ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠤᠩᠭᠤᠯ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/2/2
      ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠡᠯ᠎ᠡ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ᠄      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠨᠠᠶᠢᠳᠠᠪᠦᠷᠢᠵᠢᠭᠤᠯᠵᠦ᠂ ᠠᠳᠠᠯᠢ ᠪᠤᠰᠤ ᠦᠮᠴᠢᠯᠡᠯᠳᠦ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠵᠦᠢ ᠵᠣᠬᠢᠰᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡ ᠠᠳᠠᠯᠢ ᠪᠠᠷ ᠬᠠᠩᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ︵ᠳᠣᠷᠣᠭᠰᠢ ᠵᠣᠬᠢᠴᠠᠭᠤᠯᠬᠤ ᠲᠣᠭᠲᠠᠴᠠ ᠭᠡᠵᠦ ᠲᠣᠪᠴᠢᠯᠠᠨ᠎ᠠ︶ ᠶᠢ ᠪᠠᠶᠢᠭᠤᠯᠬᠤ ᠲᠤᠬᠠᠢ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠮᠡᠳᠡᠭᠳᠡᠯ ᠤᠨ ᠱᠠᠭᠠᠷᠳᠠᠯᠭ᠎ᠠ ᠶᠢ ᠨᠠᠶᠢᠳᠠᠪᠦᠷᠢᠵᠢᠭᠤᠯᠬᠤ ᠶᠢᠨ ᠲᠦᠯᠦᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠥᠪᠡᠷᠲᠡᠭᠡᠨ ᠵᠠᠰᠠᠬᠤ ᠣᠷᠣᠨ ᠤ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠤᠶᠠᠷ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠠᠮᠲᠤᠪᠠᠷ ᠶᠡᠷᠦᠩᠬᠡᠢ ᠵᠣᠬᠢᠴᠠᠭᠤᠯᠤᠭᠴᠢ ᠪᠣᠯᠵᠤ᠂ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠥᠬᠦᠳ ᠳᠡᠳ᠋ ᠵᠣᠬᠢᠴᠠᠭᠤᠯᠤᠭᠴᠢ ᠪᠣᠯᠵᠤ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠵᠣᠬᠢᠴᠠᠭᠤᠯᠬᠤ ᠲᠣᠭᠲᠠᠴᠠ ᠶᠢᠨ ᠭᠤᠣᠯ ᠡᠭᠦᠷᠭᠡ ᠪᠣᠯ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠡᠯ᠎ᠡ ᠠᠶᠢᠮᠠᠭ ᠬᠤᠲᠠ ᠶᠢᠨ ᠵᠣᠬᠢᠴᠠᠭᠤᠯᠬᠤ ᠲᠣᠭᠲᠠᠴᠠ ᠶᠢᠨ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤᠨᠢ ᠬᠢᠨᠠᠨ ᠪᠠᠶᠢᠴᠠᠭᠠᠵᠤ᠂ ᠡᠯ᠎ᠡ ᠠᠶᠢᠮᠠᠭ ᠬᠤᠲᠠ ᠶᠢᠨ ᠵᠣᠬᠢᠴᠠᠭᠤᠯᠬᠤ ᠲᠣᠭᠲᠠᠴᠠ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠠᠶᠢᠮᠠᠭ ᠬᠤᠲᠠ ᠶᠢᠨ ᠵᠣᠬᠢᠴᠠᠭᠤᠯᠬᠤ ᠲᠣᠭᠲᠠᠴᠠ ᠶᠢᠨ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠣᠯᠭᠠᠭᠤᠯᠤᠨ ᠵᠣᠬᠢᠴᠠᠭᠤᠯᠬᠤ ᠬᠤᠷᠠᠯ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ᠎ᠠ᠃      ᠬᠤᠶᠠᠷ᠂ ᠠᠶᠢᠮᠠᠭ ᠬᠤᠳᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ      ᠡᠯ᠎ᠡ ᠭᠠᠵᠠᠷ ᠣᠷᠣᠨ ᠨᠤᠭᠤᠳ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠥᠬᠦᠳ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠲᠣᠮᠢᠯᠠᠭᠰᠠᠨ ᠪᠠᠶᠢᠭᠤᠯᠤᠮᠵᠢ ᠵᠡᠷᠭᠡ ᠨᠢᠭᠡᠴᠢ ᠶᠢᠨ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠵᠣᠬᠢᠴᠠᠭᠤᠯᠬᠤ ᠲᠣᠭᠲᠠᠴᠠ ᠶᠢᠨ ᠭᠤᠣᠯ ᠡᠭᠦᠷᠭᠡ ᠪᠣᠯ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠤᠳᠠᠯᠳᠤᠭᠠᠨ ᠤ ᠪᠠᠩᠬᠢ ᠶᠢᠨ ᠬᠤᠭᠤᠷᠣᠨᠳᠣᠬᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠣᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠭᠤᠣᠯᠳᠠᠯᠭ᠎ᠠ ᠲᠠᠢ ᠵᠣᠬᠢᠴᠠᠭᠤᠯᠤᠨ ᠰᠢᠢᠳᠪᠦᠷᠢᠯᠡᠨ᠎ᠡ᠃ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠤᠳᠠᠯᠳᠤᠭᠠᠨ ᠤ ᠪᠠᠩᠬᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠣᠷᠣᠯᠴᠠᠭᠰᠠᠨ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠳᠦᠷᠢᠮ ᠢᠶᠠᠷ ᠵᠠᠰᠠᠭ ᠪᠠᠩᠬᠢ ᠠᠵᠤ ᠠᠬᠤᠶᠢᠯᠠᠯ ᠤᠨ ᠨᠡᠪᠲᠡᠷᠡᠯᠴᠡᠵᠦ ᠵᠣᠯᠭᠠᠭᠤᠯᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠡᠷᠬᠡ ᠲᠡᠭᠰᠢ ᠪᠠᠷ ᠵᠥᠪᠳᠡᠯᠴᠡᠬᠦ ᠶᠢ ᠵᠢᠯᠤᠭᠤᠳᠴᠤ᠂ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ ᠪᠡᠶ᠎ᠡ ᠪᠠᠨ ᠳᠠᠭᠠᠭᠠᠵᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠦᠨ᠎ᠡ᠃      ᠭᠤᠷᠪᠠ᠂ ᠲᠥᠷᠥᠯ ᠵᠦᠢᠯ ᠤᠨ ᠨᠡᠷᠡᠰ ᠢ ᠰᠢᠭᠰᠢᠨ ᠰᠤᠩᠭᠤᠵᠤ ᠬᠦᠷᠭᠡᠨ᠎ᠡ      ᠡᠯ᠎ᠡ ᠭᠠᠵᠠᠷ ᠣᠷᠣᠨ ᠤ ᠵᠣᠬᠢᠴᠠᠭᠤᠯᠬᠤ ᠲᠣᠭᠲᠠᠴᠠ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠵᠢᠴᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠬᠢᠷᠢ ᠴᠢᠳᠠᠮᠵᠢ᠂ ᠢᠲᠡᠭᠡᠮᠵᠢ᠂ ᠡᠳ᠋ ᠤᠨ ᠶᠠᠪᠤᠳᠠᠯ ᠵᠡᠷᠭᠡ ᠶᠢᠨ ᠪᠠᠶᠢᠳᠠᠯ ᠢ ᠦᠨᠳᠦᠰᠦᠯᠡᠨ᠂ ᠡᠷᠬᠡ ᠲᠡᠭᠰᠢ ᠲᠥᠪ ᠭᠤᠥᠯᠴᠢ ᠪᠠᠶᠢᠬᠤ ᠵᠠᠷᠴᠢᠮ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠠᠷ ᠪᠦᠯᠦᠭ ᠬᠤᠪᠢᠶᠠᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ ᠪᠣᠯᠬᠤ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠨᠡᠷᠡᠰ ᠢ ᠨᠡᠶᠢᠲᠡᠯᠡᠵᠦ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠭᠡᠨ ᠥᠭᠴᠦ᠂ ᠨᠢᠭᠡ ᠪᠦᠯᠦᠭ ᠪᠣᠯᠪᠠᠰᠤᠷᠠᠩᠭᠤᠢ ᠪᠣᠯᠪᠠᠯ ᠨᠢᠭᠡ ᠪᠦᠯᠦᠭ ᠢ ᠬᠦᠷᠭᠡᠨ ᠦᠭᠭᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ ᠨᠡᠷᠡᠰ ᠤᠨ ᠳᠣᠲᠣᠷᠠᠬᠢ ᠲᠥᠷᠥᠯ ᠵᠦᠢᠯ ᠳᠤ ᠦᠨᠡᠯᠡᠯᠳᠡ ᠬᠢᠭᠰᠡᠨ ᠤ ᠳᠠᠷᠠᠭ᠎ᠠ ᠪᠡᠯᠡ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠬᠦ ᠡᠰᠡᠬᠦ ᠶᠢ ᠲᠣᠭᠲᠠᠭᠠᠵᠤ᠂ ᠦᠨᠡᠯᠡᠯᠳᠡ ᠪᠠᠷ ᠳᠡᠮᠵᠢᠨ ᠪᠡᠯᠡ ᠲᠣᠬᠢᠷᠠᠭᠤᠯᠭ᠎ᠠ ᠬᠢᠵᠦ ᠳᠡᠶᠢᠯᠬᠦ ᠦᠭᠡᠢ ᠲᠥᠷᠥᠯ ᠵᠦᠢᠯ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠵᠣᠬᠢᠴᠠᠭᠤᠯᠬᠤ ᠲᠣᠭᠲᠠᠴᠠ ᠳᠤ ᠲᠣᠳᠣᠷᠬᠠᠶᠢᠯᠠᠯᠲᠠ ᠬᠢᠨ᠎ᠡ᠃ 1 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠨᠥᠬᠦᠴᠡᠯ ᠪᠦᠷᠢᠳᠦᠭᠰᠡᠨ ᠠᠶᠢᠮᠠᠭ ᠬᠤᠲᠠ ᠨᠢ ᠨᠢᠭᠡᠳᠦᠭᠡᠷ ᠪᠦᠯᠦᠭ ᠤᠨ ᠲᠥᠷᠥᠯ ᠵᠦᠢᠯ ᠤᠨ ᠨᠡᠷᠡᠰ ᠢ ᠳᠡᠪᠰᠢᠭᠦᠯᠦᠨ᠎ᠡ︔ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠠᠶᠢᠮᠠᠭ ᠬᠤᠲᠠ ᠨᠤᠭᠤᠳ ᠬᠤᠶᠠᠳᠤᠭᠠᠷ ᠪᠦᠯᠦᠭ ᠤᠨ ᠲᠥᠷᠥᠯ ᠵᠦᠢᠯ ᠤᠨ ᠨᠡᠷᠡᠰ ᠢ ᠳᠡᠪᠰᠢᠭᠦᠯᠦᠨ᠎ᠡ᠃       ᠳᠥᠷᠪᠡ᠂ ᠵᠦᠢ ᠵᠣᠬᠢᠰᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠶᠢ ᠬᠠᠩᠭᠠᠨ᠎ᠠ      ᠡᠯ᠎ᠡ ᠭᠠᠵᠠᠷ ᠣᠷᠣᠨ ᠤ ᠵᠣᠬᠢᠴᠠᠭᠤᠯᠬᠤ ᠲᠣᠭᠲᠠᠴᠠ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ ᠵᠣᠬᠢᠴᠠᠭᠤᠯᠬᠤ ᠲᠣᠭᠲᠠᠴᠠ ᠶᠢᠨ ᠬᠦᠷᠭᠡᠭᠰᠡᠨ ᠳᠡᠮᠵᠢᠬᠦ ᠡᠲᠡᠭᠡᠳ ᠲᠤ ᠦᠨᠡᠯᠡᠯᠳᠡ ᠬᠢᠨ᠎ᠡ᠃ ᠬᠡᠪ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ᠂ ᠪᠡᠷᠢᠴᠠᠭᠠᠨ ᠤ ᠡᠳ᠋ ᠭᠦᠢᠴᠡᠳ᠂ ᠡᠳ᠋ ᠬᠥᠷᠥᠩᠭᠡ ᠶᠢᠨ ᠥᠷᠢ ᠥᠭᠴᠡᠭᠡ ᠵᠦᠢ ᠵᠣᠬᠢᠰᠲᠠᠢ᠂ ᠵᠣᠭᠤᠰ ᠪᠤᠴᠠᠭᠠᠬᠤ ᠢᠷᠡᠯᠲᠡ ᠨᠢ ᠪᠠᠲᠤᠯᠠᠭ᠎ᠠ ᠲᠠᠢ ᠲᠥᠷᠥᠯ ᠵᠦᠢᠯ ᠳᠤ ᠢᠲᠡᠭᠡᠮᠵᠢ ᠣᠯᠭᠤᠬᠤ ᠰᠠᠭᠠᠳ ᠦᠭᠡᠢ ᠨᠡᠪᠲᠡᠷᠡᠬᠦ ᠵᠠᠮ ᠢ ᠤᠯᠭᠤᠵᠤ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠵᠦᠢ ᠵᠣᠬᠢᠰᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠢ ᠬᠠᠩᠭᠠᠨ᠎ᠠ︔ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ ᠲᠦᠷ ᠴᠠᠭ ᠬᠦᠴᠢᠷᠳᠡᠯ ᠳᠤ ᠲᠤᠯᠭᠠᠷᠠᠭᠰᠠᠨ ᠪᠣᠯᠪᠠᠴᠤ ᠪᠡᠯᠡ ᠮᠥᠩᠭᠦ ᠨᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ ᠲᠥᠷᠥᠯ ᠵᠦᠢᠯ ᠳᠤ ᠰᠣᠬᠤᠷ ᠪᠠᠯᠠᠢ ᠪᠠᠷ ᠵᠢᠭᠡᠯᠡᠯᠭᠡ ᠵᠤᠭᠰᠤᠭᠠᠬᠤ ᠦᠭᠡᠢ᠂ ᠵᠢᠭᠡᠯᠡᠯᠭᠡ ᠶᠢ ᠲᠠᠰᠤᠯᠳᠠᠭᠤᠯᠬᠤ ᠦᠭᠡᠢ᠂ ᠵᠢᠭᠡᠯᠡᠯᠭᠡ ᠶᠢ  ᠪᠠᠭᠠᠰᠬᠠᠬᠤ ᠦᠭᠡᠢ ᠪᠠᠶᠢᠵᠤ᠂ ᠦᠯᠡᠳᠡᠭᠡᠯ ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠬᠤ᠂ ᠵᠢᠭᠡᠯᠡᠯᠭᠡ ᠪᠤᠴᠠᠭᠠᠬᠤ ᠲᠣᠬᠢᠷᠠᠭᠤᠯᠤᠯᠲᠠ ᠳᠤ ᠲᠣᠬᠢᠷᠠᠭᠤᠯᠤᠯᠲᠠ ᠬᠢᠬᠦ᠂ ᠵᠢᠭᠡᠯᠡᠯᠭᠡ ᠶᠢ ᠰᠢᠨ᠎ᠡ ᠪᠠᠷ ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠳᠡᠮᠵᠢᠯᠭᠡ ᠦᠵᠡᠭᠦᠯᠦᠨ᠎ᠡ᠃ ᠡᠭᠦᠨ ᠤ ᠵᠡᠷᠭᠡᠴᠡᠭᠡᠪᠡᠷ᠂ ᠵᠢᠭᠡᠯᠡᠯᠭᠡ ᠶᠢᠨ ᠪᠡᠯᠡ ᠮᠥᠩᠭᠦ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠭᠠᠵᠠᠷ ᠬᠤᠳᠠᠯᠳᠤᠨ ᠠᠪᠬᠤ ᠪᠤᠶᠤ ᠪᠤᠰᠤᠳ ᠪᠡᠯᠡ ᠣᠷᠣᠭᠤᠯᠤᠯᠲᠠ ᠳᠤ ᠨᠡᠭᠦᠯᠭᠡᠨ ᠬᠡᠷᠡᠭᠯᠡᠬᠦ ᠶᠢ ᠴᠢᠩᠭ᠎ᠠ ᠰᠡᠷᠭᠡᠶᠢᠯᠡᠨ᠎ᠡ᠃      ᠲᠠᠪᠤ᠂ ᠪᠡᠯᠡ ᠲᠣᠬᠢᠷᠠᠭᠤᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠨ᠎ᠡ      ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠲᠥᠷᠥᠯ ᠵᠦᠢᠯ ᠢ ᠪᠣᠷᠣᠯᠠᠭᠤᠯᠬᠤ᠂ ᠦᠯᠡᠳᠡᠭᠡᠯ ᠡᠳ᠋ ᠬᠥᠷᠥᠩᠭᠡ ᠶᠢ ᠰᠢᠢᠳᠪᠦᠷᠢᠯᠡᠬᠦ᠂ ᠪᠡᠯᠡ ᠣᠷᠣᠭᠤᠯᠤᠭᠴᠢ ᠶᠢ ᠣᠷᠣᠭᠤᠯᠤᠨ ᠠᠪᠴᠢᠷᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠰ ᠪᠡᠶ᠎ᠡ ᠶᠢᠨ ᠪᠡᠯᠡᠨ ᠵᠣᠭᠤᠰ ᠤᠨ ᠭᠦᠢᠯᠭᠡᠭᠡᠨ ᠢᠶᠠᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢ ᠥᠭᠴᠡᠭᠡ᠂ ᠪᠣᠷᠣᠯᠠᠭᠤᠯᠤᠨ ᠡᠵᠡᠩᠨᠡᠵᠦ ᠪᠠᠶᠢᠭ᠎ᠠ ᠵᠡᠷᠭᠡ ᠪᠠᠶᠢᠳᠠᠯ ᠢᠶᠠᠨ ᠬᠠᠤᠯᠢ ᠶᠣᠰᠣᠭᠠᠷ ᠦᠨᠡᠨ ᠪᠣᠳᠠᠲᠠᠢ ᠪᠠᠷ ᠲᠤᠰᠬᠠᠬᠤ ᠶᠢ ᠰᠢᠮᠳᠠᠭᠤᠯᠵᠤ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠲᠣᠭᠲᠠᠭᠠᠯ ᠳᠤ ᠨᠡᠶᠢᠴᠡᠭᠦᠯᠦᠨ ᠬᠡᠷᠡᠭᠯᠡᠵᠦ᠂ ᠪᠠᠩᠬᠢ ᠪᠠ ᠠᠵᠤ ᠠᠬᠤᠶᠢᠯᠠᠯ ᠤᠨ ᠢᠲᠡᠭᠡᠯᠴᠡᠭᠡ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠤ ᠵᠣᠬᠢᠴᠠᠭᠤᠯᠬᠤ ᠲᠣᠭᠲᠠᠴᠠ  ᠨᠢ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠶᠡᠭᠡ ᠦᠶᠯᠡ ᠠᠵᠢᠯᠯᠠᠭ᠎ᠠ ᠲᠠᠢ᠂ ᠮᠥᠩᠭᠦᠨ ᠭᠦᠢᠯᠭᠡᠭᠡᠨ ᠤ ᠥᠷᠢ ᠥᠭᠴᠡᠭᠡ ᠠᠴᠠ ᠵᠠᠶᠢᠯᠠᠬᠤ ᠪᠠ ᠬᠦᠴᠦᠨ ᠦᠭᠡᠢ ᠪᠣᠯᠭᠠᠬᠤ ᠵᠡᠷᠭᠡ ᠠᠰᠠᠭᠤᠳᠠᠯ ᠲᠠᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠠ ᠲᠥᠷᠥᠯ ᠵᠦᠢᠯ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠢᠲᠡᠭᠡᠮᠵᠢ ᠣᠯᠭᠤᠬᠤ ᠶᠢ ᠪᠣᠯᠭᠤᠮᠵᠢᠲᠠᠢ ᠥᠷᠨᠢᠭᠦᠯᠬᠦ ᠶᠢ ᠰᠠᠨᠠᠭᠤᠯᠤᠨ᠎ᠠ᠃       ᠵᠢᠷᠭᠤᠭ᠎ᠠ᠂ ᠲᠥᠷᠥᠯ ᠵᠦᠢᠯ ᠤᠨ ᠨᠥᠬᠦᠴᠡᠯ ᠢ ᠦᠨᠡᠨᠬᠦ ᠰᠢᠯᠢᠳᠡᠭᠵᠢᠭᠦᠯᠦᠨ᠎ᠡ      ᠡᠯ᠎ᠡ ᠭᠠᠵᠠᠷ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠦᠷᠦᠭᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠭᠦᠢᠴᠡᠳᠬᠡᠬᠦ ᠶᠢ ᠲᠦᠷᠭᠡᠳᠬᠡᠵᠦ᠂ ᠨᠥᠬᠦᠴᠡᠯ ᠳᠤ ᠨᠡᠶᠢᠴᠡᠬᠦ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠳᠤ ᠳᠠᠷᠤᠶᠢᠬᠠᠨ ︽ᠳᠥᠷᠪᠡᠨ ᠦᠨᠡᠮᠯᠡᠯ︾ ᠢ ᠭᠦᠢᠴᠡᠳᠬᠡᠵᠦ ᠥᠭᠬᠦ ᠬᠡᠷᠡᠭᠲᠡᠢ︔ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠬᠤ ᠬᠡᠷᠡᠭᠲᠡᠢ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠶᠢᠭᠤᠯᠵᠤ ᠪᠠᠶᠢᠭ᠎ᠠ ᠪᠠᠷᠢᠯᠭ᠎ᠠ ᠵᠡᠷᠭᠡ ᠶᠢᠨ ᠪᠡᠷᠢᠴᠠᠭᠠᠨ ᠤ ᠠᠵᠢᠯ ᠢ ᠰᠠᠶᠢᠲᠤᠷ ᠬᠢᠬᠦ ᠳᠤ ᠳᠡᠮᠵᠢᠯᠭᠡ ᠬᠠᠩᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠪᠴᠠᠭᠠᠨ ᠤ ᠠᠮᠤᠷ ᠲᠦᠪᠰᠢᠨ ᠢ ᠪᠠᠲᠤᠯᠠᠨ᠎ᠠ᠃      ᠲᠤᠯᠤᠭ᠎ᠠ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠪᠠᠶᠢᠳᠠᠯ ᠢᠶᠠᠨ ᠮᠡᠳᠡᠭᠦᠯᠦᠨ ᠬᠦᠷᠭᠡᠨ᠎ᠡ      ᠡᠯ᠎ᠡ ᠭᠠᠵᠠᠷ ᠣᠷᠣᠨ ᠨᠤᠭᠤᠳ ᠲᠣᠰ ᠭᠠᠵᠠᠷ ᠣᠷᠣᠨ ᠤ ᠵᠣᠬᠢᠴᠠᠭᠤᠯᠬᠤ ᠲᠣᠭᠲᠠᠴᠠ ᠶᠢ ᠱᠠᠯᠠᠪᠳᠠᠨ ᠪᠠᠶᠢᠭᠤᠯᠵᠤ᠂ ᠪᠦᠷᠢᠯᠳᠦᠭᠦᠨ ᠨᠢᠭᠡᠴᠢ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠠᠵᠢᠯᠯᠠᠭᠠᠨ ᠤ ᠲᠣᠭᠲᠠᠴᠠ ᠶᠢ ᠲᠣᠳᠣᠷᠬᠠᠶᠢᠯᠠᠬᠤ ᠶᠢᠨ ᠬᠠᠮᠲᠤ᠂ 2 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠲᠣᠰ ᠭᠠᠵᠠᠷ ᠣᠷᠣᠨ ᠤ ᠵᠣᠬᠢᠴᠠᠭᠤᠯᠬᠤ ᠲᠣᠭᠲᠠᠴᠠ ᠶᠢ ᠪᠠᠶᠢᠭᠤᠯᠤᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃ 2024 ᠣᠨ ᠤ 3 ᠳ᠋ᠤᠭᠠᠷ ᠰᠠᠷ᠎ᠠ ᠠᠴᠠ ᠡᠬᠢᠯᠡᠨ᠂ ᠡᠯ᠎ᠡ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠲᠣᠮᠢᠯᠠᠭᠰᠠᠨ ᠪᠠᠶᠢᠭᠤᠯᠤᠮᠵᠢ ᠲᠠᠢ ᠬᠠᠮᠲᠤᠷᠠᠨ ᠰᠠᠷ᠎ᠠ ᠪᠦᠷᠢ ᠶᠢᠨ 5 ᠤ ᠡᠳᠦᠷ ᠠᠴᠠ ᠡᠮᠦᠨ᠎ᠡ ᠳᠡᠭᠡᠷ᠎ᠡ ᠰᠠᠷ᠎ᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠨᠡᠷᠡᠰ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠨᠡᠯᠡᠯᠳᠡ᠂ ᠢᠲᠡᠭᠡᠮᠵᠢ ᠣᠯᠭᠤᠬᠤ᠂ ᠪᠡᠯᠡ ᠲᠣᠬᠢᠷᠠᠭᠤᠯᠤᠨ ᠲᠠᠷᠬᠠᠭᠠᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠡᠯᠡ ᠲᠣᠬᠢᠷᠠᠭᠤᠯᠬᠤ ᠶᠢ ᠳᠡᠮᠵᠢᠭᠰᠡᠨ ᠪᠠᠶᠢᠳᠠᠯ ᠵᠢᠴᠢ ᠲᠣᠰ ᠭᠠᠵᠠᠷ ᠣᠷᠣᠨ ᠤ ᠲᠤᠷᠰᠢᠯᠭ᠎ᠠ ᠬᠢᠳᠡᠯ᠂ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠵᠡᠷᠭᠡ ᠶᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠳᠤ ᠰᠤᠩᠭᠤᠨ ᠬᠦᠷᠭᠡᠨ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠮᠡᠳᠡᠭᠦᠯᠦᠨ ᠬᠦᠷᠭᠡᠵᠦ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠠᠭᠤᠯᠤᠨ ᠬᠦᠷᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠣᠬᠢᠴᠠᠭᠤᠯᠬᠤ ᠲᠣᠭᠲᠠᠴᠠ ᠨᠢ ᠬᠠᠮᠢᠶ᠎ᠠ ᠪᠦᠬᠦᠢ ᠪᠠᠶᠢᠳᠠᠯ ᠢ ᠬᠤᠷᠢᠶᠠᠩᠭᠤᠶᠢᠯᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠳᠤ ᠮᠡᠳᠡᠭᠦᠯᠦᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ      ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠤᠩᠭᠤᠯ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ            2024 ᠣᠨ ᠤ 1 ᠳ᠋ᠤᠭᠡᠷ ᠰᠠᠷ᠎ᠠ ᠶᠢᠨ 29 ᠤ ᠡᠳᠦᠷ      ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠭᠠᠵᠠᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1