ ᠭᠠᠳᠠᠭᠠᠳᠤ ᠳᠤ ᠰᠤᠷᠤᠯᠴᠠᠬᠤ ᠰᠣᠷᠣᠭᠴᠢ ᠪᠠ | ᠠᠰᠫᠢᠷᠠᠨᠲ ᠤᠨ ᠠᠰᠠᠷ ᠢ ᠠᠰᠢᠭᠯᠠᠯᠲᠠ ᠳᠤ ᠣᠷᠣᠭᠤᠯᠪᠠ᠃ ᠪᠠᠭᠰᠢ ᠶᠢ 145 ᠨᠡᠷᠡᠰ ᠢᠯᠡ ᠪᠠᠷ ᠤᠷᠢᠵᠤ᠂ ︽ | ᠵᠠᠮᠴᠢᠯᠠᠭᠴᠢ ᠵᠠᠬᠢᠷᠤᠯ︾᠂ ︽ᠰᠢᠯᠭᠠᠷᠠᠭᠰᠠᠨ ᠪᠠᠭᠰᠢ︾᠂ ︽ᠰᠢᠯᠢᠳᠡᠭ ᠵᠢᠭᠠᠨ ᠰᠤᠳᠤᠯᠬᠤ ᠪᠦᠯᠬᠦᠮ︾ ᠤᠨ | ᠪᠤᠯᠪᠠᠰᠤᠷᠠᠯ ᠢ 1.5 ᠲᠦᠮᠡᠨ ᠬᠥᠮᠦᠨ ᠤᠳᠠᠭ᠎ᠠ ᠥᠷᠨᠢᠭᠦᠯᠪᠡ᠃ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠨᠢᠭᠡᠳᠦᠭᠡᠷ ᠬᠢᠵᠠᠭᠠᠷ ᠬᠤᠪᠢ ᠶᠢ ᠳᠠᠪᠠᠭᠰᠠᠨ ᠨᠣᠷᠮ᠎ᠠ᠂ ᠵᠢᠩᠬᠢᠨᠢ ᠠᠩᠭᠢ ᠶᠢᠨ ᠨᠢᠭᠡᠳᠦᠭᠡᠷ | ᠬᠢᠵᠠᠭᠠᠷ ᠬᠤᠪᠢ ᠶᠢ ᠳᠠᠪᠠᠭᠰᠠᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 7.1% ᠪᠠ 5.9% ᠪᠠᠷ | ᠳᠡᠭᠡᠭᠰᠢᠯᠡᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠳᠠᠬᠢᠨᠲᠠ ᠰᠢᠨ᠎ᠡ ᠳᠡᠭᠲᠡᠷ ᠲᠤ | ᠭᠠᠷᠪᠠ᠃ ᠭᠦ᠋ ᠴᠧᠩ ᠪᠠᠭ᠎ᠠ ᠰᠤᠷᠭᠠᠭᠤᠯᠢ ᠳᠤ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ︽ᠪᠦᠬᠦ | ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠦᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ | ᠶᠢᠨ ᠢᠷᠠᠭᠤ ᠠᠯᠳᠠᠷ ᠢ ᠬᠦᠷᠲᠡᠭᠡᠪᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠲᠣᠭᠲᠠᠭᠤᠨ ᠢᠶᠠᠷ ᠳᠡᠭᠡᠭᠰᠢᠯᠡᠪᠡ᠃ ᠲᠤᠭᠳᠠᠬᠤ ᠶᠡᠷᠦᠩᠬᠡᠶ ᠡᠮᠨᠡᠯᠭᠡ ᠶᠢᠨ | ᠬᠤᠷᠢᠶ᠎ᠠ ᠫᠠᠶᠢᠰᠠ ᠡᠯᠭᠦᠨ ᠠᠵᠢᠯᠯᠠᠵᠤ᠂ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ | ᠲᠣᠭᠤᠷᠢᠭ ᠬᠤᠲᠠ ᠬᠠᠮᠵᠢᠯᠴᠠᠨ ᠬᠥᠭᠵᠢᠬᠦ︾ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢᠨ ᠰᠢᠨ᠎ᠡ ᠵᠠᠭᠪᠤᠷ ᠢ ᠡᠭᠦᠳᠪᠡ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠮᠡᠳᠡᠭᠡ ᠵᠠᠩᠭᠢ ᠶᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠡᠬᠢᠯᠡᠭᠦᠯᠪᠡ᠃ ᠱᠤᠸᠠᠩ ᠾᠧ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠨᠡᠶᠢᠭᠡᠮ ᠲᠣᠭᠤᠷᠢᠭ ᠤᠨ ᠡᠮᠨᠡᠯᠭᠡ | ᠪᠤᠯᠭᠠᠨ ᠲᠡᠰ ᠳᠡᠪᠰᠢᠭᠦᠯᠪᠡ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ᠂ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠢᠲᠠᠳ ᠡᠮ ᠡᠮᠨᠡᠯᠭᠡ ᠶᠢᠨ ᠣᠨᠣᠰᠢᠯᠠᠨ ᠡᠮᠨᠡᠬᠦ ᠶᠢ ᠨᠡᠶᠢᠳᠡᠮ | ᠬᠠᠮᠤᠷᠬᠤ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠨᠣᠷᠮ᠎ᠠ | 40% ᠳᠤ ᠬᠦᠷᠪᠡ᠃ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠡᠮᠴᠢᠯᠡᠭᠡᠨ ᠤ ᠪᠠᠶᠢᠭᠤᠯᠤᠮᠵᠢ ᠶᠢᠨ | ᠪᠦᠷᠬᠦᠴᠡ ᠶᠢᠨ ᠨᠣᠷᠮ᠎ᠠ ᠶᠢ 80.7 % ᠠᠴᠠ ᠳᠡᠭᠡᠭᠰᠢ ᠳᠤ ᠬᠦᠷᠦᠭᠦᠯᠵᠦ᠂ ᠱᠤᠸᠠᠩ ᠾᠧ ᠨᠡᠶᠢᠭᠡᠮ ᠲᠣᠭᠤᠷᠢᠭ ︽ | ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ | ᠲᠣᠭᠤᠷᠢᠭ︾ ᠢᠶᠠᠷ ᠦᠨᠡᠯᠡᠭᠳᠡᠪᠡ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠥᠷᠨᠢᠨ ᠬᠥᠭᠵᠢᠪᠡ᠃ ᠬᠤᠪᠢᠰᠬᠠᠯ ᠤᠨ ᠰᠤᠷᠭᠠᠨ ᠬᠥᠮᠦᠵᠢᠯ ᠤᠨ | ᠰᠠᠭᠤᠷᠢᠨ ᠭᠠᠵᠠᠷ ᠶᠢ ᠵᠢᠩᠬᠢᠨᠢ ᠪᠠᠷ ᠨᠡᠭᠡᠭᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠣᠶᠢᠯᠠᠭᠠᠯᠲᠠ᠂ ᠪᠡᠶ᠎ᠡ ᠶᠢᠨ | ᠲᠠᠮᠢᠷ ᠤᠨ ᠤᠷᠤᠯᠳᠤᠭᠠᠨ᠂ ᠤᠷᠠᠯᠢᠭ ᠤᠨ ᠦᠢᠯᠡᠳᠦᠯᠭᠡ ᠶᠢ ᠨᠢᠭᠡ ᠴᠤᠬᠴᠠᠵᠢᠭᠤᠯᠤᠬᠰᠠᠨ ᠲᠢᠶᠠᠨ ᠷᠦᠢ | ᠢᠷᠡᠭᠡᠳᠦᠢ ᠶᠢᠨ ᠬᠤᠳᠠ ᠶᠢᠨ ᠴᠤᠭᠯᠠᠷᠠᠯ ᠤᠨ ᠨᠥᠯᠥᠭᠡᠯᠡᠬᠦ ᠬᠦᠴᠦᠨ ᠦᠷᠭᠦᠯᠵᠢᠯᠡᠨ ᠥᠷᠭᠡᠳᠴᠦ᠂ ᠪᠦᠬᠦ | ᠠᠷᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠪᠣᠬᠢᠷᠲᠤᠯ ᠦᠭᠡᠢ ᠢᠳᠡᠷᠡᠭᠦᠨ ᠠᠯᠬᠤᠬᠤ᠂ ᠨᠠᠭᠤᠷ ᠲᠣᠭᠤᠷᠢᠨ | ᠳᠤᠭᠤᠢ ᠤᠨᠤᠬᠤ ᠵᠡᠷᠭᠡ ᠠᠵᠢᠯᠯᠠᠭ᠎ᠠ ᠶᠢ 20 ᠭᠠᠷᠤᠶ ᠲᠠᠯᠠᠪᠤᠷ ᠡᠷᠬᠢᠯᠡᠵᠦ᠂ ᠪᠡᠶ᠎ᠡ ᠴᠢᠭᠢᠷᠠᠭᠵᠢᠭᠤᠯᠬᠤ ᠵᠠᠮ ᠢ | 150 ᠢᠵᠢ ᠰᠢᠨ᠎ᠡ ᠪᠠᠷ ᠨᠡᠮᠡᠭᠳᠡᠭᠦᠯᠵᠦ᠂ 10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ ᠪᠠ ᠨᠡᠶᠢᠭᠡᠮ | ᠲᠣᠭᠤᠷᠢᠭ ᠤᠨ ᠵᠢᠯᠣᠭᠤᠳᠬᠤ ᠦᠷᠳᠡᠭᠡ ᠶᠢ 30 ᠪᠠᠶᠢᠭᠤᠯᠵᠤ᠂ ᠤᠯᠠᠨ ᠲᠦᠮᠡᠨᠴᠢ ᠴᠢᠨᠠᠷᠲᠠᠶ ᠰᠣᠶᠣᠯ ᠪᠡᠶ᠎ᠡ | ᠲᠠᠮᠢᠷ ᠤᠨ ᠬᠥᠳᠡᠯᠭᠡᠭᠡᠨ ᠤ ᠬᠠᠯᠠᠮᠰᠢᠯ ᠢ ᠦᠷᠭᠦᠯᠵᠢᠯᠡᠨ ᠳᠡᠭᠡᠭᠰᠢᠯᠡᠭᠦᠯᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠢᠮᠠᠭᠲᠠ ᠠᠵᠤ | ᠠᠬᠤᠢ ᠨᠡᠶᠢᠭᠡᠮ ᠤᠨ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠡᠯ᠎ᠡ ᠵᠦᠢᠯ ᠤᠨ ᠠᠵᠢᠯ ᠴᠥᠮ ᠰᠢᠨ᠎ᠡ ᠠᠮᠵᠢᠯᠲᠠ ᠣᠯᠵᠠᠢ᠃ | ᠨᠢᠭᠡ ᠵᠢᠯ ᠤᠨ ᠲᠤᠷᠰᠢ᠂ ᠪᠢᠳᠡ ᠰᠤᠷᠲᠠᠯ ᠢᠶᠠᠨ ᠰᠢᠨᠲᠠᠷᠠᠰᠢ ᠥᠬᠡᠶ ᠳᠠᠪᠲᠠᠨ ᠪᠣᠯᠪᠠᠰᠤᠷᠠᠭᠤᠯᠵᠤ᠂ ᠲᠣᠰ | ᠪᠡᠶ᠎ᠡ ᠶᠢᠨ ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠪᠠ | ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠦᠵᠡᠯ ᠰᠠᠨᠠᠭ᠎ᠠ ᠶᠢ | ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ | ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠰᠢᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ | ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠢᠮᠠᠭᠲᠠ ᠲᠤᠭᠤᠰᠢᠯᠠᠭᠤᠯᠵᠤ | ᠂ ᠦᠨᠳᠦᠰᠦᠨ ᠱᠠᠲᠤᠨ ᠤ 982 ᠠᠰᠠᠭᠤᠳᠠᠯ ᠢ ᠤᠨᠢᠨ ᠳᠡᠭᠡᠷ᠎ᠡ ᠨᠢ ᠪᠠᠶᠢᠴᠠᠭᠠᠨ ᠳᠡᠯᠭᠡᠵᠦ᠂ 820 ᠵᠤᠷᠪᠤᠰ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ 761 ᠠᠰᠠᠭᠤᠳᠠᠯ ᠢ ᠰᠢᠢᠳᠪᠦᠷᠢᠯᠡᠵᠦ᠂ ᠤᠯᠠᠨ | ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠪᠠᠴᠢᠮᠳᠠᠬᠤ ᠬᠦᠴᠢᠷᠳᠡᠬᠦ ᠵᠤᠪᠠᠭ᠋ᠤ ᠬᠦᠰᠡᠬᠦ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠬᠦᠰᠡᠯᠡᠩ ᠢᠲᠡᠭᠡᠯ ᠪᠢᠰᠢᠷᠡᠯ | ᠨᠡᠩ ᠪᠠᠲᠤᠵᠢᠵᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠨᠡᠩ ᠴᠢᠩᠭᠠᠷᠠᠵᠤ᠂ ᠬᠥᠭᠵᠢᠯᠲᠡ ᠶᠢᠨ ᠰᠡᠳᠬᠢᠴᠡ ᠨᠡᠩ | ᠲᠣᠳᠣᠷᠬᠠᠢ᠂ ᠠᠵᠢᠯ ᠬᠢᠬᠦ ᠬᠥᠳᠡᠯᠭᠡᠬᠦ ᠬᠦᠴᠦᠨ ᠨᠡᠩ ᠡᠷᠴᠢᠮᠲᠡᠢ ᠪᠣᠯᠵᠠᠢ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶ ᠲᠦᠯᠬᠢᠨ ᠠᠬᠢᠭᠤᠯᠪᠠ᠃ ︽ᠨᠠᠢᠮᠠᠳᠤᠭᠠᠷ ᠲᠠᠪᠤᠨ ᠵᠢᠯ︾ | ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠲᠠᠰᠤᠷᠠᠯᠳᠠ ᠦᠭᠡᠢ | ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 321 ᠬᠤᠪᠢ ᠰᠠᠨᠠᠭᠤᠯᠭ᠎ᠠ᠂ ᠰᠠᠨᠠᠯ | ᠵᠥᠪᠯᠡᠯᠭᠡ ᠶᠢ ᠴᠢᠨᠠᠷ ᠰᠠᠶᠢᠲᠠᠶ ᠰᠢᠢᠳᠪᠦᠷᠢᠯᠡᠪᠡ᠃ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ | ᠢᠯᠡᠳᠲᠡ ᠦᠷ᠎ᠡ ᠪᠦᠲᠦᠮᠵᠢ ᠣᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ | ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠦᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ 2.5 ᠲᠦᠮᠡᠨ ᠵᠤᠷᠪᠤᠰ ᠬᠢᠵᠦ᠂ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠨᠤᠷᠮ᠎ᠠ᠂ | ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠤᠷᠮ᠎ᠠ ᠶᠢ 100% | ᠳᠤ ᠬᠦᠷᠭᠡᠪᠡ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠦᠬᠦ ᠲᠠᠯ᠎ᠠ ᠪᠠᠷ ᠴᠢᠩᠭᠠᠳᠬᠠᠪᠠ᠃ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ | ᠬᠢᠵᠠᠭᠠᠷᠯᠠᠪᠠ᠃ ᠬᠢᠨᠠᠨ ᠪᠤᠳᠤᠵᠤ ᠬᠢᠨᠠᠯᠲᠠ ᠲᠠᠯᠪᠢᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠲᠤᠰᠬᠠᠶ | ᠵᠦᠢᠯ ᠤᠨ ᠬᠢᠨᠠᠨ ᠪᠤᠳᠤᠯᠲᠠ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢᠨ 22 ᠲᠥᠷᠥᠯ | ᠵᠦᠢᠯ ᠢ ᠪᠡᠶᠡᠯᠡᠭᠦᠯᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ | ᠢᠯᠠᠩᠭᠤᠶ᠎ᠠ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ | ᠴᠡᠭᠴᠡᠯᠡᠨ ᠵᠠᠰᠠᠵᠤ᠂ ︽ᠬᠡᠪᠲᠡᠭᠡ ᠺᠠᠳ᠋ᠷ︾ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠂ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠶᠢ ᠢᠳᠡᠪᠬᠢᠲᠡᠶ ᠲᠦᠯᠬᠢᠨ | ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠶᠢ ᠤᠯᠠᠮ ᠨᠢᠭᠡ ᠠᠯᠬᠤᠮ | ᠪᠠᠬᠢᠵᠢᠭᠦᠯᠪᠡ᠃ | ᠲᠥᠯᠥᠭᠡᠯᠡᠭᠴᠢᠳ ᠡ︕ ᠬᠦᠴᠦ ᠪᠠᠨ ᠬᠤᠷᠠᠮᠳᠤᠭᠤᠯᠤᠨ ᠬᠢᠪᠡᠯ ᠬᠠᠨᠳᠤᠭᠰᠠᠨ ᠵᠦᠭ ᠲᠤ ᠢᠯᠠᠭᠳᠠᠰᠢ | ᠦᠭᠡᠢ ᠪᠣᠯᠤᠮᠤᠢ︔ ᠤᠯᠠᠨ ᠤ ᠤᠶᠤᠨ ᠤᠬᠠᠭᠠᠨ ᠤ ᠦᠢᠯᠡ ᠠᠵᠢᠯᠯᠠᠭ᠎ᠠ ᠳᠤ ᠪᠦᠲᠦᠬᠦ ᠦᠭᠡᠢ ᠶᠠᠪᠤᠳᠠᠯ ᠭᠡᠵᠦ | ᠦᠭᠡᠢ ᠶᠤᠮ᠃ ᠥᠩᠭᠡᠷᠡᠭᠰᠡᠨ ᠨᠢᠭᠡ ᠵᠢᠯ ᠳᠤ᠂ ᠪᠢᠳᠡ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ | ᠲᠥᠪᠯᠡᠷᠡᠭᠦᠯᠵᠦ᠂ ᠳᠠᠪᠠᠭ᠎ᠠ ᠶᠢ ᠳᠠᠪᠠᠭ᠋ᠤ ᠳᠤᠮᠳᠠ ᠰᠢᠪᠲᠤᠯᠤᠯᠲᠠ ᠪᠠ ᠰᠢᠨ᠎ᠡ ᠶᠢ ᠡᠭᠦᠳᠬᠦ ᠪᠠᠷ ᠴᠢᠷᠮᠠᠶᠢᠵᠤ᠂ | ᠥᠷᠢᠰᠥᠯᠳᠦᠭᠡᠨ ᠢ ᠠᠷᠭᠠᠴᠠᠭᠠᠬᠤ ᠳᠤᠮᠳᠠ ᠬᠠᠷᠢᠭᠤᠴᠠᠯᠭ᠎ᠠ ᠪᠠ ᠡᠭᠦᠷᠭᠡᠯᠡᠯ ᠢᠶᠠᠨ ᠢᠯᠡᠷᠡᠭᠦᠯᠵᠦ᠂ ᠬᠢᠯᠪᠡᠷ ᠪᠤᠰᠤ ᠪᠠᠷ | ᠠᠮᠵᠢᠯᠲᠠ ᠪᠦᠲᠦᠮᠵᠢ ᠶᠢ ᠣᠯᠵᠠᠢ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ | ᠦᠷ᠎ᠡ ᠳ᠋ᠦᠩ ᠪᠣᠯᠤᠨ᠎ᠠ᠂ ᠡᠷᠬᠡᠪᠰᠢ ᠭᠤᠣᠯᠯᠠᠭᠴᠢ ᠶᠢ ᠭᠤᠶᠢᠪᠢᠰᠢ ᠦᠭᠡᠢ ᠬᠦᠷᠢᠶᠡᠯᠡᠵᠦ᠂ ᠭᠤᠣᠯᠯᠠᠭᠴᠢ ᠶᠢ | ᠬᠠᠮᠠᠭᠠᠯᠠᠵᠤ᠂ ᠭᠤᠣᠯᠯᠠᠭᠴᠢ ᠳᠤ ᠦᠨᠡᠨᠴᠢ ᠰᠢᠳᠤᠷᠭᠤ ᠪᠠᠶᠢᠬᠤ ᠬᠡᠷᠡᠭᠲᠡᠢ︔ ᠡᠨᠡ ᠪᠣᠯ ᠬᠤᠳᠠ ᠶᠢᠨ ᠨᠠᠮ ᠤᠨ | ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭᠲᠠᠢ ᠪᠠᠷ | ᠬᠢᠵᠦ ᠵᠣᠷᠢᠭᠲᠠᠢ ᠪᠠᠷ ᠲᠤᠷᠰᠢᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠬᠡᠷᠡᠭᠲᠡᠢ︔ ᠡᠨᠡ ᠪᠣᠯ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ | ᠲᠠᠯᠪᠢᠯᠲᠠ ᠶᠢᠨ ᠬᠠᠪᠰᠤᠷᠤᠯᠭ᠎ᠠ ᠪᠠ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠶ ᠳᠡᠮᠵᠢᠯᠭᠡ ᠶᠢᠨ ᠦᠷ᠎ᠡ ᠳ᠋ᠦᠩ | ᠮᠥᠨ᠂ ᠡᠷᠬᠡᠪᠰᠢ ᠬᠠᠤᠯᠢ ᠶᠣᠰᠣᠭᠠᠷ ᠲᠥᠷᠥ ᠪᠠᠷᠢᠬᠤ ᠶᠢ ᠪᠠᠷᠢᠮᠲᠠᠯᠠᠵᠤ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠤᠨ᠂ ᠪᠦᠯᠬᠦᠮᠳᠡᠨ ᠲᠡᠮᠡᠴᠡᠬᠦ ᠬᠡᠷᠡᠭᠲᠡᠶ︔ ᠡᠨᠡ ᠪᠣᠯ ᠪᠦᠬᠦ ᠰᠢᠶᠠᠨ ᠤ ᠠᠷᠠᠳ ᠲᠦᠮᠡᠨ ᠤ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠴᠥᠬᠦᠷᠡᠰᠢ ᠦᠭᠡᠢ ᠴᠢᠷᠮᠠᠶᠢᠭᠰᠠᠨ ᠤ ᠦᠷ᠎ᠡ ᠳ᠋ᠦᠩ ᠮᠥᠨ᠂ ᠡᠷᠬᠡᠪᠰᠢ ᠬᠤᠪᠢ | ᠲᠠᠬᠢᠨ ᠨᠠᠨᠳᠢᠩᠨᠠᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠢᠶᠠᠨ ᠨᠢᠭᠡᠳᠬᠡᠵᠦ᠂ ᠡᠷᠡᠮᠡᠬᠡᠶᠢᠯᠡᠨ | ᠤᠷᠤᠭᠰᠢᠯᠠᠬᠤ ᠬᠡᠷᠡᠭᠲᠡᠢ᠃ ᠠᠳᠡ᠂ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠡᠯ᠎ᠡ | ᠠᠵᠢᠯ ᠲᠦᠷᠦᠯ᠂ ᠡᠯ᠎ᠡ ᠹᠷᠣᠨᠲ ᠲᠤ ᠰᠢᠷᠭᠠᠭᠤ ᠬᠠᠲᠠᠭᠤᠵᠢᠯᠲᠠᠢ ᠲᠡᠮᠡᠴᠡᠵᠦ ᠪᠠᠶᠢᠭ᠎ᠠ ᠪᠦᠳᠦᠭᠡᠨ ᠪᠠᠶᠢᠭᠤᠯᠤᠭᠴᠢᠳ᠂ | ᠬᠤᠪᠢ ᠨᠡᠮᠡᠷᠢ ᠦᠵᠡᠭᠦᠯᠦᠭᠰᠡᠳ ᠲᠤ᠂ ᠲᠤᠭᠳᠠᠬᠤ ᠰᠢᠶᠠᠨ ᠤ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ᠂ | ᠲᠡᠭᠦᠨ ᠳᠤ ᠣᠷᠣᠯᠴᠠᠭᠰᠠᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠪᠠᠰᠠ ᠴᠥᠭᠡᠨ ᠪᠤᠰᠤ | ᠬᠦᠴᠢᠷᠳᠡᠯ ᠪᠠ ᠥᠷᠢᠰᠥᠯᠳᠦᠭᠡᠨ ᠣᠷᠣᠰᠢᠵᠤ ᠪᠠᠶᠢᠬᠤ ᠶᠢ ᠪᠢᠳᠡ ᠡᠷᠬᠡᠪᠰᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠶ | ᠄ ᠨᠢᠭᠡ ᠳᠤ ᠠᠵᠤ ᠦᠢᠯᠡᠰ ᠤᠨ ᠰᠠᠭᠤᠷᠢ ᠨᠢᠮᠭᠡᠨ᠂ ᠲᠠᠷᠢᠶᠠᠯᠠᠩ ᠤᠨ ᠣᠳᠣᠬᠢᠴᠢᠯᠠᠯᠲᠠ ᠶᠢᠨ ᠬᠢᠷᠢ ᠲᠦᠪᠰᠢᠨ | ᠥᠨᠳᠥᠷ ᠪᠢᠰᠢ᠂ ᠠᠵᠤ ᠦᠢᠯᠡᠳᠪᠦᠷᠢ ᠪᠠᠷ ᠲᠤᠭᠤᠷᠢᠭ ᠪᠠᠶᠢᠭᠤᠯᠬᠤ ᠲᠥᠷᠥᠯ ᠵᠦᠢᠯ ᠣᠯᠠᠨ ᠪᠢᠰᠢ᠂ ᠠᠵᠤ | ᠦᠢᠯᠡᠰ ᠤᠨ ᠪᠦᠲᠦᠴᠡ ᠶᠢ ᠳᠣᠭᠢᠷᠠᠭᠤᠯᠬᠤ᠂ ᠬᠡᠯᠪᠡᠷᠢ ᠶᠢ ᠬᠤᠪᠢᠷᠠᠭᠤᠯᠤᠨ ᠵᠡᠷᠭᠡ ᠲᠠᠰ ᠳᠡᠪᠰᠢᠭᠦᠯᠬᠦ ᠡᠭᠦᠷᠭᠡ ᠮᠥᠨ | ᠬᠦ ᠬᠠᠲᠠᠭᠤ ᠪᠡᠷᠬᠡ ᠪᠠᠶᠢᠭᠰᠠᠭᠠᠷ︔ ᠬᠤᠶᠠᠷ ᠲᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠦᠷ᠎ᠡ | ᠪᠦᠲᠦᠮᠵᠢ ᠪᠠᠰᠠ ᠢᠯᠡᠷᠬᠡᠢ ᠪᠢᠰᠢ᠂ ᠬᠤᠳᠠ ᠬᠥᠳᠡᠭᠡ ᠶᠢᠨ ᠳᠦᠷᠰᠦ ᠪᠠᠶᠢᠳᠠᠯ᠂ ᠵᠠᠮ ᠬᠠᠷᠢᠯᠴᠠᠭ᠎ᠠ᠂ | ᠨᠣᠭᠤᠭᠠᠷᠠᠭᠤᠯᠤᠯᠲᠠ ᠭᠤᠶᠤᠵᠢᠭᠤᠯᠤᠯᠳᠠ ᠵᠡᠷᠭᠡ ᠲᠠᠯ᠎ᠠ ᠪᠠᠷ ᠪᠠᠰᠠ ᠮᠠᠰᠢ ᠤᠯᠠᠨ ᠳᠤᠲᠠᠭᠤᠳᠠᠯ ᠪᠠᠭᠤᠷᠠᠢ ᠵᠦᠢᠯ | ᠣᠷᠣᠰᠢᠵᠤ᠂ ᠪᠠᠰᠠ ᠨᠠᠷᠢᠯᠢᠭ ᠰᠡᠶᠢᠯᠵᠦ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ | ᠭᠤᠷᠪᠠ ᠳᠤ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠨᠡᠶᠢᠭᠡᠮ ᠤᠨ ᠪᠠᠲᠤᠯᠠᠭ᠎ᠠ ᠳᠤ ᠮᠥᠨ ᠬᠦ ᠪᠠᠭᠤᠷᠠᠶ | ᠭᠤᠭᠴᠤᠭ᠎ᠠ ᠣᠷᠣᠰᠢᠵᠤ᠂ ᠴᠢᠨᠠᠷ ᠰᠠᠶᠢᠲᠠᠶ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠤᠨ ᠡᠬᠢ ᠪᠠᠶᠠᠯᠢᠭ ᠤᠨ | ᠬᠠᠩᠭᠠᠯᠭ᠎ᠠ ᠪᠠᠰᠠ ᠬᠦᠷᠦᠯᠴᠡᠬᠦ ᠦᠭᠡᠢ ᠪᠠᠶᠢᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ | ᠪᠠᠶᠢᠨ᠎ᠠ︔ ᠲᠦᠷᠪᠡ ᠳᠤ ᠺᠠᠳ᠋ᠷ ᠤᠨ ᠡᠩᠨᠡᠭᠡᠨ ᠤ ᠴᠢᠳᠠᠪᠤᠷᠢ ᠶᠢᠨ ᠭᠡᠯᠮᠡᠭᠳᠡᠯ᠂ ᠣᠪᠣᠷ ᠰᠤᠷᠲᠠᠯ ᠦᠨᠡᠨ ᠪᠣᠳᠠᠲᠠᠶ | ᠪᠢᠰᠢ ᠪᠠᠶᠢᠬᠤ ᠵᠡᠷᠭᠡ ᠦᠵᠡᠭᠳᠡᠯ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠵᠠᠰᠠᠭ ᠤᠨ ᠣᠷᠳᠣᠨ ᠤ ᠲᠤᠰ | ᠪᠡᠶ᠎ᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠮᠥᠨ ᠯᠡ ᠤᠯᠠᠮ ᠨᠢᠭᠡ ᠠᠯᠬᠤᠮ | ᠴᠢᠩᠭᠠᠳᠬᠠᠬᠤ ᠴᠢᠬᠤᠯᠠᠲᠠᠶ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠴᠢᠩᠭᠠᠳᠬᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ ᠰᠢᠢᠳᠪᠦᠷᠢᠯᠡᠨ᠎ᠡ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | 2024 ᠣᠨ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠵᠢᠴᠢ | ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠱᠤᠭᠤᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ | ᠶᠡᠭᠡ ᠶᠠᠪᠤᠳᠠᠯ ᠢ ᠰᠠᠶᠢᠲᠤᠷ ᠬᠢᠵᠦ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ | ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠭᠡᠬᠦ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠵᠠ | ᠲᠣᠬᠢᠶᠠᠯ᠂ ᠲᠡᠦᠬᠡ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ︽ᠣᠷᠣᠨ ᠤ ᠲᠥᠪ ᠬᠤᠲᠠ ᠶᠢ | ᠬᠦᠴᠦᠷᠬᠡᠭᠵᠢᠭᠦᠯᠬᠦ︾ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠭᠡᠵᠦ᠂ ︽ | ᠰᠣᠶᠣᠯ ᠢ ᠳᠡᠭᠡᠳᠦᠯᠡᠬᠦ᠂ ᠰᠤᠷᠭᠠᠨ ᠬᠥᠮᠦᠵᠢᠯ ᠢ ᠴᠢᠬᠤᠯᠠᠴᠢᠯᠠᠬᠤ᠂ ᠬᠤᠳᠠᠯᠳᠤᠭ᠎ᠠ ᠡᠵᠡᠩᠨᠡᠬᠦ᠂ ᠪᠠᠶᠢᠭᠠᠯᠢ ᠶᠢ | ᠡᠷᠬᠢᠮᠯᠡᠬᠦ︾ ᠳᠥᠷᠪᠡᠨ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠢᠲᠡᠭᠡᠯ ᠵᠣᠷᠢᠭ ᠢᠶᠠᠨ ᠪᠠᠲᠤᠳᠬᠠᠨ᠂ | ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠴᠢᠩᠭ᠎ᠠ ᠠᠳᠬᠤᠨ | ᠲᠦᠷᠭᠡᠨ ᠰᠢᠢᠳᠪᠦᠷᠢᠯᠡᠵᠦ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠨᠡᠭᠡᠭᠡᠨ ᠡᠭᠦᠳᠴᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠯᠠᠯ ᠢ ᠲᠣᠮᠣ ᠠᠯᠬᠤᠮ ᠢᠶᠠᠷ ᠶᠠᠪᠤᠭᠳᠠᠭᠤᠯᠤᠨ᠎ᠠ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 7.9 | % ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠢ 9.8 % ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ | 19% ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ | ᠲᠤᠭ᠎ᠠ ᠶᠢ 15.6 % ᠠᠴᠠ ᠳᠡᠭᠡᠭᠰᠢ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 6.3 % ᠠᠴᠠ ᠳᠡᠭᠡᠭᠰᠢ ᠨᠡᠮᠡᠭᠳᠡᠭᠦᠯᠦᠨ᠎ᠡ︔ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ 6.4 % ᠠᠴᠠ ᠳᠡᠭᠡᠭᠰᠢ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠬᠡᠳᠦᠨ ᠲᠠᠯ᠎ᠠ ᠶᠢᠨ | ᠠᠵᠢᠯ ᠢ ᠬᠦᠴᠦᠯᠡᠨ ᠰᠠᠶᠢᠲᠤᠷ ᠠᠳᠬᠤᠨ᠎ᠠ᠄ | ︵ᠨᠢᠭᠡ︶ ᠠᠵᠤ ᠦᠢᠯᠡᠰ ᠤᠨ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠪᠠᠲᠤᠳᠬᠠᠭᠰᠠᠨ ᠰᠠᠭᠤᠷᠢᠨ ᠳᠡᠭᠡᠷ᠎ᠡ ᠨᠡᠩ ᠶᠡᠭᠡ ᠰᠢᠪᠲᠤᠯᠤᠯᠲᠠ ᠲᠠᠢ ᠪᠣᠯᠭᠠᠨ᠎ᠠ | ᠤᠳᠤ ᠦᠶ᠎ᠡ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ︽ᠮᠢᠩᠭᠠᠨ ᠲᠦᠮᠡᠨ ᠢᠨᠵᠧᠨᠧᠷᠢᠩ︾ ᠤᠨ | ᠲᠤᠷᠰᠢᠯᠭ᠎ᠠ ᠶᠢ ᠰᠠᠶᠢᠲᠤᠷ ᠰᠤᠷᠴᠤ ᠠᠮᠢᠳᠤᠯᠢᠭ ᠬᠡᠷᠡᠭᠯᠡᠨ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ | ᠪᠠᠶᠠᠵᠢᠬᠤ ᠶᠢ ᠲᠠᠶᠢᠴᠢᠯᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠪᠠ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠨ᠎ᠠ᠃ 8.9 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ | ᠵᠠᠮ ᠢ ᠰᠢᠨ᠎ᠡ ᠪᠠᠷ ᠪᠠᠶᠢᠭᠤᠯᠬᠤ ᠪᠠ ᠠᠷᠠᠴᠢᠯᠠᠨ ᠬᠠᠮᠠᠭᠠᠯᠠᠵᠤ᠂ 35 ᠲᠣᠰᠬᠤᠨ ᠤ ᠤᠰᠤᠨ ᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ 4.4 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠦᠲᠦᠭᠡᠨ ᠪᠠᠶᠢᠭᠤᠯᠵᠤ᠂ ᠡᠭᠦᠯᠳᠡᠷ ᠰᠠᠶᠢᠲᠠᠶ᠂ ᠲᠠᠷᠢᠮᠠᠯ ᠥᠨᠳᠥᠷ ᠪᠦᠲᠦᠮᠵᠢᠲᠡᠶ᠂ ᠬᠠᠮᠢᠶᠠᠷᠤᠯᠲᠠ ᠨᠢ ᠤᠶᠤᠯᠢᠭ | ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ 8500 ᠲᠦᠮᠡᠨ | ᠲᠥᠭᠦᠷᠢᠭ ᠤᠨ ᠪᠡᠯᠡ ᠣᠷᠣᠭᠤᠯᠤᠭᠰᠠᠨ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠲᠠᠷᠢᠮᠠᠯ ᠲᠡᠭᠦᠵᠦ ᠪᠣᠷᠣᠯᠠᠭᠤᠯᠬᠤ᠂ ᠵᠤᠭᠠᠴᠠᠨ ᠬᠤᠳᠠᠯᠳᠤᠨ ᠠᠪᠬᠤ᠂ ᠠᠵᠤ ᠠᠬᠤᠶᠢᠯᠠᠯ | ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠨᠢᠭᠡ ᠴᠤᠭᠴᠠᠵᠢᠭᠤᠯᠤᠭᠰᠠᠨ | ᠬᠤᠳᠠ ᠶᠢᠨ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠵᠦ᠂ ᠲᠠᠷᠢᠶᠠᠯᠠᠩ ᠤᠨ ᠬᠡᠪᠴᠢᠶᠡᠵᠢᠯᠲᠡ᠂ ᠠᠵᠤ | ᠦᠢᠯᠡᠰᠵᠢᠯᠲᠡ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠠᠳᠤᠨ ᠭᠤᠤᠯ ᠤᠨ ᠨᠤᠭᠤ ᠭᠠᠵᠠᠷ ᠤᠨ | ᠴᠡᠴᠡᠷᠯᠢᠭ ᠤᠨ ᠰᠣᠶᠣᠯ ᠵᠤᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠱᠸᠡᠨ ᠴᠢᠦᠸᠠᠨ | ᠰᠣᠶᠣᠯ ᠵᠤᠭᠠᠴᠠᠯ᠂ ᠮᠠᠢ ᠶᠧ ᠭᠦ᠋ ᠬᠥᠳᠡᠭᠡ ᠰᠣᠶᠣᠯ ᠵᠤᠭᠠᠴᠠᠯ ᠤᠨ ᠠᠭᠤᠰᠤᠯᠴᠠᠭᠰᠠᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠲᠣᠰᠬᠤᠨ᠂ ᠬᠠᠳᠤᠨ ᠭᠤᠣᠯ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠢᠨ᠎ᠡ ᠶᠢ ᠡᠭᠦᠳᠬᠦ ᠦᠵᠡᠮᠵᠢ ᠶᠢᠨ ᠪᠦᠰᠡ ᠵᠡᠷᠭᠡ ᠰᠣᠳᠣᠨ ᠲᠦᠷᠦᠯ ᠵᠦᠢᠯ ᠢ | ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠬᠠᠳᠤᠨ ᠭᠤᠣᠯ ᠳᠠᠭᠠᠤ ᠶᠢᠨ ᠲᠣᠰᠬᠤᠨ ᠤ ᠰᠢᠨ᠎ᠡ ᠴᠠᠭ ᠦᠶ᠎ᠡ ᠶᠢᠨ ︽ | ᠮᠢᠩᠭᠠᠨ ᠲᠦᠮᠡᠨ ᠢᠨᠵᠧᠨᠧᠷᠢᠩ︾ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠥᠳᠡᠭᠡ ᠰᠣᠶᠣᠯ ᠵᠤᠭᠠᠴᠠᠯ | ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ | ᠤᠳᠤ ᠦᠶ᠎ᠡ ᠶᠢᠨ ᠠᠵᠤ ᠦᠢᠯᠡᠳᠪᠦᠷᠢ ᠶᠢ ᠬᠦᠴᠦᠯᠡᠨ ᠬᠥᠭᠵᠢᠭᠦᠯᠦᠨ᠎ᠡ᠃ ᠥᠪᠥᠷ ᠮᠣᠩᠭᠤᠯ ᠤᠨ 100 | ᠲᠡᠭᠰᠢ ᠳᠥᠷᠪᠡᠯᠵᠢᠨ ᠺᠢᠯᠣᠮᠧᠲᠷ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ | ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠲᠤᠭᠳᠠᠬᠤ ᠠᠵᠤ | ᠦᠢᠯᠡᠳᠪᠦᠷᠢ ᠶᠢᠨ ᠨᠡᠭᠡᠭᠡᠯᠲᠡ ᠶᠢᠨ ᠲᠣᠭᠤᠷᠢᠭ ᠪᠠᠶᠢᠭᠤᠯᠬᠤ ᠪᠠᠷ ᠴᠢᠷᠮᠠᠶᠢᠵᠤ᠂ ᠦᠷ᠎ᠡ ᠠᠰᠢᠭ ᠢᠶᠠᠷ ᠳᠣᠤᠷ᠎ᠠ ᠠᠵᠤ | ᠠᠬᠤᠶᠢᠯᠠᠯ ᠢ ᠠᠮᠢᠯᠠᠭᠤᠯᠤᠨ ᠰᠤᠯᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠂ | ᠡᠬᠢ ᠪᠠᠶᠠᠯᠢᠭ ᠤᠨ ᠬᠦᠴᠦᠨ ᠵᠦᠢᠯ ᠢ ᠬᠥᠲᠥᠯᠦᠨ ᠵᠢᠯᠣᠭᠤᠳᠴᠤ ᠪᠠᠶᠢᠭᠠᠳ ᠴᠢᠨᠠᠷ ᠰᠠᠶᠢᠲᠠᠶ ᠠᠵᠤ ᠦᠢᠯᠡᠰ | ᠲᠠᠶᠢᠰᠢ ᠲᠦᠪᠯᠡᠷᠡᠭᠦᠯᠦᠨ᠎ᠡ᠃ ᠦᠢᠯᠡᠳᠬᠦ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ ᠪᠠᠶᠢᠭᠤᠯᠵᠤ᠂ | ᠴᠠᠭᠠᠨ ᠭᠤᠶᠣᠣ ᠠᠵᠤ ᠦᠢᠯᠡᠰ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ | ᠳᠡᠭᠡᠳᠦ ᠲᠠᠰ ᠤᠨ ᠣᠶᠤᠨᠴᠢ ᠦᠢᠯᠡᠳᠬᠦ ᠠᠵᠤ ᠦᠢᠯᠡᠰ ᠤᠨ ᠪᠦᠯᠦᠭᠯᠡᠯ ᠢ ᠪᠤᠶᠢᠵᠢᠭᠤᠯᠤᠨ᠎ᠠ᠃ ᠬᠥᠲᠥᠴᠢ ᠠᠵᠤ | ᠠᠬᠤᠶᠢᠯᠠᠯ ᠤᠨ ᠵᠢᠱᠢᠶ᠎ᠡ ᠦᠵᠡᠭᠦᠯᠬᠦ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ 6 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠤᠭᠰᠠᠨ ᠲᠠᠯ᠎ᠠ ᠨᠤᠲᠤᠭ ᠤᠨ ᠤᠯᠠᠭᠠᠨ ᠨᠡᠷᠡᠨ ᠠᠵᠤ ᠦᠢᠯᠡᠰ ᠤᠨ ᠬᠦᠷᠢᠶᠡᠯᠡᠩ᠂ ᠪᠥᠬᠦ ᠠᠵᠤ | ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠣᠬᠢᠷᠲᠤᠯ ᠥᠬᠡᠶ | ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ 4 ᠠᠵᠤ ᠠᠬᠤᠶᠢᠯᠠᠯ ᠤᠨ ᠠᠰᠢᠭᠯᠠᠯᠲᠠ ᠳᠤ ᠣᠷᠣᠬᠤ ᠶᠢ | ᠠᠬᠢᠭᠤᠯᠵᠤ᠂ ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ | ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠨᠢᠭᠡ ᠪᠦᠯᠦᠭ ᠤᠯᠤᠰ ᠤᠨ ᠳᠣᠲᠣᠭᠠᠳᠤ ᠶᠢᠨ | ᠨᠠᠷᠠᠲᠤ ᠲᠥᠷᠥᠯ ᠲᠡᠮᠳᠡᠭᠲᠦ ᠶᠢ ᠦᠷᠭᠦᠯᠵᠢᠯᠡᠨ ᠲᠡᠳᠡᠨ ᠣᠷᠣᠭᠤᠯᠵᠤ᠂ ᠵᠠᠭᠤᠨ ᠳ᠋ᠦᠩᠰᠢᠭᠤᠷ ᠲᠠᠰ ᠤᠨ ᠪᠣᠬᠢᠷᠲᠤᠯ | ᠥᠬᠡᠶ ᠢᠳᠡᠭᠡᠨ ᠤ ᠠᠵᠤ ᠦᠢᠯᠡᠰ ᠤᠨ ᠪᠦᠯᠦᠭᠯᠡᠯ ᠢ ᠪᠣᠶ ᠪᠣᠯᠭᠠᠨ᠎ᠠ᠃ 2.8 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠭᠰᠠᠨ ᠴᠠᠩ ᠱᠧᠩ ᠡᠮ ᠦᠢᠯᠡᠳᠬᠦ ᠦᠢᠯᠡᠳᠪᠦᠷᠢᠯᠡᠯ ᠤᠨ ᠱᠤᠭᠤᠮ ᠢ ᠥᠷᠭᠡᠳᠬᠡᠨ ᠪᠠᠶᠢᠭᠤᠯᠬᠤ᠂ | ᠪᠣᠬᠢᠷᠲᠤᠯ ᠥᠬᠡᠶ ᠢᠰᠬᠡᠯᠲᠡ ᠶᠢᠨ ᠢᠨᠵᠧᠨᠧᠷᠢᠩ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠶᠢ | ᠳᠡᠮᠵᠢᠨ᠎ᠡ᠃ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ | ᠂ ᠬᠤᠶᠠᠷ ᠵᠠᠭᠤᠨ ᠳ᠋ᠦᠩᠰᠢᠭᠤᠷ ᠲᠠᠰ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠯᠡᠯ ᠢ | ᠪᠣᠶ ᠪᠣᠯᠭᠠᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠴᠦᠨ ᠢᠶᠠᠨ ᠲᠥᠪᠯᠡᠷᠡᠭᠦᠯᠦᠨ ᠬᠦᠭᠵᠢᠭᠦᠯᠦᠨ᠎ᠡ᠃ | ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠵᠡᠷᠭᠡ ᠲᠡᠰ ᠳᠡᠪᠰᠢᠭᠦᠯᠬᠦ ᠶᠢ ᠠᠬᠢᠭᠤᠯᠤᠨ᠎ᠠ᠃ ᠣᠷᠣᠨ ᠤ ᠲᠥᠪ | ᠬᠤᠲᠠ ᠶᠢᠨ ᠳᠡᠭᠡᠳᠦ ᠲᠠᠰ ᠤᠨ ᠬᠡᠷᠡᠭᠯᠡᠭᠡᠨ ᠤ ᠰᠢᠨ᠎ᠡ ᠬᠤᠳᠠᠯᠳᠤᠭᠠᠨ ᠤ ᠲᠣᠭᠤᠷᠢᠭ ᠢ ᠪᠠᠶᠢᠭᠤᠯᠤᠨ᠎ᠠ᠃ | ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠵᠦᠩ | ᠵᠦᠩ ᠤᠳᠤ ᠦᠶ᠎ᠡ ᠶᠢᠨ ᠮᠡᠳᠡᠭᠡ ᠵᠠᠩᠭᠢ ᠶᠢᠨ ᠬᠡᠷᠡᠭᠯᠡᠭᠡ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ | ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠭᠤᠣᠯ ᠴᠣᠭᠴᠠ ᠶᠢ ᠬᠥᠮᠦᠵᠢᠭᠦᠯᠵᠦ᠂ ᠲᠣᠭᠠᠴᠢᠯᠠᠭᠰᠠᠨ | ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠵᠦ᠂ | ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠪᠦᠰᠡ ᠶᠢ ᠪᠠᠶᠢᠷᠢᠯᠠᠭᠤᠯᠤᠨ᠎ᠠ᠃ ᠰᠢᠭᠤᠳ ᠡᠵᠡᠩᠨᠡᠵᠦ | ᠳᠣᠭᠢᠷᠠᠭᠤᠯᠤᠨ ᠬᠦᠷᠭᠡᠬᠦ᠂ ᠰᠢᠭᠤᠳ ᠨᠡᠪᠲᠡᠷᠡᠭᠦᠯᠵᠦ ᠪᠠᠷᠠᠭ᠎ᠠ ᠠᠪᠴᠤ ᠶᠠᠪᠤᠬᠤ ᠶᠢ ᠬᠥᠭᠵᠢᠭᠦᠯᠬᠦ ᠶᠢ ᠳᠡᠮᠵᠢᠵᠦ᠂ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠥᠬᠦ ᠠᠷᠭ᠎ᠠ ᠵᠠᠮ ᠢᠶᠠᠷ ᠪᠣᠷᠣᠯᠠᠭᠤᠯᠬᠤ ᠰᠢᠰᠲ᠋ᠧᠮᠵᠢ ᠶᠢ | ᠪᠠᠶᠢᠭᠤᠯᠤᠨ᠎ᠠ᠃ ᠬᠡᠪᠴᠢᠶ᠎ᠡ ᠪᠠᠷ ᠶᠡᠭᠡ᠂ ᠰᠠᠴᠤᠷᠠᠭ ᠢᠶᠠᠷ ᠥᠷᠭᠡᠨ᠂ ᠦᠢᠯᠡᠴᠢᠯᠡᠭᠡ ᠪᠠᠷ ᠰᠢᠯᠢᠳᠡᠭ ᠪᠠᠷᠠᠭᠠᠨ ᠤ | ᠭᠦᠢᠯᠭᠡᠭᠡᠨ ᠤ ᠵᠠᠩᠭᠢᠯᠠᠭ᠎ᠠ ᠶᠢ ᠪᠣᠶ ᠪᠣᠯᠭᠠᠵᠤ᠂ ᠣᠲᠣ ᠦᠶ᠎ᠡ ᠶᠢᠨ ᠶᠡᠷᠦᠩᠬᠡᠶᠢᠯᠡᠭᠰᠡᠨ ᠴᠢᠨᠠᠷᠲᠠᠶ ᠣᠷᠣᠨ ᠪᠦᠰᠡ ᠶᠢᠨ | ᠪᠠᠷᠠᠭᠠᠨ ᠤ ᠭᠦᠢᠯᠭᠡᠭᠡᠨ ᠤ ᠲᠥᠪ ᠢ ᠪᠥᠲᠥᠭᠡᠨ ᠪᠠᠶᠢᠭᠤᠯᠤᠨ᠎ᠠ᠃ | ᠰᠣᠶᠣᠯ ᠵᠤᠭᠠᠴᠠᠯ ᠤᠨ ᠦᠢᠯᠡᠰ ᠢ ᠪᠥᠬᠦ ᠬᠦᠴᠦᠨ ᠢᠶᠠᠷ ᠢᠶᠠᠨ ᠬᠦᠭᠵᠢᠭᠦᠯᠦᠨ᠎ᠡ᠃ ᠭᠦᠨ ᠵᠤᠵᠠᠭᠠᠨ ᠲᠡᠤᠬᠡ | ᠰᠣᠶᠣᠯ ᠤᠨ ᠠᠭᠤᠯᠬᠤᠨ ᠪᠠ ᠡᠯᠪᠡᠭ ᠪᠠᠶᠠᠯᠢᠭ ᠵᠤᠭᠠᠴᠠᠯ ᠤᠨ ᠡᠬᠢ ᠪᠠᠶᠠᠯᠢᠭ ᠲᠤ ᠲᠦᠰᠢᠭᠯᠡᠨ᠂ ︽ᠤᠮᠠᠷᠠᠲᠤ | ᠬᠢᠯᠢ ᠶᠢᠨ ᠰᠤᠶᠤᠯ ᠢ ᠳᠡᠭᠡᠳᠦᠯᠡᠬᠦ ᠲᠤᠭᠳᠠᠬᠤ︾ ᠨᠠᠷᠠᠲᠤ ᠲᠦᠷᠦᠯ ᠲᠡᠮᠳᠡᠭᠲᠦ ᠶᠢ ᠪᠣᠶ ᠪᠣᠯᠭᠠᠵᠤ᠂ ᠰᠣᠶᠣᠯ | ᠵᠤᠭᠠᠴᠠᠯ ᠤᠨ ᠠᠭᠤᠰᠤᠯᠳᠤᠨ ᠴᠢᠨᠠᠷ ᠰᠠᠶᠢᠲᠠᠶ ᠬᠥᠭᠵᠢᠬᠦ ᠶᠢ ᠠᠬᠢᠭᠤᠯᠤᠨ᠎ᠠ᠃ ᠲᠡᠤᠬᠡ ᠶᠢᠨ ᠳᠤᠷᠠᠰᠬᠠᠯᠲᠤ | ᠵᠦᠢᠯᠡᠰ ᠢ ᠠᠮᠢᠳᠤᠯᠢᠭ ᠠᠰᠢᠭᠯᠠᠬᠤ ᠶᠢ ᠠᠬᠢᠭᠤᠯᠵᠤ᠂ ᠢᠳᠡᠭᠡᠨ ᠤᠮᠳᠠᠭᠠᠨ ᠤ ᠰᠣᠶᠣᠯ ᠤᠨ ᠮᠦᠽᠧᠶ ᠶᠢᠨ ᠲᠠᠩᠰᠠ | ᠡᠪᠬᠡᠮᠡᠯ ᠢ ᠳᠡᠭᠡᠭᠰᠢᠯᠡᠭᠦᠯᠦᠨ ᠵᠡᠷᠭᠡ ᠲᠠᠰ ᠳᠡᠪᠰᠢᠭᠦᠯᠬᠦ ᠶᠢ ᠠᠬᠢᠭᠤᠯᠵᠤ᠂ ᠬᠤᠲᠠ ᠶᠢᠨ ᠦᠵᠡᠭᠦᠯᠦᠯᠭᠡ ᠶᠢᠨ ᠣᠷᠳᠣᠨ | ᠂ ᠰᠦᠢᠶᠤᠸᠠᠨ ᠮᠣᠩᠭᠤᠯ ᠤᠨ ᠶᠠᠫᠣᠨ ᠢ ᠡᠰᠡᠷᠭᠦᠴᠡᠨ ᠤᠯᠤᠰ ᠢᠶᠠᠨ ᠠᠪᠤᠷᠠᠬᠤ ᠬᠤᠷᠠᠯ ᠤᠨ ᠬᠠᠭᠤᠴᠢᠨ ᠪᠠᠭᠤᠷᠢ᠂ | ᠲᠤᠭᠳᠠᠬᠤ ᠮᠦᠽᠧᠶ ᠵᠡᠷᠭᠡ ᠮᠦᠽᠧᠶ ᠶᠢᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠵᠦ᠂ | ᠨᠠᠷᠠᠲᠤ ᠬᠠᠳᠠᠭᠠᠯᠠᠮᠵᠢ ᠶᠢᠨ ᠣᠷᠳᠣᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠣᠷᠣᠨ ᠤ ᠲᠥᠪ | ᠬᠤᠲᠠ ᠶᠢᠨ ᠮᠦᠽᠧᠶ ᠶᠢᠨ ᠬᠤᠲᠠ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ᠤᠬᠢᠶᠠᠯᠭ᠎ᠠ ᠶᠢᠨ ᠡᠳ᠋ ᠤᠨ | ᠦᠢᠯᠡᠳᠪᠦᠷᠢ ᠶᠢᠨ ᠬᠤᠳᠠ ᠶᠢ ᠰᠢᠨᠡᠳᠬᠡᠨ ᠥᠭᠡᠷᠡᠴᠢᠯᠡᠬᠦ ᠠᠵᠢᠯ ᠢ ᠡᠬᠢᠯᠡᠭᠦᠯᠵᠦ᠂ ᠣᠨᠢᠰᠤ ᠦᠢᠯᠡᠳᠬᠦ | ᠦᠢᠯᠡᠳᠪᠦᠷᠢ ᠶᠢᠨ ᠪᠡᠶ᠎ᠡ ᠶᠢᠨ ᠲᠠᠮᠢᠷ ᠤᠨ ᠠᠯᠳᠠᠷᠰᠢᠯ ᠢ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠪᠠᠭᠤᠷᠢ ᠶᠢᠨ | ᠰᠣᠶᠣᠯ ᠳᠤ ᠲᠦᠰᠢᠭᠯᠡᠨ᠂ ᠰᠣᠶᠣᠯ ᠤᠨ ᠪᠦᠲᠦᠭᠡᠯᠴᠢ ᠰᠡᠳᠬᠢᠮᠵᠢ᠂ ᠴᠠᠭ ᠤᠨ ᠥᠩᠭᠡᠲᠦ ᠤᠷᠠᠯᠢᠭ᠂ ᠰᠡᠯᠡᠭᠦᠴᠡᠯ | ᠵᠤᠭ᠎ᠠ ᠴᠡᠩᠭᠡᠯ ᠢ ᠨᠢᠭᠡ ᠴᠤᠭᠴᠠᠵᠢᠭᠤᠯᠤᠭᠰᠠᠨ ︽ᠰᠣᠶᠣᠯ ᠪᠡᠶ᠎ᠡ ᠶᠢᠨ ᠲᠠᠮᠢᠷ ᠵᠤᠭᠠᠴᠠᠯ ᠬᠤᠳᠠᠯᠳᠤᠭᠠᠴᠢᠨ︾ ᠤ | ᠵᠡᠭᠡᠯᠢ ᠲᠣᠭᠤᠷᠢᠭ ᠢ ᠪᠠᠶᠢᠭᠤᠯᠤᠨ᠎ᠠ᠃ ᠨᠤᠭᠤ ᠭᠠᠵᠠᠷ᠂ ᠭᠤᠤᠯ ᠮᠥᠷᠡᠨ᠂ ᠲᠠᠯ᠎ᠠ ᠨᠤᠲᠤᠭ ᠵᠡᠷᠭᠡ ᠠᠮᠢ ᠠᠬᠤᠶ ᠶᠢᠨ | ᠡᠬᠢ ᠪᠠᠶᠠᠯᠢᠭ ᠲᠤ ᠲᠦᠰᠢᠭᠯᠡᠨ᠂ ᠲᠤᠭᠤᠷ ᠤᠨ ᠴᠡᠴᠡᠭ ᠤᠨ ᠣᠶ᠂ ᠨᠠᠨ ᠬᠤ᠋ ᠨᠠᠭᠤᠷ᠂ ᠲᠡᠭᠦᠬᠦ ᠬᠦᠷᠢᠶᠡᠯᠡᠩ᠂ | ᠠᠮᠲᠠᠲᠤ ᠢᠳᠡᠭᠡᠨ ᠤ ᠦᠢᠯᠡᠳᠭᠡᠯ ᠵᠡᠷᠭᠡ ᠪᠠᠷ ᠭᠤᠤᠯᠳᠠᠯᠭ᠎ᠠ ᠪᠣᠯᠭᠠᠭᠰᠠᠨ ᠤᠰᠤᠨ ᠤᠷᠤᠨ ᠤ ᠠᠮᠠᠷᠠᠯᠲᠠ ᠶᠢᠨ | ᠣᠷᠣᠨ ᠢ ᠪᠠᠶᠢᠭᠤᠯᠵᠤ᠂ ᠰᠡᠯᠡᠭᠦᠴᠡᠨ ᠠᠮᠠᠷᠠᠬᠤ᠂ ᠡᠴᠢᠬᠡ ᠡᠬᠡ ᠦᠷ᠎ᠡ ᠬᠡᠤᠬᠡᠳ ᠢᠶᠠᠷ ᠢᠶᠠᠨ ᠴᠡᠩᠭᠡᠯᠳᠦᠨ ᠨᠠᠭᠠᠳᠬᠤ | ᠂ ᠲᠠᠷᠢᠶᠠᠯᠠᠭ᠎ᠠ ᠶᠢᠨ ᠥᠩᠭᠡᠷᠡᠭᠡᠯᠲᠡ ᠶᠢ ᠨᠢᠭᠡ ᠴᠤᠭᠴᠠᠵᠢᠭᠤᠯᠤᠭᠰᠠᠨ ᠵᠤᠭᠠᠴᠠᠯ ᠤᠨ ᠰᠢᠨ᠎ᠡ ᠭᠠᠵᠠᠷ ᠤᠨ ᠲᠡᠮᠳᠡᠭ ᠢ | ᠪᠣᠶ ᠪᠣᠯᠭᠠᠨ᠎ᠠ᠃ ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠪᠠᠶᠠᠷ ᠤᠨ ᠰᠣᠶᠣᠯ ᠤᠨ ᠰᠦᠮ᠎ᠡ ᠶᠢᠨ ᠴᠤᠭᠯᠠᠭᠠᠨ᠂ | ᠳᠠᠭᠤᠤ ᠬᠥᠭᠵᠢᠮ ᠤᠨ ᠠᠮᠲᠠᠲᠤ ᠢᠳᠡᠭᠡᠨ ᠤ ᠤᠯᠠᠷᠢᠯ᠂ ︽ᠡᠭᠦᠷᠢᠳᠡ ᠶᠢᠨ ᠶᠦᠨ ᠵᠦᠩ︾ ᠭᠡᠬᠦ ᠭᠤᠣᠯ | ᠰᠡᠳᠦᠪᠲᠦ ᠵᠦᠴᠦᠭᠡ ᠵᠡᠷᠭᠡ ᠤᠨᠴᠠᠯᠢᠬᠳᠤ ᠰᠣᠶᠣᠯ ᠤᠨ ᠨᠡᠷᠡᠲᠦ ᠲᠦᠷᠦᠯ ᠲᠡᠮᠲᠡᠭᠲᠦ ᠤᠨ ᠠᠯᠳᠠᠷᠰᠢᠯ ᠪᠠ ᠲᠠᠲᠠᠬᠤ | ᠬᠦᠴᠦᠨ ᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠡᠪᠦᠯ ᠤᠨ ᠤᠯᠠᠷᠢᠯ ᠤᠨ ᠮᠥᠰᠥ ᠴᠠᠰᠤᠨ ᠤ ᠵᠤᠭᠠᠴᠠᠯ᠂ ᠪᠠᠶᠠᠷ | ᠳᠤᠷᠠᠰᠬᠠᠯ ᠤᠨ ᠬᠤᠸᠠᠷ ᠫᠤᠤᠵᠢᠩ ᠤᠨ ᠦᠵᠡᠭᠦᠯᠦᠯᠭᠡ᠂ ᠭᠤᠣᠯ ᠰᠡᠳᠦᠪᠲᠦ ᠴᠡᠴᠡᠭᠲᠦ ᠳ᠋ᠧᠩ ᠤᠨ ᠦᠵᠡᠭᠦᠯᠦᠯᠭᠡ | ᠵᠡᠷᠭᠡ ᠰᠢᠷᠢᠰ ᠠᠵᠢᠯᠯᠠᠭ᠎ᠠ ᠶᠢ ᠡᠷᠬᠢᠯᠡᠵᠦ᠂ ︽ᠲᠦᠷᠪᠡᠨ ᠤᠯᠠᠷᠢᠯ᠂ ᠲᠦᠷᠪᠡᠨ ᠭᠠᠵᠠᠷ︾ ᠤᠨ ᠵᠤᠭᠠᠴᠠᠯ ᠤᠨ ᠰᠢᠨ᠎ᠡ | ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠤᠯᠤᠰ ᠤᠨ ᠲᠡᠰ ᠤᠨ ᠰᠣᠶᠣᠯ ᠵᠤᠭᠠᠴᠠᠯ ᠤᠨ ᠠᠵᠤ ᠦᠢᠯᠡᠰ ᠤᠨ | ᠠᠭᠤᠰᠤᠯᠳᠤᠨ ᠬᠥᠭᠵᠢᠬᠦ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ | ︵ᠬᠤᠶᠠᠷ︶ ᠬᠥᠭᠵᠢᠯᠲᠡ ᠶᠢᠨ ᠣᠷᠴᠢᠨ ᠲᠣᠭᠤᠷᠢᠨ ᠢ ᠭᠤᠶᠢᠪᠢᠰᠢ ᠦᠭᠡᠢ ᠰᠢᠯᠢᠳᠡᠭᠵᠢᠭᠦᠯᠵᠦ᠂ ᠴᠢᠨᠠᠷ | ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ ᠨᠡᠩ ᠶᠡᠭᠡ ᠰᠢᠪᠲᠤᠯᠤᠯᠲᠠ ᠲᠠᠢ | ᠪᠣᠯᠭᠠᠨ᠎ᠠ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠩ ᠣᠯᠠᠨ | ᠤᠴᠢᠷ ᠶᠠᠪᠤᠳᠠᠯ ᠢ ︽ᠶᠡᠷᠦᠩᠬᠡᠶᠢᠯᠡᠭᠰᠡᠨ ᠴᠤᠩᠬᠤᠪᠴᠢ ᠪᠠᠷ ᠨᠡᠶᠢᠳᠡᠮ ᠰᠢᠢᠳᠪᠦᠷᠢᠯᠡᠬᠦ︾ ︽ᠨᠢᠭᠡ ᠶᠠᠪᠤᠳᠠᠯ ᠢ ᠨᠢᠭᠡ | ᠯᠡ ᠤᠳᠠᠭ᠎ᠠ ᠳᠤ ᠭᠦᠢᠴᠡᠳᠭᠡᠬᠦ︾ ᠶᠢ ᠪᠡᠶᠡᠯᠡᠭᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠢ ᠥᠷᠨᠢᠭᠦᠯᠵᠦ᠂ ᠪᠦᠲᠦᠴᠡ ᠶᠢᠨ ᠴᠢᠨᠠᠷᠲᠠᠶ ᠪᠠᠷ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠢᠲᠡᠭᠡᠮᠵᠢ ᠶᠢᠨ ᠠᠮᠠᠯᠠᠯᠲᠠ ᠪᠠ ᠪᠠᠭᠲᠠᠭᠠᠮᠵᠢᠲᠠᠶ | ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠵᠦ᠂ ᠠᠵᠤ ᠠᠬᠤᠶᠢᠯᠠᠯ ᠪᠠ ᠠᠵᠤ | ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠳᠣᠲᠣᠭᠠᠳᠤ ᠶᠢᠨ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠦᠲᠦᠮᠵᠢᠲᠡᠶ | ᠬᠥᠭᠵᠢᠭᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 6.2 ᠲᠦᠮᠡᠨ ᠡᠷᠦᠬᠡ ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ᠃ ᠬᠤᠳᠠᠯᠳᠤᠭᠠᠴᠢᠨ ᠤᠷᠢᠬᠤ ᠬᠢᠷᠢ ᠴᠢᠳᠠᠮᠵᠢ ᠪᠠ ᠦᠷ᠎ᠡ ᠠᠰᠢᠭ ᠢ ᠨᠡᠮᠡᠭᠳᠡᠭᠦᠯᠦᠨ᠂ | ᠰᠣᠶᠣᠯ ᠵᠤᠭᠠᠴᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ᠂ ᠪᠣᠬᠢᠷᠲᠤᠯ ᠥᠬᠡᠶ ᠢᠳᠡᠭᠡᠨ᠂ ᠠᠮᠢᠳᠤ | ᠪᠣᠳᠠᠰ ᠤᠨ ᠡᠮ ᠡᠮᠨᠡᠯᠭᠡ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠬᠤᠳᠠᠯᠳᠤᠭᠠᠴᠢᠨ ᠤᠷᠢᠬᠤ ᠶᠢ | ᠬᠡᠷᠡᠭᠵᠢᠭᠦᠯᠵᠦ᠂ ᠲᠠᠲᠠᠬᠤ ᠬᠡᠪᠴᠢᠶ᠎ᠡ ᠪᠠᠷ ᠶᠡᠭᠡ᠂ ᠦᠷ᠎ᠡ ᠠᠰᠢᠭ ᠢᠶᠠᠷ ᠥᠨᠳᠥᠷ᠂ ᠳᠠᠶᠢᠴᠢᠯᠠᠬᠤ ᠬᠦᠴᠦᠨ ᠢᠶᠠᠷ | ᠴᠢᠩᠭ᠎ᠠ ᠲᠤᠯᠭᠠᠭᠤᠷᠢᠯᠠᠬᠤ ᠴᠢᠨᠠᠷᠲᠠᠶ ᠲᠥᠷᠥᠯ ᠵᠦᠢᠯ ᠤᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃ | ᠨᠢᠭᠡᠨᠲᠡ ᠦᠨᠳᠦᠰᠦ ᠬᠠᠳᠬᠤᠭᠰᠠᠨ ᠠᠵᠤ ᠠᠬᠤᠶᠢᠯᠠᠯ ᠢ ᠰᠠᠶᠢᠲᠤᠷ ᠬᠠᠯᠠᠮᠵᠢᠯᠠᠵᠤ᠂ ᠰᠠᠶᠢᠲᠤᠷ ᠪᠤᠶᠢᠵᠢᠭᠤᠯᠵᠤ᠂ | ᠰᠠᠶᠢᠲᠤᠷ ᠲᠡᠳᠬᠦᠵᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠢ ᠲᠠᠲᠠᠬᠤ ︽ᠰᠣᠷᠢᠨᠵᠢᠨ ᠰᠣᠷᠣᠭᠤᠯ ᠤᠨ | ᠦᠢᠯᠡᠴᠢᠯᠡᠭᠡ︾ ᠶᠢ ᠴᠢᠩᠭᠠᠳᠬᠠᠨ᠎ᠠ᠃ ᠪᠥᠬᠦ ᠵᠢᠯ ᠳᠤ ᠳ᠋ᠦᠩᠰᠢᠭᠤᠷ ᠲᠥᠭᠦᠷᠢᠭ ᠢ ᠳᠠᠪᠠᠭᠰᠠᠨ ᠲᠥᠷᠥᠯ ᠵᠦᠢᠯ ᠢ | 16 ᠠᠴᠠ ᠳᠡᠭᠡᠭᠰᠢ ᠣᠷᠣᠭᠤᠯᠤᠨ ᠠᠪᠴᠢᠷᠠᠵᠤ᠂ 30 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ | ᠣᠷᠣᠭᠤᠯᠤᠯᠲᠠ ᠶᠢ ᠪᠡᠶᠡᠯᠡᠭᠦᠯᠦᠨ᠎ᠡ᠃ | ︵ᠭᠤᠷᠪᠠ︶ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠡᠷᠡᠰ ᠭᠤᠶᠢᠪᠢᠰᠢ ᠦᠭᠡᠢ ᠴᠢᠩᠭᠠᠳᠬᠠᠵᠤ᠂ | ᠴᠢᠨᠠᠷ ᠰᠠᠶᠢᠲᠠᠢ ᠬᠥᠭᠵᠢᠯᠲᠡ ᠶᠢᠨ ᠶᠠᠰᠤ ᠴᠢᠨᠠᠷ ᠢ ᠥᠷᠭᠡᠳᠬᠡᠬᠦ ᠲᠠᠯ᠎ᠠ ᠪᠠᠷ ᠨᠡᠩ ᠶᠡᠭᠡ ᠰᠢᠪᠲᠤᠯᠤᠯᠲᠠ ᠲᠠᠢ | ᠪᠣᠯᠭᠠᠨ᠎ᠠ | ᠬᠤᠳᠠ ᠶᠢᠨ ᠴᠢᠨᠠᠷ ᠰᠠᠶᠢᠲᠠᠶ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ᠂ ᠨᠡᠭᠡᠭᠡᠨ ᠬᠥᠭᠵᠢᠭᠦᠯᠬᠦ | ᠡᠷᠴᠢᠮ ᠢ ᠬᠢᠵᠠᠭᠠᠷᠯᠠᠬᠤ ᠶᠢ ᠪᠠᠷᠢᠮᠲᠠᠯᠠᠵᠤ᠂ ᠬᠤᠳᠠ ᠶᠢᠨ ᠰᠢᠨᠡᠴᠢᠯᠡᠯᠲᠡ ᠶᠢ ᠢᠳᠡᠪᠬᠢᠲᠡᠶ ᠲᠦᠯᠬᠢᠨ ᠠᠬᠢᠭᠤᠯᠤᠨ᠎ᠠ᠃ | ᠰᠢᠶᠠᠨ ᠤ ᠡᠮᠨᠡᠯᠭᠡ ᠶᠢᠨ ᠬᠤᠷᠢᠶ᠎ᠠ ᠶᠢᠨ ᠡᠮᠦᠨ᠎ᠡ ᠲᠠᠯ᠎ᠠ ᠵᠡᠷᠭᠡ 7 ᠬᠡᠰᠡᠭ ᠭᠠᠵᠠᠷ ᠰᠢᠷᠣᠶ ᠶᠢ ᠡᠮᠬᠢᠯᠡᠨ ᠭᠠᠷᠭᠠᠵᠤ | ᠥᠭᠬᠦ ᠶᠢ ᠲᠦᠷᠭᠡᠳᠬᠡᠨ ᠠᠬᠢᠭᠤᠯᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠥᠷᠥᠯ ᠵᠦᠢᠯ ᠢ | ᠰᠢᠨ᠎ᠡ ᠪᠠᠷ ᠦᠷᠭᠦᠯᠵᠢᠯᠡᠨ ᠪᠠᠶᠢᠭᠤᠯᠤᠨ᠎ᠠ᠃ ᠡᠭᠡᠭᠦᠯᠦᠨ ᠨᠡᠭᠦᠯᠭᠡᠬᠦ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ | ᠡᠬᠢᠯᠡᠭᠦᠯᠵᠦ᠂ ᠡᠭᠡᠭᠦᠯᠦᠨ ᠨᠡᠭᠦᠯᠭᠡᠵᠦ ᠲᠥᠪᠬᠢᠨᠡᠭᠦᠯᠬᠦ ᠠᠰᠠᠭᠤᠳᠠᠯ ᠢ ᠪᠦᠬᠦᠨ ᠢ ᠰᠢᠢᠳᠪᠦᠷᠢᠯᠡᠬᠦ ᠪᠠᠷ ᠴᠢᠷᠮᠠᠶᠢᠨ᠎ᠠ᠃ | 25 ᠬᠠᠭᠤᠴᠢᠨ ᠬᠤᠷᠢᠶᠠᠯᠠᠯ ᠢ ᠥᠭᠡᠷᠡᠴᠢᠯᠡᠵᠦ᠂ 28 ᠬᠤᠷᠢᠶᠠᠯᠠᠯ ᠤᠨ ᠤᠰᠤ ᠢᠳᠡᠬᠦ ᠳᠤ ᠬᠦᠴᠢᠷᠲᠡᠶ ᠪᠠᠶᠢᠬᠤ | ᠠᠰᠠᠭᠤᠳᠠᠯ ᠢ ᠰᠢᠢᠳᠪᠦᠷᠢᠯᠡᠵᠦ᠂ ᠬᠤᠳᠠ ᠶᠢᠨ ᠲᠣᠭᠤᠷᠢᠭ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠬᠤ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠮ ᠤᠨ ᠵᠡᠭᠡᠯᠢ ᠶᠢᠨ ᠦᠵᠡᠮᠵᠢ ᠶᠢ ᠴᠡᠭᠴᠡᠯᠡᠨ ᠵᠠᠰᠠᠬᠤ ᠶᠢ ᠪᠡᠶᠡᠯᠡᠭᠦᠯᠵᠦ᠂ | ᠰᠢᠶᠠᠨ ᠤ ᠡᠮᠨᠡᠯᠭᠡ ᠶᠢᠨ ᠬᠤᠷᠢᠶ᠎ᠠ ᠶᠢᠨ ᠡᠮᠦᠨ᠎ᠡ ᠵᠠᠮ ᠵᠡᠷᠭᠡ 5 ᠵᠤᠷᠪᠤᠰ ᠲᠠᠰᠤᠷᠬᠠᠶ ᠵᠠᠮ ᠢ ᠨᠡᠪᠲᠡᠷᠡᠭᠦᠯᠵᠦ᠂ 20 | ᠵᠤᠷᠪᠤᠰ ᠵᠢᠵᠢᠭ ᠵᠡᠭᠡᠯᠢ ᠭᠤᠳᠤᠮᠵᠢ ᠶᠢ ᠰᠡᠯᠪᠢᠨ ᠵᠠᠰᠠᠵᠤ ᠥᠭᠡᠷᠡᠴᠢᠯᠡᠨ ᠵᠠᠰᠠᠵᠤ᠂ ᠵᠠᠮ ᠤᠨ ᠰᠠᠭᠠᠳ ᠥᠬᠡᠶ | ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠵᠠᠷ ᠳᠣᠣᠷᠠᠬᠢ ᠬᠤᠭᠤᠯᠠᠶ ᠲᠣᠣᠷ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ ᠬᠠᠭᠤᠴᠢᠨ ᠪᠠᠶᠢᠭᠠᠯᠢ ᠶᠢᠨ ᠰᠢᠲᠠᠮᠠᠬᠠᠶ ᠬᠡᠢ ᠶᠢᠨ | ᠬᠤᠭᠤᠯᠠᠶ ᠲᠣᠣᠷ ᠢ 17.3 ᠺᠢᠯᠣᠮᠧᠲᠷ᠂ ᠤᠰᠤ ᠬᠠᠩᠭᠠᠬᠤ ᠤᠰᠤ ᠵᠠᠯᠠᠬᠤ ᠬᠤᠭᠤᠯᠠᠶ ᠲᠣᠣᠷ ᠢ 20 ᠺᠢᠯᠣᠮᠧᠲᠷ | ᠰᠢᠨᠡᠳᠬᠡᠵᠦ᠂ ᠬᠦᠴᠦᠳᠡᠯ ᠥᠭᠡᠷᠡᠴᠢᠯᠡᠬᠦ ᠦᠷᠳᠡᠭᠡ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | 1000 ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ᠂ 22 ᠲᠦᠮᠡᠨ | ᠲᠡᠭᠰᠢ ᠳᠥᠷᠪᠡᠯᠵᠢᠨ ᠮᠧᠲᠷ ᠤᠨ ᠬᠥᠳᠡᠭᠡ ᠲᠣᠰᠬᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ | ᠪᠡᠶᠡᠯᠡᠭᠦᠯᠵᠦ᠂ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠣᠭᠲᠠᠴᠠ ᠶᠢ | ᠪᠦᠷᠢᠨᠰᠢᠬᠦᠯᠦᠨ ᠲᠡᠭᠦᠯᠳᠡᠷᠵᠢᠭᠦᠯᠵᠦ᠂ ︽ᠠᠷᠠᠳ ᠢ ᠰᠤᠷᠪᠤᠯᠵᠢᠯᠠᠵᠤ ᠳᠤᠯᠠᠭᠠᠯᠠᠭ᠎ᠠ ᠬᠦᠷᠭᠡᠬᠦ︾ ᠠᠵᠢᠯᠯᠠᠭ᠎ᠠ ᠶᠢ | ᠥᠷᠨᠢᠭᠦᠯᠵᠦ᠂ ᠢᠯᠴᠢ ᠬᠠᠩᠭᠠᠬᠤ ᠬᠤᠭᠤᠯᠠᠶ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠮᠬᠢ | ᠵᠢᠷᠤᠮ ᠲᠠᠢ ᠪᠠᠷ ᠰᠢᠨᠡᠳᠬᠡᠵᠦ᠂ ᠢᠯᠴᠢ ᠬᠠᠩᠭᠠᠬᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ | ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠪᠠᠲᠤᠯᠠᠨ᠎ᠠ᠃ | ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠤᠯᠤᠰ ᠤᠨ ᠪᠣᠯᠪᠠᠰᠤᠨ | ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ︽ᠬᠤᠸᠠᠷ ᠬᠠᠳᠬᠤᠬᠤ︾ ᠬᠦᠴᠦ | ᠣᠷᠣᠭᠤᠯᠵᠤ ᠪᠠᠶᠢᠭᠠᠳ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠭᠠᠵᠠᠷ ᠤᠨ ︽ | ᠵᠢᠷᠭᠤᠭᠠᠨ ᠵᠠᠭᠤᠨ ᠤ ᠵᠠᠭᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠷ ᠤᠨ ᠭᠠᠳᠠᠨᠠᠬᠢ ᠵᠠᠷ ᠮᠡᠳᠡᠭᠡ᠂ ᠬᠠᠮᠲᠤ ᠪᠠᠷ | ᠡᠳ᠋ᠯᠡᠬᠦ ᠳᠤᠭᠤᠶ ᠲᠡᠷᠭᠡ᠂ ᠬᠤᠶᠠᠷ ᠠᠴᠠ ᠵᠥᠷᠢᠴᠡᠭᠰᠡᠨ ᠪᠠᠷᠢᠯᠭ᠎ᠠ ᠵᠡᠷᠭᠡ ᠶᠢ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠪᠠ | ᠥᠷᠯᠥᠭᠡ ᠶᠢᠨ ᠪᠠ ᠰᠥᠨᠢ ᠶᠢᠨ ᠵᠠᠬ᠎ᠠ ᠳᠡᠯᠭᠡᠭᠦᠷ ᠤᠨ ᠪᠠᠶᠢᠷᠢᠯᠠᠭᠤᠯᠤᠯᠲᠠ ᠶᠢ ᠵᠢᠷᠤᠮᠵᠢᠭᠤᠯᠵᠤ᠂ ᠬᠤᠲᠠ ᠶᠢᠨ ︽ | ᠠᠮᠢᠳᠤᠷᠠᠯ ᠤᠨ ᠠᠭᠤᠷ ᠠᠮᠢᠰᠬᠤᠯ︾ ᠢ ᠳᠡᠭᠡᠭᠰᠢᠯᠡᠭᠦᠯᠦᠨ᠎ᠡ᠃ ᠴᠠᠬᠢᠯᠭᠠᠨ ᠴᠡᠨᠡᠭᠯᠡᠬᠦ ᠪᠠᠭᠠᠨ᠎ᠠ ᠶᠢ 200 ᠰᠢᠨ᠎ᠡ ᠪᠠᠷ | ᠪᠠᠶᠢᠭᠤᠯᠵᠤ᠂ ᠲᠡᠷᠭᠡ ᠵᠣᠭᠰᠣᠭᠠᠬᠤ ᠪᠠᠶᠢᠷᠢ ᠶᠢ 3000 ᠰᠢᠨ᠎ᠡ ᠪᠠᠷ ᠨᠡᠮᠡᠭᠳᠡᠭᠦᠯᠵᠦ᠂ ᠬᠤᠲᠠ ᠶᠢᠨ ᠣᠷᠴᠢᠨ | ᠲᠣᠭᠤᠷᠢᠨ ᠤ ᠴᠢᠨᠠᠷ ᠴᠢᠨᠰᠠᠭ᠎ᠠ ᠶᠢᠨ ᠵᠡᠷᠭᠡ ᠲᠠᠰ ᠳᠡᠪᠰᠢᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠨ ᠠᠵᠢᠯᠯᠠᠬᠤ | ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠨᠢᠭᠡ ᠴᠣᠠᠠᠴᠠᠵᠢᠭᠤᠯᠬᠤ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ 6 ᠨᠡᠶᠢᠭᠡᠮ ᠲᠣᠭᠤᠷᠢᠭ᠂ ᠵᠢᠱᠢᠶ᠎ᠡ ᠦᠵᠡᠭᠦᠯᠬᠦ 50 | ᠬᠤᠷᠢᠶᠠᠯᠠᠯ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠨ ᠵᠢᠱᠢᠶ᠎ᠡ ᠦᠵᠡᠭᠦᠯᠬᠦ ᠲᠣᠭᠤᠷᠢᠭ ᠪᠠᠶᠢᠭᠤᠯᠬᠤ ᠪᠠᠷ ᠴᠢᠷᠮᠠᠶᠢᠨ᠎ᠠ᠃ | ︵ᠲᠦᠷᠪᠡ︶ ᠠᠮᠢ ᠠᠬᠤᠢ ᠶᠢᠨ ᠣᠷᠴᠢᠨ ᠲᠣᠭᠤᠷᠢᠨ ᠢ ᠡᠷᠡᠰ ᠭᠤᠶᠢᠪᠢᠰᠢ ᠦᠭᠡᠢ ᠰᠠᠶᠢᠵᠢᠷᠠᠭᠤᠯᠵᠤ᠂ | ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠦᠩᠭᠡ ᠶᠢ ᠭᠡᠷᠡᠯᠳᠦᠬᠦᠯᠬᠦ ᠲᠠᠯ᠎ᠠ ᠪᠠᠷ ᠨᠡᠩ ᠶᠡᠭᠡ ᠰᠢᠪᠲᠤᠯᠤᠯᠲᠠ ᠲᠠᠢ | ᠪᠣᠯᠭᠠᠨ᠎ᠠ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠪᠣᠬᠢᠷᠲᠤᠯ ᠥᠬᠡᠶ ᠪᠠᠭ᠎ᠠ ᠨᠡᠭᠦᠷᠡᠰᠦᠳᠦᠷᠦᠭᠴᠢᠲᠦ | ᠬᠥᠭᠵᠢᠯᠲᠡ ᠶᠢᠨ ᠰᠢᠨ᠎ᠡ ᠵᠠᠮ ᠢ ᠭᠦᠨᠵᠡᠭᠡᠶ ᠦᠢᠯᠡᠳᠦᠯᠭᠡᠵᠢᠭᠦᠯᠵᠦ᠂ ᠬᠥᠬᠡ ᠣᠭᠲᠠᠷᠭᠤᠶ᠂ ᠴᠡᠩᠭᠡᠭ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠲᠡᠶᠢᠨ ᠢ ᠦᠷᠭᠦᠯᠵᠢᠯᠡᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ ᠬᠦᠬᠡ | ᠣᠭᠲᠠᠷᠭᠤᠢ ᠶᠢ ᠪᠠᠶᠢᠩᠭᠤ ᠪᠠᠶᠢᠯᠭᠠᠵᠤ᠂ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠠᠯᠬᠤᠮ | ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠳᠤ ᠰᠢᠯᠵᠢᠭᠦᠯᠬᠦ ᠶᠢ | ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠲᠠᠷᠬᠠᠮᠠᠯ ᠬᠡᠯᠪᠡᠷᠢ ᠶᠢᠨ ᠬᠡᠷᠡᠯ ᠴᠡᠨᠡᠭ | ᠪᠠᠶᠢᠭᠤᠯᠬᠤ ᠶᠢ ᠵᠣᠷᠢᠭᠵᠢᠭᠤᠯᠵᠤ᠂ ᠣᠶᠢᠷ᠎ᠠ ᠬᠠᠪᠢ ᠶᠢᠨ ᠲᠤᠬᠠᠶ ᠶᠢᠨ ᠭᠠᠵᠠᠷ ᠲᠤᠨᠢ ᠨᠣᠭᠤᠭᠠᠨ ᠴᠠᠬᠢᠯᠭᠠᠨ ᠢ | ᠰᠢᠩᠭᠡᠭᠡᠨ ᠠᠪᠴᠤ᠂ ᠡᠨᠧᠷᠭᠢ ᠬᠡᠷᠡᠭᠯᠡᠬᠦ ᠶᠢ ᠪᠣᠬᠢᠷᠲᠤᠯ ᠥᠬᠡᠶ ᠪᠣᠯᠭᠠᠬᠤ᠂ ᠨᠡᠭᠦᠷᠡᠰᠦᠲᠥ᠋ᠷᠥᠭᠴᠢ ᠪᠠᠭ᠎ᠠ | ᠪᠣᠯᠭᠠᠬᠤ ᠶᠢ ᠠᠬᠢᠭᠤᠯᠤᠨ᠎ᠠ᠃ ᠠᠷᠢᠭᠤᠨ ᠴᠡᠪᠡᠷ ᠡᠨᠧᠷᠭᠢ ᠶᠢ ᠰᠣᠯᠢᠬᠤ ᠪᠠ ᠡᠰᠢ ᠰᠦᠷᠡᠯ ᠢ ᠰᠢᠲᠠᠭᠠᠬᠤ ᠶᠢ | ᠴᠠᠭᠠᠵᠠᠯᠠᠬᠤ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠴᠡᠩᠭᠡᠭ ᠤᠰᠤ ᠶᠢ ᠤᠷᠳᠤ ᠬᠤᠭᠤᠴᠠᠭ᠎ᠠ ᠪᠠᠷ ᠤᠷᠤᠰᠬᠠᠵᠤ᠂ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ | ᠶᠡᠬᠡᠪᠡᠷ ᠠᠬᠢᠭᠤᠯᠵᠤ᠂ ᠭᠤᠣᠯ ᠮᠥᠷᠡᠨ ᠤ ᠳᠠᠷᠤᠭ᠎ᠠ ᠶᠢᠨ ᠲᠦᠷᠢᠮ ᠤᠨ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠨᠠᠶᠢᠳᠠᠪᠤᠷᠢᠵᠢᠭᠤᠯᠤᠨ᠎ᠠ᠃ ᠶᠡᠭᠡ ᠲᠦᠷᠭᠡᠨ ᠭᠤᠤᠯ ᠤᠨ ᠵᠠᠮ ᠢ ᠳᠡᠭᠡᠭᠰᠢᠯᠡᠭᠦᠯᠬᠦ ᠵᠢᠴᠢ | ᠰᠡᠭᠦᠯ ᠤᠨ ᠤᠰᠤᠨ ᠤ ᠨᠤᠭᠤ ᠭᠠᠵᠠᠷ ᠢ ᠴᠡᠪᠡᠷᠰᠢᠭᠦᠯᠬᠦ ᠢᠨᠵᠧᠨᠧᠷᠢᠩ ᠢ ᠪᠡᠶᠡᠯᠡᠭᠦᠯᠵᠦ᠂ 22 ᠭᠤᠤᠯ ᠳᠤ | ᠤᠷᠤᠰᠤᠨ ᠣᠷᠣᠬᠤ ᠤᠰᠤ ᠵᠠᠯᠠᠬᠤ ᠠᠮᠠᠰᠠᠷ ᠢ ︽ᠨᠢᠭᠡ ᠠᠮᠠ ᠨᠢᠭᠡ ᠠᠷᠭ᠎ᠠ ᠪᠣᠳᠣᠯᠭ᠎ᠠ︾ ᠪᠠᠷ ᠴᠡᠭᠴᠡᠯᠡᠨ | ᠵᠠᠰᠠᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠳᠤᠮᠳᠠ ᠵᠡᠷᠭᠡ ᠶᠢᠨ ᠤᠰᠤᠨ ᠬᠤᠭᠤᠯᠠᠶ ᠶᠢᠨ ᠲᠣᠣᠷ ᠢ 20 | ᠺᠢᠯᠣᠮᠧᠲᠷ ᠰᠢᠨ᠎ᠡ ᠪᠠᠷ ᠪᠠᠶᠢᠭᠤᠯᠤᠨ᠎ᠠ᠃ ᠡᠬᠡ ᠭᠠᠵᠠᠷ ᠢ ᠮᠥᠩᠬᠡ ᠨᠣᠭᠤᠭᠠᠨ ᠪᠠᠶᠢᠯᠭᠠᠵᠤ᠂ ︽ᠬᠠᠶᠠᠭᠳᠠᠮᠠᠯ | ᠪᠣᠳᠠᠰ ᠦᠭᠡᠢ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠥᠷᠥᠰᠥ ᠰᠢᠷᠣᠢ ᠶᠢᠨ ᠪᠣᠬᠢᠷᠲᠤᠯ ᠢ | ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠬᠠᠤᠯᠢ ᠪᠤᠰᠤ ᠪᠠᠷ ᠴᠢᠳᠬᠤᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠤᠯᠠᠨ ᠡᠬᠢᠳᠤ | ᠪᠣᠬᠢᠷᠲᠤᠯ ᠢ ᠰᠡᠷᠭᠡᠶᠢᠯᠡᠨ ᠵᠠᠰᠠᠬᠤ ᠪᠠ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠴᠢᠩᠭᠠᠳᠬᠠᠵᠤ᠂ ᠬᠥᠷᠥᠰᠥ ᠰᠢᠷᠣᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | ︽ᠭᠤᠷᠪᠠᠨ ᠤᠮᠠᠷᠠᠲᠤ ᠬᠢᠯᠢ︾ ᠶᠢᠨ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠡᠷᠡᠰ ᠰᠠᠶᠢᠲᠤᠷ | ᠬᠢᠵᠦ᠂ ᠤᠢ ᠰᠢᠭᠤᠶ ᠶᠢᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ 9 ᠬᠠᠷᠮᠠᠨ ᠴᠡᠴᠡᠷᠯᠢᠭ ᠢ | ᠪᠦᠳᠦᠭᠡᠨ ᠪᠠᠶᠢᠭᠤᠯᠵᠤ᠂ 25 ᠺᠢᠯᠣᠮᠧᠲᠷ ᠤᠨ ᠨᠣᠭᠤᠭᠠᠨ ᠬᠤᠨᠭ᠍ᠬᠢᠯ ᠨᠣᠭᠤᠭᠠᠨ ᠵᠠᠮ ᠤᠨ ᠪᠦᠳᠦᠭᠡᠨ | ᠪᠠᠶᠢᠭᠤᠯᠤᠯᠲᠠ ᠶᠢ ᠡᠬᠢᠯᠡᠭᠦᠯᠵᠦ᠂ 90 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠨ ᠭᠠᠵᠠᠷ ᠢ ᠰᠢᠨ᠎ᠡ ᠪᠠᠷ | ᠨᠡᠮᠡᠭᠳᠡᠭᠦᠯᠦᠨ᠎ᠡ᠃ | ︵ᠲᠠᠪᠤ︶ ᠠᠮᠤᠷ ᠲᠦᠪᠰᠢᠨ ᠲᠣᠭᠲᠠᠭᠤᠨ ᠢ ᠡᠷᠡᠰ ᠭᠤᠶᠢᠪᠢᠰᠢ ᠦᠭᠡᠢ ᠬᠠᠮᠠᠭᠠᠯᠠᠵᠤ᠂ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠶᠢ ᠪᠠᠲᠤᠳᠬᠠᠬᠤ ᠳᠡᠭᠡᠷ᠎ᠡ ᠨᠡᠩ ᠶᠡᠭᠡ ᠰᠢᠪᠲᠤᠯᠤᠯᠲᠠ ᠲᠠᠢ ᠪᠣᠯᠭᠠᠨ᠎ᠠ | ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ | ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠨᠠᠩ ᠥᠨᠳᠥᠷ ᠬᠢᠷᠢ ᠲᠦᠪᠰᠢᠨ ᠪᠥᠬᠦᠶ | ᠠᠮᠤᠷ ᠠᠮᠤᠭᠤᠯᠠᠩ ᠢᠦᠢ ᠴᠢᠤᠸᠠᠨ ᠢ ᠴᠢᠷᠮᠠᠶᠢᠨ ᠪᠥᠲᠥᠭᠡᠨ ᠪᠠᠶᠢᠭᠤᠯᠤᠨ᠎ᠠ᠃ ᠡᠯ᠎ᠡ ᠱᠠᠲᠤᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠳᠤ ᠢᠳᠡᠪᠬᠢᠲᠡᠶ ᠪᠠᠷ ᠮᠡᠳᠡᠭᠦᠯᠵᠦ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ | ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ | ᠥᠷᠨᠢᠭᠦᠯᠵᠦ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠠᠷᠢᠯᠭᠠᠵᠤ᠂ | ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠵᠤ | ᠦᠢᠯᠡᠳᠪᠦᠷᠢ ᠶᠢᠨ ᠠᠵᠤ ᠠᠬᠤᠶᠢᠯᠠᠯ᠂ ᠢᠨᠵᠧᠨᠧᠷᠢᠩ ᠤᠨ ᠪᠠᠷᠢᠯᠭ᠎ᠠ ᠶᠢᠨ ᠭᠠᠵᠠᠷ᠂ ᠢᠳᠡᠭᠡᠨ ᠪᠠ ᠡᠮ ᠤᠨ ᠵᠦᠢᠯ᠂ | ᠬᠤᠳᠠ ᠪᠠᠯᠭᠠᠰᠤᠨ ᠤ ᠰᠢᠲᠠᠮᠠᠬᠠᠶ ᠬᠡᠢ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢᠨ ᠲᠠᠯᠳᠠ | ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠦᠢᠯᠡᠳᠪᠦᠷᠢᠯᠡᠯ ᠤᠨ | ᠠᠶᠤᠯᠭᠦᠶ ᠶᠢᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠨᠡᠶᠢᠭᠡᠮ ᠤᠨ ᠵᠠᠰᠠᠯᠲᠠ ᠶᠢ | ᠴᠢᠩᠭᠠᠳᠬᠠᠬᠤ ᠪᠠ ᠰᠢᠨ᠎ᠡ ᠶᠢ ᠡᠭᠦᠳᠴᠦ᠂ ᠨᠡᠶᠢᠭᠡᠮ ᠲᠣᠭᠤᠷᠢᠭ ᠤᠨ ᠡᠭᠦᠷᠭᠡ ᠴᠢᠳᠠᠪᠤᠷᠢ ᠲᠤᠰᠢᠶᠠᠯ | ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ︽ᠬᠦᠯᠢᠶᠡᠰᠦ ᠶᠢ | ᠰᠤᠯᠠᠷᠠᠭᠤᠯᠵᠤ︾ ︽ᠴᠢᠳᠠᠪᠤᠷᠢ ᠣᠯᠭᠤᠵᠤ︾ ᠥᠭᠭᠦᠨ᠎ᠡ᠃ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ | ︽ᠹᠧᠩᠴᠢᠶᠤᠤ ᠮᠠᠶ᠋ᠢᠭ ᠤᠨ ᠠᠵᠢᠯ ᠤᠨ ᠠᠷᠭ᠎ᠠ︾ ᠶᠢ ᠶᠡᠭᠡ ᠪᠠᠷ ᠳᠡᠯᠭᠡᠷᠡᠭᠦᠯᠵᠦ᠂ ᠵᠥᠷᠢᠴᠡᠯ ᠵᠢᠭᠤᠷᠠᠯᠳᠤᠭᠠᠨ ᠢ | ᠰᠡᠷᠭᠡᠶᠢᠯᠡᠨ ᠠᠷᠢᠯᠭᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠠᠭᠠᠯᠳᠤᠯᠭ᠎ᠠ ᠶᠢ | ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠠᠵᠢᠯ ᠢ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ | ᠭᠦᠨᠵᠡᠭᠡᠶᠢᠷᠡᠭᠦᠯᠵᠦ᠂ ᠤᠯᠠᠨ ᠲᠦᠮᠡᠨ ᠤ ᠬᠠᠮᠤᠭ ᠠᠴᠠ ᠪᠠᠴᠢᠮᠳᠠᠵᠤ ᠬᠠᠮᠤᠭ ᠠᠴᠠ ᠵᠣᠪᠠᠵᠤ ᠬᠠᠮᠤᠭ ᠠᠴᠠ ᠬᠦᠰᠡᠵᠦ | ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ | ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ | ᠠᠰᠢᠭ ᠢ ᠦᠨᠡᠨ ᠬᠦ ᠬᠠᠮᠠᠭᠠᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠥᠯᠢᠵᠢᠯ ᠤᠨ ᠪᠠᠶᠢᠭᠤᠯᠤᠯᠲᠠ ᠶᠢ ᠭᠦᠨᠵᠡᠭᠡᠶ | ᠲᠦᠯᠬᠢᠨ ᠠᠬᠢᠭᠤᠯᠵᠤ᠂ ᠤᠳᠤᠷᠢᠳᠬᠤ ᠺᠠᠳ᠋ᠷ ᠲᠦᠷᠦᠭᠦᠯᠡᠨ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠵᠠᠬᠢᠳᠠᠯ | ᠰᠤᠷᠪᠤᠯᠵᠢᠯᠠᠭ᠎ᠠ ᠶᠢ ᠣᠷᠣᠯᠠᠨ ᠭᠦᠢᠴᠡᠳᠭᠡᠬᠦ ᠵᠡᠷᠭᠡ ᠲᠦᠷᠢᠮ ᠢ ᠨᠠᠶᠢᠳᠠᠪᠤᠷᠢᠵᠢᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠤᠨ ᠪᠡᠷᠬᠡ ᠰᠡᠳᠦᠪ ᠢ ᠰᠢᠢᠳᠪᠦᠷᠢᠯᠡᠵᠦ ᠠᠷᠢᠯᠭᠠᠬᠤ ᠠᠵᠢᠯ ᠢ ᠰᠠᠶᠢᠲᠤᠷ ᠠᠳᠬᠤᠨ᠎ᠠ᠃ | ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠡᠷᠡᠰ ᠰᠡᠷᠭᠡᠶᠢᠯᠡᠨ ᠲᠡᠭᠦᠨ ᠳᠤ ᠴᠣᠬᠢᠯᠲᠠ | ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠭᠤᠶᠢᠪᠢᠰᠢ ᠦᠭᠡᠢ ᠨᠡᠮᠡᠭᠳᠡᠭᠦᠯᠵᠦ᠂ ᠴᠢᠨᠠᠷ | ᠰᠠᠶᠢᠲᠠᠢ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ ᠪᠠᠷ ᠨᠡᠩ ᠶᠡᠭᠡ | ᠰᠢᠪᠲᠤᠯᠤᠯᠲᠠ ᠲᠠᠢ ᠪᠣᠯᠭᠠᠨ᠎ᠠ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠳᠠᠯ ᠦᠢᠯᠡᠰ | ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠵᠤ᠂ ᠬᠤᠳᠠ ᠪᠠᠯᠭᠠᠰᠤᠨ ᠳᠤ | 1500 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠤᠯᠭᠤᠨ᠎ᠠ᠃ ᠪᠠᠯᠠ ᠮᠥᠩᠭᠦ ᠶᠢᠨ ᠲᠥᠷᠥ ᠶᠢᠨ | ᠪᠣᠳᠣᠯᠭ᠎ᠠ ᠶᠢᠨ ᠳᠡᠮᠵᠢᠯᠭᠡ᠂ ᠦᠷ᠎ᠡ ᠬᠡᠤᠬᠡᠳ ᠢᠶᠠᠨ ᠰᠤᠷᠭᠠᠭᠤᠯᠢ ᠳᠤ ᠣᠷᠣᠭᠤᠯᠬᠤ ᠵᠡᠷᠭᠡ ᠴᠢᠳᠠᠪᠤᠷᠢᠲᠠᠨ ᠢ | ᠣᠷᠣᠭᠤᠯᠤᠨ ᠠᠪᠴᠢᠷᠠᠵᠤ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠨᠠᠩ ᠣᠯᠠᠨ ᠵᠠᠯᠠᠭᠤ | ᠴᠢᠳᠠᠪᠤᠷᠢᠲᠠᠨ ᠢ ᠲᠤᠭᠳᠠᠬᠤ ᠳᠤ ᠦᠯᠡᠳᠡᠭᠡᠨ ᠬᠥᠭᠵᠢᠭᠦᠯᠬᠦ ᠪᠠᠷ ᠲᠠᠲᠠᠨ᠎ᠠ᠃ ᠨᠡᠶᠢᠭᠡᠮ ᠤᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠲᠡᠰ ᠳᠠᠪᠬᠤᠷᠭ᠎ᠠ ᠲᠦᠷᠦᠯ ᠬᠤᠪᠢᠶᠠᠨ ᠲᠡᠭᠦᠯᠳᠡᠷᠵᠢᠭᠦᠯᠵᠦ᠂ ᠣᠨᠴᠠᠭᠠᠶ ᠬᠦᠴᠢᠷᠳᠡᠯ ᠲᠠᠢ ᠬᠠᠮᠲᠤᠯᠢᠭ ᠤᠨ | ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠨ᠎ᠠ᠃ ᠲᠣᠰᠬᠤᠨ ᠤ ᠱᠠᠲᠤᠨ ᠤ 5 ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠦᠷᠳᠡᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠨᠢᠭᠡ ᠮᠥᠴᠡ︾ ᠪᠠᠷ | ᠨᠠᠰᠤᠲᠠᠶᠢᠴᠤᠳ ᠲᠤ ᠦᠢᠯᠡᠴᠢᠯᠡᠬᠦ ᠬᠦᠷᠢᠶ᠎ᠡ ᠶᠢ ᠲᠦᠷᠭᠡᠪᠴᠢᠯᠡᠨ ᠪᠠᠶᠢᠭᠤᠯᠤᠨ᠎ᠠ᠃ ᠬᠤᠶᠠᠷ ᠢ ᠬᠦᠷᠢᠶᠡᠯᠡᠨ | ᠬᠠᠮᠲᠤᠪᠠᠷ ᠪᠠᠶᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ᠂ | ᠴᠡᠷᠢᠭ ᠢ ᠳᠠᠭᠠᠵᠤ ᠠᠵᠢᠯ ᠰᠢᠯᠵᠢᠭᠰᠡᠨ ᠬᠡᠷ ᠪᠦᠯᠢ ᠶᠢᠨ ᠬᠢᠨ ᠢ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ | ᠬᠠᠷᠠᠭᠠᠯᠵᠠᠨ ᠲᠡᠳᠬᠦᠬᠦ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ᠂ ᠡᠷᠬᠡ ᠠᠰᠢᠭ ᠢ ᠪᠠᠲᠤᠯᠠᠬᠤ ᠵᠡᠷᠭᠡ | ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ | ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ︽ᠵᠠᠯᠭᠠᠭ᠎ᠠ ᠪᠠᠷ ᠠᠷᠪᠠᠨ ᠵᠢᠯ ᠮᠠᠩᠯᠠᠶᠢᠯᠠᠭᠰᠠᠨ︾ ᠢ ᠴᠢᠷᠮᠠᠶᠢᠨ | ᠡᠭᠦᠳᠦᠨ᠎ᠡ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ︽ᠨᠢᠭᠡ | ᠲᠡᠩᠭᠡᠯᠢᠭ ᠬᠤᠶᠠᠷ ᠣᠷᠣᠨ︾ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠷᠢᠰᠢᠯ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ︽ᠳᠥᠷᠪᠡᠨ ᠨᠢᠭᠡ︾ ᠶᠢᠨ ᠢᠨᠵᠧᠨᠧᠷᠢᠩ ᠪᠠ ︽ᠲᠠᠪᠤᠨ ᠶᠡᠭᠡ ᠳᠡᠭᠡᠭᠰᠢᠯᠡᠭᠦᠯᠬᠦ︾ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠡᠤᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ | ᠪᠠᠲᠤᠯᠠᠵᠤ᠂ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠶᠢᠨ ᠬᠠᠪᠰᠤᠷᠤᠮᠵᠢ ᠬᠡᠷᠡᠭᠯᠡᠭᠡᠨ ᠤ ᠣᠷᠣᠨ ᠰᠠᠭᠤᠴᠠ ᠶᠢᠨ | ᠥᠭᠡᠷᠡᠴᠢᠯᠡᠯᠲᠡ ᠶᠢ ᠥᠷᠭᠡᠳᠬᠡᠨ ᠪᠠᠶᠢᠭᠤᠯᠬᠤ ᠶᠢ ᠪᠡᠶᠡᠯᠡᠭᠦᠯᠦᠨ᠎ᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠨᠵᠢᠯᠡᠭᠡᠨ ᠤ ᠰᠠᠯᠠᠭ᠎ᠠ ᠪᠠ ᠴᠢᠬᠤᠯᠠ ᠶᠡᠭᠡ ᠰᠢᠨᠵᠢᠯᠡᠬᠦ | ᠤᠬᠠᠭᠠᠨ ᠤ ᠰᠤᠳᠤᠯᠭᠠᠨ ᠤ ᠲᠠᠪᠴᠠᠩ ᠤᠨ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ | ᠣᠷᠣᠭᠤᠯᠬᠤ ᠶᠢ ᠳᠥᠯᠭᠢᠨ ᠠᠬᠢᠭᠤᠯᠵᠤ᠂ ᠠᠵᠢᠯ ᠮᠡᠷᠭᠡᠵᠢᠯ ᠤᠨ ᠪᠤᠯᠪᠠᠰᠤᠷᠠᠯ ᠤᠨ ᠰᠤᠷᠭᠠᠭᠤᠯᠢ ᠶᠢᠨ ᠪᠥᠲᠥᠭᠡᠨ | ᠪᠠᠶᠢᠭᠤᠯᠤᠯᠲᠠ ᠶᠢ ᠳᠡᠮᠵᠢᠵᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠨᠠᠩ | ᠭᠦᠨ ᠲᠠᠰ ᠳᠠᠪᠬᠤᠷᠭ᠎ᠠ ᠲᠡᠶᠢᠰᠢ ᠠᠬᠢᠭᠤᠯᠬᠤ ᠶᠢ ᠪᠡᠶᠡᠯᠡᠭᠦᠯᠦᠨ᠎ᠡ᠃ ᠪᠠᠭᠰᠢ ᠶᠢᠨ ᠡᠩᠨᠡᠭᠡ ᠶᠢ ︽ᠣᠷᠭᠠᠨᠢᠭ ᠢᠶᠠᠷ | ᠰᠢᠨᠡᠳᠬᠡᠵᠦ︾᠂ ᠳᠡᠭᠡᠳᠦ ᠲᠠᠰ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ 22 ᠣᠷᠣᠭᠤᠯᠤᠨ ᠠᠪᠴᠢᠷᠠᠵᠤ᠂ | ︽ᠨᠠᠷᠠᠲᠤ ᠪᠠᠭᠰᠢ +︾ ︽ᠨᠠᠷᠠᠲᠤ ᠰᠤᠷᠭᠠᠭᠤᠯᠢ ᠶᠢᠨ ᠵᠠᠬᠢᠷᠤᠯ +︾ ᠬᠥᠮᠦᠵᠢᠭᠦᠯᠬᠦ ᠢᠨᠵᠧᠨᠧᠷᠢᠩ ᠢ | ᠬᠡᠷᠡᠭᠵᠢᠭᠦᠯᠦᠨ᠂ ᠵᠢᠭᠠᠨ ᠰᠤᠳᠤᠯᠤᠭᠴᠢ ᠶᠢᠨ ᠡᠩᠨᠡᠭᠡ ᠶᠢ ᠰᠢᠯᠢᠳᠡᠭ ᠪᠥᠭᠡᠳ ᠬᠦᠴᠦᠷᠬᠡᠭᠵᠢᠭᠦᠯᠦᠨ ᠳᠣᠭᠢᠷᠠᠭᠤᠯᠵᠤ᠂ | ᠨᠢᠭᠡ ᠪᠦᠯᠦᠭ ᠠᠷᠠᠳ ᠢᠷᠭᠡᠳ ᠤᠨ ︽ᠬᠡᠷ ᠤᠨ ᠡᠭᠦᠳᠡᠨ ᠳᠠᠬᠢ ᠰᠠᠶᠢᠨ ᠰᠤᠷᠭᠠᠭᠤᠯᠢ︾ ᠶᠢ ᠴᠢᠷᠮᠠᠶᠢᠨ | ᠪᠠᠶᠢᠭᠤᠯᠤᠨ᠎ᠠ᠃ | ᠡᠷᠡᠭᠦᠯ ᠮᠡᠨᠳᠦ ᠲᠤᠭᠳᠠᠬᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠨᠢᠭᠲᠠ ᠬᠡᠯᠪᠡᠷᠢ ᠶᠢᠨ ᠡᠮᠴᠢᠯᠡᠭᠡᠨ ᠤ | ᠬᠤᠯᠪᠣᠭᠠᠲᠤ ᠴᠣᠭᠴᠠ ᠶᠢᠨ ᠡᠬᠢ ᠪᠠᠶᠠᠯᠢᠭ ᠤᠨ ᠳᠠᠪᠠᠭᠤᠯᠢᠭ᠂ ᠲᠡᠷᠢᠭᠦᠨ ᠤ ᠮᠡᠷᠭᠡᠵᠢᠯ ᠪᠠ ᠨᠠᠷᠠᠲᠤ ᠲᠥᠷᠥᠯ | ᠲᠡᠮᠳᠡᠭᠲᠦ ᠶᠢᠨ ᠨᠥᠯᠥᠭᠡᠯᠡᠬᠦ ᠬᠦᠴᠦᠨ ᠳᠤ ᠲᠦᠰᠢᠭᠯᠡᠨ᠂ ᠲᠤᠭᠳᠠᠬᠤ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢᠲᠠᠨ ᠤ | ᠱᠠᠲᠤᠯᠵᠢᠨ ᠡᠩᠨᠡᠭᠡ ᠶᠢᠨ ᠪᠠᠶᠢᠭᠤᠯᠤᠯᠲᠠ ᠪᠠ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠱᠠᠲᠤ | ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠮᠴᠢᠯᠡᠭᠡᠨ ᠤ | ᠪᠠᠶᠢᠭᠤᠯᠤᠮᠵᠢ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠂ ᠨᠠᠩ ᠣᠯᠠᠨ ᠡᠬᠢ ᠪᠠᠶᠠᠯᠢᠭ ᠤᠨ | ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠶᠢ ᠠᠬᠢᠭᠤᠯᠵᠤ᠂ ᠣᠯᠠᠨ ᠲᠦᠮᠡᠨ ᠳᠤ ᠣᠶᠢᠷ᠎ᠠ | ᠬᠠᠪᠢ ᠳᠠᠭᠠᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠨ᠎ᠡ᠃ ᠰᠢᠶᠠᠨ ᠤ ᠱᠠᠲᠤᠨ ᠤ ᠡᠮᠨᠡᠯᠭᠡ ᠶᠢᠨ | ᠬᠤᠷᠢᠶ᠎ᠠ ᠶᠢᠨ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠢᠲᠠᠳ | ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠯ ᠤᠨ ᠲᠥᠪ ᠤᠨ ᠲᠥᠷᠥᠯ ᠵᠦᠢᠯ ᠢ ᠡᠬᠢᠯᠡᠭᠦᠯᠵᠦ᠂ ᠬᠢᠲᠠᠳ᠂ | ᠮᠣᠩᠭᠤᠯ ᠡᠮ ᠡᠮᠨᠡᠯᠭᠡ ᠶᠢᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ | 10 ᠡᠷᠡᠭᠦᠯ ᠬᠠᠮᠠᠭᠠᠯᠠᠯ ᠤᠨ ᠲᠥᠪ᠂ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠰᠣᠶᠣᠯ ᠪᠡᠶ᠎ᠡ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ | ᠵᠦᠢᠯ ᠢ ᠬᠠᠮᠠᠭᠠᠯᠠᠬᠤ ᠪᠠ ᠰᠡᠯᠪᠢᠨ ᠵᠠᠰᠠᠬᠤ ᠠᠵᠢᠯ ᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠢ | ᠳᠡᠯᠭᠡᠨ ᠦᠵᠡᠭᠦᠯᠬᠦ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠴᠢᠩᠭᠠᠳᠬᠠᠨ᠎ᠠ᠃ ᠤᠯᠠᠭᠠᠨᠮᠥ᠋ᠴᠢᠷ ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠥᠷᠨᠢᠭᠦᠯᠵᠦ᠂ ᠰᠢᠯᠢᠳᠡᠭ ᠤᠯᠠᠮᠵᠢᠯᠠᠯᠲᠤ | ᠰᠣᠶᠣᠯ ᠢ ᠤᠯᠠᠮᠵᠢᠯᠠᠨ ᠵᠠᠯᠭᠠᠮᠵᠢᠯᠠᠨ᠎ᠠ᠃ ᠰᠣᠶᠣᠯ ᠪᠡᠶ᠎ᠡ ᠶᠢᠨ ᠲᠠᠮᠢᠷ ᠤᠨ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ 80 ᠢᠵᠢ ᠪᠡᠶ᠎ᠡ ᠴᠢᠭᠢᠷᠠᠭᠵᠢᠭᠤᠯᠬᠤ ᠵᠠᠮ ᠱᠤᠭᠤᠮ ᠢ ᠤᠭᠰᠠᠷᠠᠨ᠎ᠠ᠃ ᠪᠥᠬᠦ | ᠤᠯᠤᠰ ᠤᠨ ᠵᠢᠭᠠᠰᠤ ᠭᠥᠬᠢᠳᠡᠬᠦ ᠤᠷᠤᠯᠳᠤᠭᠠᠨ᠂ ᠬᠤᠲᠠ ᠶᠢᠨ ᠮᠠᠷᠠᠰᠤᠨ ᠤ ᠤᠷᠢᠯᠭ᠎ᠠ ᠶᠢᠨ ᠤᠷᠤᠯᠳᠤᠭᠠᠨ ᠢ ᠨᠠᠷᠢᠨ | ᠨᠢᠮᠪᠠᠶ ᠵᠣᠬᠢᠶᠠᠨ ᠪᠠᠶᠢᠭᠤᠯᠵᠤ᠂ ︽ᠪᠥᠬᠦ ᠠᠷᠠᠳ ᠢᠶᠠᠷ ᠢᠶᠠᠨ ᠢᠳᠡᠷᠡᠭᠦᠨ ᠠᠯᠬᠤᠬᠤ︾ ︽ᠨᠥᠬᠦᠷᠰᠡᠭ ᠬᠤᠲᠠ ᠶᠢᠨ | ᠴᠠᠭᠠᠰᠤᠨ ᠰᠢᠪᠠᠭᠤᠨ ᠤ ᠤᠷᠤᠯᠳᠤᠭᠠᠨ︾ ᠵᠡᠷᠭᠡ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠤ ᠠᠵᠢᠯᠯᠠᠭ᠎ᠠ ᠶᠢ | ᠦᠷᠭᠦᠯᠵᠢᠯᠡᠨ ᠰᠠᠶᠢᠲᠤᠷ ᠥᠷᠨᠢᠭᠦᠯᠵᠦ᠂ ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ | ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠦᠨᠡᠨ ᠬᠦ | ᠰᠠᠶᠢᠲᠤᠷ ᠬᠢᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ | ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠢ ᠰᠠᠶᠢᠲᠤᠷ ᠥᠷᠨᠢᠭᠦᠯᠵᠦ᠂ ᠡᠯ᠎ᠡ ᠵᠦᠢᠯ ᠤᠨ ᠨᠡᠶᠢᠭᠡᠮ ᠤᠨ | ᠦᠢᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠦᠨᠡᠨᠴᠢ ᠰᠢᠳᠤᠷᠭᠤ ᠪᠠᠶᠢᠬᠤ ᠰᠠᠭᠤᠷᠢ ᠶᠢ | ᠪᠠᠲᠤᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ | ᠦᠭᠡᠢ ᠪᠠᠷᠢᠮᠲᠠᠯᠠᠵᠤ᠂ ︽ᠬᠤᠶᠠᠷ ᠢ ᠲᠤᠭᠲᠠᠭᠠᠭᠰᠠᠨ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ | ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ | ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠡᠯ᠎ᠡ ᠱᠠᠲᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠨᠢᠭᠡ | ᠠᠯᠬᠤᠮ ᠢᠶᠠᠷ ᠡᠴᠦᠰ ᠲᠤᠨᠢ ᠲᠤᠯᠲᠠᠯ᠎ᠠ ᠠᠳᠬᠤᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠣᠳᠠᠲᠠᠢ | ᠠᠵᠢᠯᠯᠠᠭ᠎ᠠ ᠳᠡᠭᠡᠷ᠎ᠡ ᠪᠠᠨ ᠦᠨᠡᠨ ᠬᠦ ᠨᠠᠶᠢᠳᠠᠪᠤᠷᠢᠵᠢᠭᠤᠯᠵᠤ᠂ ᠠᠵᠢᠯ ᠤᠨ ᠦᠷ᠎ᠡ ᠪᠦᠲᠦᠮᠵᠢ ᠳᠡᠭᠡᠷ᠎ᠡ ᠪᠠᠨ | ᠢᠯᠡᠷᠡᠭᠦᠯᠦᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠵᠤ᠂ ᠬᠠᠥᠯᠢᠵᠢᠯ ᠤᠨ ᠵᠠᠰᠠᠭ ᠤᠨ ᠣᠷᠳᠣᠨ ᠢ | ᠪᠠᠶᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ᠂ | ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ | ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠢᠲᠡᠭᠡᠮᠵᠢ ᠲᠠᠢ ᠪᠠᠶᠢᠵᠤ | ᠠᠮᠠᠯᠠᠯᠲᠠ ᠪᠠᠨ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠬᠠᠤᠯᠢ ᠶᠢ ᠴᠢᠩᠭ᠎ᠠ ᠵᠢᠷᠤᠮᠵᠢᠭᠤᠨ ᠲᠥᠪ | ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠴᠢᠩᠭᠠᠳᠬᠠᠵᠤ᠂ ︽ᠨᠠᠢᠮᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠤᠨ᠎ᠠ᠃ ᠪᠦᠬᠦ | ᠶᠠᠪᠤᠴᠠ ᠳᠤ ᠠᠷᠠᠳ ᠤᠨ ᠠᠷᠠᠳᠴᠢᠯᠠᠯ ᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ | ᠴᠢᠨᠠᠷ ᠰᠠᠶᠢᠲᠠᠢ ᠰᠢᠢᠳᠪᠦᠷᠢᠯᠡᠵᠦ᠂ ᠤᠯᠠᠨ ᠲᠦᠮᠡᠨ ᠤ ᠬᠦᠰᠡᠵᠦ ᠪᠠᠶᠢᠭ᠎ᠠ ᠶᠠᠪᠤᠳᠠᠯ᠂ ᠵᠠᠰᠠᠭ ᠤᠨ ᠣᠷᠳᠣᠨ ᠤ | ᠠᠮᠠᠯᠠᠭᠰᠠᠨ ᠶᠠᠪᠤᠳᠠᠯ ᠢ ᠪᠣᠳᠠᠲᠠᠢ ᠰᠠᠶᠢᠲᠤᠷ ᠬᠢᠵᠦ ᠦᠷ᠎ᠡ ᠪᠦᠲᠦᠮᠵᠢ ᠭᠠᠷᠭᠠᠵᠤ᠂ ᠵᠠᠰᠠᠭ ᠤᠨ ᠣᠷᠳᠣᠨ ᠤ ᠤᠯᠠᠨ | ᠨᠡᠶᠢᠲᠡ ᠶᠢ ᠢᠲᠡᠭᠡᠭᠦᠯᠬᠦ ᠬᠦᠴᠦᠨ ᠢᠶᠠᠷ ᠤᠯᠠᠨ ᠲᠦᠮᠡᠨ ᠤ ᠲᠠᠭᠠᠰᠢᠶᠠᠯ ᠢ ᠤᠯᠬᠤ ᠪᠠᠷ ᠴᠢᠷᠮᠠᠶᠢᠨ᠎ᠠ᠃ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠶᠢᠨ ᠤᠤᠷ ᠴᠢᠨᠠᠷ ᠢᠶᠠᠨ ᠡᠭᠦᠷᠢᠳᠡ | ᠬᠠᠳᠠᠭᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠲᠦᠯᠬᠢᠨ ᠠᠬᠢᠭᠤᠯᠤᠨ᠎ᠠ᠃ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ | ᠵᠠᠰᠠᠬᠤ ᠶᠢ ᠪᠠᠷᠢᠮᠲᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠠᠭᠠᠵᠢᠯᠠᠨ᠎ᠠ᠃ ︽ᠠᠷᠪᠢᠯᠠᠨ | ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠪᠠ ᠡᠳ᠋ ᠤᠨ | ᠵᠠᠰᠠᠭ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠶᠡᠭᠡ ᠪᠠᠷ ᠪᠠᠭᠠᠰᠬᠠᠨ᠂ | ᠠᠷᠢᠭᠤᠨ ᠴᠡᠪᠡᠷ ᠢ ᠡᠷᠬᠢᠮᠯᠡᠨ ᠠᠷᠪᠢᠯᠠᠨ ᠭᠠᠮᠨᠠᠬᠤ ᠶᠢ ᠡᠷᠬᠢᠮᠯᠡᠬᠦ ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠨ᠎ᠠ᠃ | | ᠠᠷᠠᠳ ᠲᠦᠮᠡᠨ ᠳᠤ ᠦᠢᠯᠡᠴᠢᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠎ᠡ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ | ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠤᠯᠠᠮᠵᠢᠯᠠᠨ ᠪᠠᠳᠠᠷᠠᠭᠤᠯᠵᠤ᠂ | ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠢᠮᠠᠭᠲᠠ ᠤᠯᠠᠨ ᠲᠦᠮᠡᠨ ᠤ | ᠬᠠᠷᠠᠭᠠᠰᠤ ᠠᠴᠠ ᠠᠰᠠᠭᠤᠳᠠᠯ ᠢ ᠪᠣᠳᠣᠯᠬᠢᠯᠠᠨ᠂ ᠠᠵᠢᠯ ᠢᠶᠠᠨ ᠲᠥᠯᠥᠪᠵᠢᠭᠦᠯᠵᠦ᠂ ᠤᠯᠠᠨ ᠲᠦᠮᠡᠨ ᠲᠠᠢ | ᠤᠢᠢᠷᠠᠳᠤᠵᠦ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠪᠦᠬᠦ ᠬᠦᠴᠦᠨ | ᠴᠢᠳᠠᠯ ᠢᠶᠠᠨ ᠰᠢᠪᠬᠠᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ | ᠦᠢᠯᠡᠳᠦᠯ ᠴᠢᠳᠠᠪᠤᠷᠢ ᠶᠢᠨ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ | ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠺᠠᠳ᠋ᠷᠴᠤᠳ ᠤᠨ ᠠᠵᠢᠯ ᠤᠨ | ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠵᠦ᠂ ᠪᠦᠬᠦ ᠨᠡᠶᠢᠭᠡᠮ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ | ᠠᠮᠢᠵᠢᠷᠠᠯ ᠤᠨ ᠬᠦᠴᠦᠨ ᠢ ᠬᠥᠭᠵᠢᠭᠡᠵᠦ᠂ ᠺᠠᠳ᠋ᠷᠴᠤᠳ ᠢ ᠵᠣᠷᠢᠭᠲᠠᠶ ᠪᠠᠷ ᠠᠵᠢᠯᠯᠠᠭᠤᠯᠬᠤ᠂ ᠠᠵᠤ ᠠᠬᠤᠶᠢᠯᠠᠯ ᠢ | ᠵᠣᠷᠢᠭᠲᠠᠶ ᠪᠠᠷ ᠠᠵᠢᠯᠯᠠᠭᠤᠯᠬᠤ᠂ ᠤᠯᠠᠨ ᠲᠦᠮᠡᠨ ᠢ ᠵᠣᠷᠢᠭᠲᠠᠶ ᠪᠠᠷ ᠡᠭᠦᠳᠦᠨ ᠪᠦᠲᠦᠭᠡᠬᠦ ᠳᠤ ᠬᠦᠷᠦᠭᠦᠯᠵᠦ᠂ | ᠵᠠᠰᠠᠭ ᠤᠨ ᠣᠷᠳᠣᠨ ᠤ ᠠᠵᠢᠯ ᠤᠨ ︽ᠦᠢᠯᠡᠴᠢᠯᠡᠭᠡᠨ ᠤ ᠢᠯᠡᠳᠬᠡᠭᠴᠢ ᠲᠤᠭ᠎ᠠ︾ ᠪᠠᠷ ᠠᠷᠠᠳ ᠤᠯᠠᠨ ᠤ ︽ᠵᠣᠯ | ᠵᠢᠷᠭᠠᠯ ᠤᠨ ᠢᠯᠡᠳᠬᠡᠭᠴᠢ ᠲᠤᠭ᠎ᠠ︾ ᠶᠢ ᠰᠣᠯᠢᠵᠤ ᠠᠪᠤᠨ᠎ᠠ᠃ | ᠲᠥᠯᠥᠭᠡᠯᠡᠭᠴᠢᠳ ᠡ᠂ ᠰᠠᠯᠬᠢᠨ ᠤ ᠠᠶ᠎ᠠ ᠪᠠᠷ ᠰᠢᠨ᠎ᠡ ᠠᠶᠠᠨ ᠢᠶᠠᠨ ᠡᠬᠢᠯᠡᠭᠦᠯᠵᠦ᠂ ᠠᠶᠠᠨ ᠵᠠᠮ ᠢᠶᠠᠨ | ᠡᠬᠢᠯᠡᠭᠦᠯᠦᠨ ᠳᠠᠷᠪᠠᠭᠤᠯ ᠬᠡᠶᠢᠰᠭᠡᠬᠦ ᠴᠠᠭ ᠬᠦᠷᠴᠦ ᠢᠷᠡᠯ᠎ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ | ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠬᠠᠷᠠᠯᠲᠠ ᠪᠠᠨ ᠲᠣᠭᠲᠠᠭᠠᠵᠤ᠂ ᠳᠠᠷᠤᠯᠲᠠ ᠦᠵᠡᠭᠦᠯᠦᠨ ᠡᠷᠡᠯᠬᠡᠭᠯᠡᠨ ᠤᠷᠤᠭᠰᠢᠯᠠᠵᠤ᠂ | ᠯᠠᠪᠳᠠᠭᠤᠨ ᠪᠠᠲᠤᠲᠠᠢ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠲᠤᠭᠳᠠᠬᠤ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠲᠤᠭᠳᠠᠬᠤ ᠶᠢᠨ ᠬᠦᠴᠦᠨ ᠴᠢᠳᠠᠯ ᠢᠶᠠᠨ ᠨᠡᠮᠡᠷᠢᠯᠡᠶ᠎ᠡ︕ | ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |