ᠬᠥᠬᠡᠬᠤᠲᠠ ︽1234︾ ᠵᠠᠭᠪᠤᠷ ᠢ ᠰᠦᠪᠡᠭᠴᠢᠯᠡᠵᠦ ︽ᠬᠤᠪᠢᠰᠬᠠᠯᠳᠦ ᠠᠳᠠᠯ ᠠᠬᠤᠢ︾ ᠶᠢ ᠦᠨᠳᠦᠰᠦᠨ ᠱᠠᠲᠤᠨ ᠤ ᠵᠠᠰᠠᠯᠲᠠ ᠳᠤ ᠠᠭᠤᠰᠤᠯᠴᠠᠭᠤᠯᠬᠤ ᠶᠢ ᠭᠦᠨᠵᠡᠭᠡᠢ ᠦᠢᠯᠡᠳᠦᠯᠭᠡᠵᠢᠭᠦᠯᠪᠡ
ᠨᠡᠶᠢᠲᠡᠯᠡᠭᠰᠡᠨ ᠴᠠᠭ᠄
2024/2/2
      ᠬᠥᠬᠡᠬᠤᠲᠠ᠂ ᠨᠠᠮ ᠤᠨ ᠪᠠᠶᠢᠭᠤᠯᠤᠯᠲᠠ ᠪᠠᠷ ᠠᠳᠠᠯ ᠠᠬᠤᠢ ᠶᠢᠨ ᠬᠠᠮᠢᠶᠠᠷᠤᠯᠲᠠ ᠶᠢ ᠬᠥᠲᠥᠯᠥᠨ ᠳᠠᠭᠠᠭᠤᠯᠬᠤ ᠶᠢ ᠦᠨᠳᠦᠰᠦᠨ ᠱᠠᠲᠤᠨ ᠤ ᠵᠠᠰᠠᠯᠲᠠ ᠶᠢᠨ ᠪᠦᠲᠦᠮᠵᠢᠲᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ ︽1234︾ ᠵᠠᠭᠪᠤᠷ ᠢ ᠢᠳᠡᠪᠬᠢᠲᠡᠢ ᠰᠦᠪᠡᠭᠴᠢᠯᠡᠵᠦ᠂ ︽ᠬᠤᠪᠢᠰᠬᠠᠯᠲᠤ ᠠᠳᠠᠯ ᠠᠬᠤᠢ︾ ᠶᠢᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠳᠤ ᠭᠦᠨᠵᠡᠭᠡᠢ ᠠᠭᠤᠰᠤᠯᠴᠠᠨ᠂ ᠣᠷᠣᠨ ᠤ ᠲᠦᠪ ᠬᠤᠲᠠ ᠶᠢᠨ ᠣᠯᠠᠨ ᠲᠦᠮᠡᠨ ᠳᠤ ᠨᠠᠩ ᠣᠯᠠᠨ ᠠᠮᠢᠳᠤᠷᠠᠯ ᠤᠨ ᠳᠥᠭᠦᠮ ᠳᠥᠲᠡ ᠶᠢ ᠮᠡᠳᠡᠷᠡᠭᠦᠯᠵᠦ᠂ ᠨᠠᠩ ᠣᠯᠠᠨ ᠬᠥᠭᠵᠢᠯᠲᠡ ᠶᠢᠨ ᠦᠷ᠎ᠡ ᠪᠦᠲᠦᠭᠡᠯ ᠢ ᠣᠶᠢᠯᠠᠭᠠᠭᠤᠯᠪᠠ᠃      ᠨᠢᠭᠡ ᠭᠤᠣᠯ ᠰᠢᠵᠢᠮ᠄ ᠨᠠᠮ ᠤᠨ ᠪᠠᠶᠢᠭᠤᠯᠤᠯᠲᠠ ᠪᠠᠷ ᠬᠥᠲᠥᠯᠪᠦᠷᠢ ᠪᠣᠯᠭᠠᠬᠤ ᠶᠠᠪᠤᠳᠠᠯ ᠢ ᠠᠵᠢᠯ ᠲᠥᠷᠥᠯ ᠤᠨ ᠬᠥᠭᠵᠢᠯᠲᠡ ᠳᠤ ᠢᠮᠠᠭᠲᠠ ᠲᠤᠭᠤᠰᠢᠯᠠᠭᠤᠯᠪᠠ      ᠨᠠᠮ ᠠᠴᠠ ᠠᠵᠢᠯ ᠲᠥᠷᠥᠯ ᠢ ᠬᠠᠮᠢᠶᠠᠷᠬᠤ ᠶᠢ ᠪᠠᠷᠢᠮᠲᠠᠯᠠᠵᠤ᠂ ᠤᠷᠢᠳ ᠬᠤᠵᠢᠳ ︽ᠣᠷᠣᠨ ᠤ ᠲᠥᠪ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠰᠠᠨᠠᠯ︾ ︽ᠨᠠᠮ ᠤᠨ ᠪᠠᠶᠢᠭᠤᠯᠤᠯᠲᠠ ᠶᠢ ᠴᠢᠩᠭᠠᠳᠬᠠᠵᠤ ︿ᠬᠤᠪᠢᠰᠬᠠᠯᠲᠤ ᠠᠳᠠᠯ ᠠᠬᠤᠢ﹀ ᠶᠢ ᠬᠥᠲᠥᠯᠥᠨ ᠳᠠᠭᠠᠭᠤᠯᠬᠤ ᠲᠤᠬᠠᠢ ᠬᠡᠷᠡᠭᠵᠢᠭᠦᠯᠬᠦ ᠲᠥᠰᠥᠯ︾ ︽︿ᠬᠤᠶᠠᠷ ᠢ ᠬᠠᠮᠤᠷᠬᠤ﹀ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠃ ᠵᠢᠯ ᠪᠦᠷᠢ ᠠᠵᠢᠯ ᠲᠦᠷᠦᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠶᠢ ᠲᠣᠭᠲᠠᠭᠠᠨ ᠬᠡᠷᠡᠭᠵᠢᠭᠦᠯᠵᠦ ᠂ ᠬᠤᠪᠢᠰᠬᠠᠯᠲᠤ ᠠᠳᠠᠯ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ ᠠᠬᠢᠭᠤᠯᠵᠤ᠂ ᠠᠵᠢᠯ ᠲᠦᠷᠦᠯ ᠤᠨ ᠣᠨ ᠤ ᠴᠢᠬᠤᠯᠠ ᠠᠵᠢᠯ ᠤᠨ ᠡᠭᠦᠷᠭᠡ ᠶᠢ ᠨᠠᠷᠢᠯᠢᠭᠵᠢᠭᠤᠯᠤᠨ ᠵᠠᠳᠠᠯᠵᠤ᠂ ᠠᠵᠢᠯ ᠤᠨ ᠠᠷᠭ᠎ᠠ ᠬᠡᠮᠵᠢᠶ᠎ᠡ ᠪᠠ ᠬᠠᠷᠠᠯᠲᠠ ᠶᠢ ᠲᠣᠳᠣᠷᠬᠠᠶᠢᠯᠠᠵᠤ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ︾ ᠶᠢ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠡᠬᠢᠨ ᠠᠴᠠ ᠳᠠᠭᠤᠰᠲᠠᠯ᠎ᠠ ᠲᠤᠭᠤᠰᠢᠯᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠦᠷ᠎ᠡ ᠠᠰᠢᠭ ᠢ ᠲᠡᠭᠡᠭᠰᠢᠯᠡᠭᠦᠯᠪᠡ᠃      ᠬᠤᠶᠠᠷ ᠢ ᠴᠢᠩᠭᠠᠳᠬᠠᠪᠠ᠄ ᠳᠦᠷᠢᠮ ᠪᠣᠯᠣᠨ ᠬᠢᠨᠠᠯᠲᠠ ᠲᠠᠯᠪᠢᠬᠤ ᠶᠢ ᠵᠡᠷᠭᠡ ᠪᠠᠷ ᠴᠢᠬᠤᠯᠠᠴᠢᠯᠠᠵᠤ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠪᠡ      ᠨᠢᠭᠡ ᠳᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠪᠠ᠂ ︽ᠬᠥᠬᠡᠬᠤᠲᠠ ᠶᠢᠨ ᠣᠷᠣᠨ ᠰᠠᠭᠤᠴᠠ ᠶᠢᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠢ ᠨᠡᠶᠢᠲᠡᠯᠡᠬᠦ ᠶᠢ ᠲᠦᠯᠬᠢᠨ ᠠᠬᠢᠭᠤᠯᠬᠤ ᠶᠢᠨ ᠬᠠᠮᠲᠤ 2023 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠣᠷᠣᠨ ᠤ ᠲᠦᠪ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠶᠢᠨ ᠬᠤᠭᠤᠰᠤᠨ ᠢ ᠨᠦᠬᠦᠪᠦᠷᠢᠯᠡᠪᠡ᠃ ᠠᠳᠠᠯ ᠠᠬᠤᠢ ᠶᠢᠨ ᠲᠥᠷᠥᠯ ᠵᠦᠢᠯ ᠤᠨ ᠣᠳᠣᠨ ᠲᠠᠰ ᠤᠨ ᠦᠨᠡᠯᠡᠯᠳᠡ ᠪᠠ ᠰᠠᠷ᠎ᠠ ᠶᠢᠨ ᠦᠨᠡᠯᠡᠯᠲᠡ ᠶᠢᠨ ᠨᠡᠷᠡᠰ ᠤᠨ ᠵᠢᠭᠰᠠᠭᠠᠯᠲᠠ ᠶᠢ ᠥᠷᠨᠢᠭᠦᠯᠵᠦ᠂ 2023 ᠣᠨ ᠳᠤ 289 ᠠᠳᠠᠯ ᠠᠬᠤᠢ ᠶᠢᠨ ᠦᠢᠯᠡᠴᠢᠯᠡᠭᠡᠨ ᠤ ᠲᠥᠷᠥᠯ ᠵᠦᠢᠯ ᠤᠨ ᠣᠳᠣᠨ ᠲᠠᠰ ᠤᠨ ᠦᠨᠡᠯᠡᠯᠳᠡ ᠶᠢᠨ ᠠᠵᠢᠯ ᠢ ᠪᠡᠶᠡᠯᠡᠭᠦᠯᠵᠦ᠂ ᠠᠳᠠᠯ ᠠᠬᠤᠢ ᠶᠢᠨ ᠠᠵᠤ ᠠᠬᠤᠶᠢᠯᠠᠯ ᠢ ᠵᠠᠷᠯᠠᠨ ᠮᠡᠳᠡᠭᠳᠡᠵᠦ᠂ ᠠᠵᠤ ᠠᠬᠤᠶᠢᠯᠠᠯ ᠢ ᠭᠡᠳᠡᠷᠭᠦ ᠰᠢᠬᠠᠮᠳᠠᠭᠤᠯᠵᠤ ᠪᠠᠶᠢᠭᠠᠳ ᠦᠢᠯᠡᠴᠢᠯᠡᠭᠡᠨ ᠤ ᠶᠠᠰᠤ ᠴᠢᠨᠠᠷ ᠢ ᠨᠢ ᠳᠡᠭᠡᠭᠰᠢᠯᠡᠭᠦᠯᠪᠡ᠃ ᠬᠤᠶᠠᠷ ᠲᠤ᠂ ᠠᠳᠠᠯ ᠠᠬᠤᠢ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠂ ᠴᠢᠭᠯᠡᠯᠳᠦ ᠴᠢᠨᠠᠷᠲᠠᠢ ᠪᠠᠷ 25 ᠵᠦᠢᠯ ᠤᠨ ᠪᠠᠶᠢᠴᠠᠭᠠᠯᠲᠠ ᠶᠢᠨ ᠠᠭᠤᠯᠭ᠎ᠠ ᠶᠢ ᠲᠣᠭᠲᠠᠭᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠪᠠᠷᠢᠮᠵᠢᠶᠠᠳᠦ ᠪᠠᠶᠢᠭᠤᠯᠤᠯᠲᠠ᠂ ᠠᠳᠠᠯ ᠠᠬᠤᠢ ᠶᠢᠨ ᠡᠷᠦᠢ ᠬᠤᠷᠤᠢ ᠦᠭᠡᠢ ᠦᠵᠡᠭᠳᠡᠯ ᠢ ᠲᠤᠰᠬᠠᠢ ᠴᠡᠭᠴᠡᠯᠡᠨ ᠵᠠᠰᠠᠬᠤ ᠶᠢ ᠦᠷᠨᠢᠭᠦᠯᠪᠡ᠃ 2454 ᠲᠥᠷᠥᠯ ᠵᠦᠢᠯ ᠤᠨ ᠠᠳᠠᠯ ᠠᠬᠤᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢ ᠰᠢᠮᠳᠠᠭᠤᠯᠵᠤ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠠᠳᠠᠯ ᠠᠬᠤᠢ ᠶᠢᠨ ᠠᠵᠤ ᠠᠬᠤᠶᠢᠯᠠᠯ ᠲᠠᠢ ᠪᠣᠯᠵᠣᠨ ᠶᠠᠷᠢᠯᠴᠠᠵᠤ᠂ ᠠᠳᠠᠯ ᠠᠬᠤᠢ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠷᠠᠭᠤᠯᠪᠠ᠃       ᠭᠤᠷᠪᠠᠨ ᠲᠣᠭᠲᠠᠴᠠ᠄ ︽ᠭᠤᠯᠳᠤ᠂ ᠬᠥᠨᠳᠡᠯᠡᠨ᠂ ᠬᠤᠯᠪᠣᠭᠠᠯᠠᠬᠤ︾ ᠪᠥᠬᠦ ᠲᠠᠯ᠎ᠠ ᠪᠠᠷ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ ᠨᠢᠭᠡ ᠳᠤ᠂ ᠬᠤᠲᠠ ᠠᠴᠠ ᠨᠢᠭᠡᠳᠦᠯᠲᠡᠢ ᠲᠥᠯᠥᠪᠯᠡᠨ ᠪᠠᠶᠢᠷᠢᠯᠠᠭᠤᠯᠤᠭᠰᠠᠨ᠂ ᠬᠤᠰᠢᠭᠤ ᠰᠢᠶᠠᠨ ᠲᠣᠭᠤᠷᠢᠭ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ᠂ ᠵᠡᠭᠡᠯᠢ ᠭᠤᠳᠤᠮᠵᠢ ᠠᠴᠠ ᠠᠬᠢᠭᠤᠯᠤᠨ ᠨᠠᠶᠢᠳᠠᠪᠤᠷᠢᠵᠢᠭᠤᠯᠤᠭᠰᠠᠨ ᠭᠤᠯᠳᠤ ᠪᠠᠷ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ︽ᠬᠤᠲᠠ᠂ ᠬᠤᠰᠢᠭᠤ ᠰᠢᠶᠠᠨ ᠲᠣᠭᠤᠷᠢᠭ᠂ ᠵᠡᠭᠡᠯᠢ ᠭᠤᠳᠤᠮᠵᠢ ︵ᠰᠢᠶᠠᠩ ᠪᠠᠯᠭᠠᠰᠤ︶᠂ ᠨᠡᠶᠢᠭᠡᠮ ᠲᠣᠭᠤᠷᠢᠭ    ᠳᠥᠷᠪᠡᠨ ᠱᠠᠲᠤᠨ ᠤ ᠬᠠᠷᠢᠭᠤᠴᠠᠯᠭ᠎ᠠ ᠶᠢᠨ ᠰᠢᠰᠲ᠋ᠧᠮᠵᠢ︾ ᠶᠢ ᠨᠠᠶᠢᠳᠠᠪᠦᠷᠢᠵᠢᠭᠤᠯᠪᠠ᠃ ᠬᠤᠶᠠᠷ ᠲᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠥᠨᠳᠡᠯᠡᠨ ᠢᠶᠠᠷ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ︽ᠬᠥᠬᠡᠬᠤᠲᠠ ᠶᠢᠨ ᠣᠷᠣᠨ ᠰᠠᠭᠤᠴᠠ ᠶᠢᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠢᠶᠠᠷ ᠳᠠᠮᠵᠢᠭᠤᠯᠤᠨ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ᠂ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠵᠡᠷᠭᠡ 9 ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠤᠰᠤ᠂ ᠴᠠᠬᠢᠯᠭᠠᠨ᠂ ᠬᠡᠢ᠂ ᠢᠯᠴᠢ ᠬᠠᠩᠭᠠᠬᠤ᠂ ᠴᠢᠮᠡᠭᠡ ᠬᠤᠯᠪᠣᠭ᠎ᠠ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠠᠵᠤ ᠠᠬᠤᠶᠢᠯᠠᠯ ᠯᠤᠭ᠎ᠠ ᠨᠢᠭᠲᠠ ᠵᠣᠬᠢᠴᠠᠭᠤᠯᠤᠨ ᠬᠠᠮᠵᠢᠯᠴᠠᠵᠤ᠂ ᠡᠯ᠎ᠡ ᠲᠥᠷᠥᠯ ᠤᠨ ᠠᠳᠠᠯ ᠠᠬᠤᠢ ᠶᠢᠨ ᠵᠥᠷᠢᠴᠡᠯ ᠵᠢᠭᠤᠷᠠᠯᠳᠤᠭᠠᠨ ᠢ ᠬᠦᠴᠦ ᠪᠠᠨ ᠬᠠᠮᠲᠤᠳᠬᠠᠨ ᠰᠢᠢᠳᠪᠦᠷᠢᠯᠡᠪᠡ᠃ ᠭᠤᠷᠪᠠ ᠳᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠰᠠᠭᠤᠭᠠᠯᠢ ᠠᠷᠠᠳ ᠤᠨ ᠵᠥᠪᠯᠡᠯ᠂ ᠠᠵᠢᠯ ᠦᠢᠯᠡᠰ ᠤᠨ ᠵᠥᠪᠯᠡᠯ ︵ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ︶᠂ ᠠᠳᠠᠯ ᠠᠬᠤᠢ ᠶᠢᠨ ᠦᠢᠯᠡᠴᠢᠯᠡᠭᠡᠨ ᠤ ᠠᠵᠢᠯᠲᠠᠨ ᠤ ᠬᠠᠮᠲᠤ ᠪᠠᠷ ᠣᠷᠣᠯᠴᠠᠭᠰᠠᠨ ᠬᠠᠮᠲᠤᠷᠠᠭᠰᠠᠨ ᠬᠤᠷᠠᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠨ᠂ ᠰᠠᠭᠤᠭᠠᠯᠢ ᠠᠷᠠᠳ ᠤᠨ ᠰᠡᠳᠬᠢᠯ ᠲᠠᠯᠪᠢᠵᠤ ᠪᠠᠶᠢᠭ᠎ᠠ ᠰᠠᠨᠠᠭᠠᠰᠢᠷᠠᠨ ᠵᠣᠪᠠᠭ᠋ᠤ ᠶᠠᠪᠤᠳᠠᠯ᠂ ᠪᠤᠬᠢᠨᠢᠳᠤᠬᠤ ᠶᠠᠪᠤᠳᠠᠯ ᠢ ᠪᠦᠲᠦᠮᠵᠢᠲᠡᠶ ᠰᠢᠢᠳᠪᠦᠷᠢᠯᠡᠵᠦ᠂ ᠰᠠᠭᠤᠭᠠᠯᠢ ᠠᠷᠠᠳ ᠤᠨ ᠲᠣᠭᠤᠷᠢᠭ ᠲᠤ ᠪᠠᠭ᠎ᠠ ᠶᠠᠪᠤᠳᠠᠯ ᠭᠠᠷᠬᠤ ᠦᠭᠡᠢ᠂ ᠨᠡᠶᠢᠭᠡᠮ ᠲᠣᠭᠤᠷᠢᠭ‌‍ᠲ᠋ᠤ ᠶᠡᠭᠡ ᠶᠠᠪᠤᠳᠠᠯ ᠭᠠᠷᠬᠤ ᠦᠭᠡᠢ ᠪᠠᠶᠢᠬᠤ ᠶᠢ ᠪᠡᠶᠡᠯᠡᠭᠦᠯᠪᠡ᠃ 3 ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠬᠠᠷᠢᠭᠤᠴᠠᠯᠭ᠎ᠠ ᠶᠢᠨ ᠬᠤᠯᠪᠤᠭᠠᠯᠠᠨ ᠬᠥᠳᠡᠯᠦᠯᠴᠡᠬᠦ᠂ ᠵᠣᠬᠢᠶᠠᠨ ᠪᠠᠶᠢᠭᠤᠯᠤᠯᠲᠠ ᠶᠢᠨ ᠬᠤᠯᠪᠤᠭᠠᠯᠠᠨ ᠣᠷᠣᠯᠴᠠᠬᠤ᠂ ᠡᠬᠢ ᠪᠠᠶᠠᠯᠢᠭ ᠤᠨ ᠬᠤᠯᠪᠤᠭᠠᠯᠠᠨ ᠡᠳ᠋ᠯᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠪᠦᠲᠦᠮᠵᠢᠲᠡᠶ  ᠲᠡᠭᠡᠭᠰᠢᠯᠡᠭᠦᠯᠪᠡ᠃      ᠲᠦᠷᠪᠡᠨ ᠳᠡᠭᠡᠭᠰᠢᠯᠡᠯᠲᠡ᠄ ᠠᠵᠢᠯ ᠲᠥᠷᠥᠯ ᠤᠨ ᠣᠯᠠᠨ ᠬᠡᠮᠵᠢᠯᠲᠡ ᠲᠣᠭᠲᠠᠭᠰᠠᠨ ᠴᠢᠭᠯᠡᠯ ᠢᠶᠠᠷ ᠬᠥᠭᠵᠢᠯᠲᠡ ᠶᠢᠨ ᠬᠠᠷᠠᠯᠲᠠ ᠶᠢ ᠲᠤᠭᠳᠠᠭᠠᠪᠠ      ᠨᠢᠭᠡ ᠳᠤ᠂ ᠠᠵᠢᠯ ᠲᠦᠷᠦᠯ ᠤᠨ ᠨᠠᠮ ᠤᠨ ᠪᠠᠶᠢᠭᠤᠯᠤᠯᠲᠠ ᠶᠢᠨ ᠲᠦᠪᠰᠢᠨ ᠢ ᠬᠦᠴᠦᠯᠡᠨ ᠲᠡᠭᠡᠭᠰᠢᠯᠡᠭᠦᠯᠪᠡ᠂ ᠬᠤᠳᠠ ᠶᠢᠨ ᠲᠣᠭᠤᠷᠢᠭ ᠲᠤ ᠡᠵᠡᠩᠨᠡᠯᠲᠡ ᠬᠠᠮᠢᠶᠠᠷᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ ᠪᠠᠶᠢᠭ᠎ᠠ 514 ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠨᠠᠮ ᠤᠨ ᠵᠣᠬᠢᠶᠠᠨ ᠪᠠᠶᠢᠭᠤᠯᠤᠯᠲᠠ ᠶᠢ ᠲᠤᠰᠠᠭᠠᠷ ᠪᠠᠶᠢᠭᠤᠯᠬᠤ ᠪᠤᠶᠤ ᠬᠠᠮᠲᠤᠷᠠᠨ ᠪᠠᠶᠢᠭᠤᠯᠬᠤ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠳᠤ ᠣᠷᠣᠭᠤᠯᠤᠨ ᠬᠠᠮᠢᠶᠠᠷᠬᠤ᠂ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠤᠭᠴᠢ ᠶᠢ ᠰᠣᠩᠭᠤᠨ ᠲᠣᠮᠢᠯᠠᠬᠤ ᠵᠡᠷᠭᠡ ᠠᠷᠭ᠎ᠠ ᠬᠡᠯᠪᠡᠷᠢ ᠪᠠᠷ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠪᠦᠷᠬᠦᠭᠦᠯᠬᠦ ᠶᠢ ᠪᠡᠶᠡᠯᠡᠭᠦᠯᠪᠡ᠃ ︽ᠬᠤᠪᠢᠰᠬᠠᠯᠲᠤ ᠠᠳᠠᠯ ᠠᠬᠤᠢ︾ ᠶᠢᠨ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠨᠢᠭᠡᠨᠲᠡ 17 ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ᠂ 3 ᠤᠯᠤᠰ ᠤᠨ ᠲᠠᠰ ᠤᠨ ︽ᠰᠠᠶᠢᠨ ᠰᠠᠶᠢᠬᠠᠨ ᠭᠡᠷ ᠣᠷᠣᠨ︾ ᠤ ᠵᠢᠱᠢᠶ᠎ᠡ ᠦᠵᠡᠭᠦᠯᠬᠦ ᠲᠥᠷᠥᠯ ᠵᠦᠢᠯ ᠢ ᠪᠣᠶ ᠪᠣᠯᠭᠠᠪᠠ ᠃ ᠬᠤᠶᠠᠷ ᠲᠤ᠂ ᠠᠳᠠᠯ ᠠᠬᠤᠢ ᠶᠢᠨ ᠦᠢᠯᠡᠴᠢᠯᠡᠭᠡᠨ ᠤ ᠬᠠᠮᠤᠷᠬᠤ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠪᠡ ᠂ 2023 ᠣᠨ ᠳᠤ ᠠᠵᠢᠯ ᠦᠢᠯᠡᠰ ᠤᠨ ᠵᠥᠪᠯᠡᠯ ︵ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ︶ ᠤᠨ ᠪᠠᠶᠢᠭᠤᠯᠬᠤ ᠶᠣᠰᠣᠲᠠᠢ ᠪᠦᠬᠦᠨ ᠢ ᠪᠠᠶᠢᠭᠤᠯᠬᠤ ᠪᠠ ᠠᠳᠠᠯ ᠠᠬᠤᠢ ᠦᠭᠡᠢ ᠰᠠᠭᠤᠭᠠᠯᠢ ᠠᠷᠠᠳ ᠤᠨ ᠲᠣᠭᠤᠷᠢᠭ ᠢ ᠬᠥᠳᠡᠯᠦᠩᠭᠦᠢ ᠪᠠᠷ ᠦᠭᠡᠶᠢᠰᠭᠡᠬᠦ ᠶᠢ ᠭᠤᠣᠯᠳᠠᠯᠭ᠎ᠠ ᠲᠠᠢ ᠲᠦᠯᠬᠢᠨ ᠠᠬᠢᠭᠤᠯᠬᠤ ᠶᠢᠨ ᠬᠠᠮᠲᠤ ᠨᠡᠶᠢᠭᠡᠮ ᠲᠣᠭᠤᠷᠢᠭ ᠤᠨ ᠰᠠᠭᠤᠷᠢ ᠶᠢ ᠪᠠᠲᠤᠯᠠᠬᠤ ᠰᠠᠭᠤᠭᠠᠯᠢ ᠠᠷᠠᠳ ᠤᠨ ᠲᠣᠭᠤᠷᠢᠭ ᠢ ᠲᠤᠰᠬᠠᠶᠢᠵᠢᠭᠰᠠᠨ ᠠᠳᠠᠯ ᠠᠬᠤᠢ ᠶᠢᠨ ᠬᠠᠮᠢᠶᠠᠷᠤᠯᠲᠠ ᠳᠠᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠤᠨ᠎ᠠ᠃ ᠭᠤᠷᠪᠠ ᠳᠤ᠂ ᠬᠤᠳᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠲᠠᠢ ᠤᠶᠠᠯᠳᠤᠭᠤᠯᠵᠤ᠂ ᠬᠠᠲᠠᠭᠤᠷᠠᠭᠤᠯᠬᠤ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠭᠡᠷ ᠤᠨ ᠤᠷᠤᠢ ᠶᠢᠨ ᠤᠰᠤ ᠰᠡᠷᠭᠡᠶᠢᠯᠡᠬᠦ᠂ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ᠂ ᠨᠣᠭᠤᠭᠠᠷᠠᠭᠤᠯᠵᠤ ᠭᠤᠶᠣᠵᠢᠭᠤᠯᠬᠤ ᠶᠢ ᠬᠡᠷᠡᠭᠵᠢᠭᠦᠯᠵᠦ᠂ ᠭᠠᠯ ᠤᠨᠲᠠᠷᠠᠭᠠᠬᠤ ᠲᠥᠬᠦᠭᠡᠷᠦᠮᠵᠢ᠂ ᠬᠠᠷᠰᠢ ᠰᠠᠭᠠᠳ ᠦᠭᠡᠢ ᠲᠥᠬᠦᠭᠡᠷᠦᠮᠵᠢ ᠵᠡᠷᠭᠡ ᠶᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠪᠡ᠃ ᠳᠥᠷᠪᠡ ᠳᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠠᠳᠠᠯ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ᠂ ᠥᠮᠴᠢᠲᠡᠨ ᠤ ᠬᠠᠨᠤᠮᠵᠢ ᠶᠢᠨ ᠬᠡᠮᠵᠢᠶ᠎ᠡ ᠶᠢ ᠦᠨᠡᠯᠡᠬᠦ ᠲᠠᠪᠴᠠᠩ᠂ ᠥᠮᠴᠢᠲᠡᠨ ᠤ ᠡᠯᠧᠺᠲᠷᠣᠨ ᠪᠢᠯᠧᠲ ᠥᠭᠬᠦ ᠰᠢᠰᠲ᠋ᠧᠮ ᠢ ᠪᠠᠶᠢᠭᠤᠯᠵᠤ᠂ ᠰᠠᠨᠠᠯ ᠢ ᠬᠠᠷᠢᠭᠤ ᠲᠤᠰᠬᠠᠬᠤ ᠠᠷᠭ᠎ᠠ ᠵᠠᠮ ᠢ ᠰᠢᠯᠤᠭᠤᠳᠬᠠᠪᠠ᠃ ︽ᠠᠳᠠᠯ ᠠᠬᠤᠢ ᠶᠢᠨ ᠬᠠᠤᠯᠢ ᠴᠠᠭᠠᠵᠠ ᠶᠢᠨ ᠲᠦᠭᠡᠮᠡᠯᠵᠢᠭᠦᠯᠦᠯᠲᠡ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠠᠷᠠᠳ ᠤᠨ ᠲᠥᠯᠥᠭᠡ ᠬᠦᠴᠢᠷ ᠵᠣᠪᠠᠯᠠᠩ ᠢ ᠰᠢᠢᠳᠪᠦᠷᠢᠯᠡᠵᠦ ᠥᠭᠬᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠮᠴᠢᠲᠡᠨ ᠢ ᠬᠥᠲᠥᠯᠥᠨ ᠵᠢᠯᠤᠭᠤᠳᠴᠤ ᠪᠠᠶᠢᠭᠠᠳ ᠥᠮᠴᠢᠲᠡᠨ ᠤ ᠡᠷᠬᠡ ᠶᠢ ᠢᠳᠡᠪᠬᠢᠲᠡᠢ ᠬᠡᠷᠡᠭᠵᠢᠭᠦᠯᠦᠨ᠂ ᠠᠳᠠᠯ ᠠᠬᠤᠢ ᠶᠢᠨ ᠵᠢᠷᠤᠮᠵᠢᠯ ᠲᠠᠢ ᠠᠵᠢᠯᠯᠠᠬᠤ ᠶᠢ ᠰᠢᠮᠳᠠᠭᠤᠯᠵᠤ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠲᠡᠭᠡᠭᠰᠢᠯᠡᠭᠦᠯᠪᠡ᠃ ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠰᠠᠭᠤᠭᠠᠯᠢ ᠠᠷᠠᠳ ᠤᠨ ᠲᠣᠭᠤᠷᠢᠭ ᠬᠢᠭᠡᠳ ᠠᠳᠠᠯ ᠠᠬᠤᠢ ᠶᠢᠨ ᠬᠠᠮᠢᠶᠠᠷᠤᠯᠲᠠ ᠶᠢᠨ ᠭᠠᠵᠠᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1