ᠪᠣᠬᠢᠷᠲᠤᠯ ᠦᠭᠡᠢ ᠪᠠᠷᠢᠯᠭ᠎ᠠ ᠶᠢ ᠶᠡᠬᠡᠪᠡᠷ ᠬᠦᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠩᠭᠡ ᠭᠡᠷᠡᠯ ᠨᠡᠮᠡᠷᠢᠯᠡᠶ᠎ᠡ
ᠨᠡᠶᠢᠲᠡᠯᠡᠭᠰᠡᠨ ᠴᠠᠭ᠄
2024/2/2
      ᠣᠶᠢᠷ᠎ᠠ ᠶᠢᠨ ᠵᠢᠯ ᠠᠴᠠ᠂ ᠤᠯᠠᠮ ᠠᠴᠠ ᠤᠯᠠᠮ ᠤᠯᠠᠨ ᠪᠣᠬᠢᠷᠲᠤᠯ ᠦᠭᠡᠢ ᠪᠠᠷᠢᠯᠭ᠎ᠠ ᠤᠯᠠᠨ ᠤ ᠠᠮᠢᠳᠤᠷᠠᠯ ᠳᠤ ᠬᠡᠷᠡᠭᠯᠡᠭᠳᠡᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠳᠤ ᠬᠦᠴᠦ ᠨᠡᠮᠡᠷᠢᠯᠡᠬᠦ ᠶᠢᠨ ᠬᠠᠮᠲᠤ ᠬᠥᠮᠥᠰ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠳᠤᠷᠠᠳᠤᠭᠰᠠᠨ ᠠᠴᠠ ᠨᠠᠰᠢ᠂ ᠬᠤᠳᠠ ᠶᠢᠨ ᠪᠣᠬᠢᠷᠲᠤᠯ ᠦᠭᠡᠢ ᠪᠠᠷᠢᠯᠭ᠎ᠠ ᠶᠢᠨ ᠬᠥᠭᠵᠢᠯᠲᠡ ᠶᠢ ᠪᠠᠭᠲᠠᠭᠠᠭᠰᠠᠨ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠨ ᠠᠬᠢᠭᠤᠯᠵᠤ ᠪᠤᠢ᠂ ᠬᠡᠪᠡᠴᠦ ᠣᠶᠢᠯᠠᠭᠠᠭᠳᠠᠬᠤᠨ᠂ ᠠᠵᠤ ᠠᠬᠤᠢ ᠶᠢᠨ ᠬᠢᠷᠢ ᠲᠦᠪᠰᠢᠨ ᠵᠡᠷᠭᠡ ᠬᠦᠴᠦᠨ ᠵᠦᠢᠯ ᠳᠤ ᠬᠢᠵᠠᠭᠠᠷᠯᠠᠭᠳᠠᠵᠤ᠂ ᠬᠥᠳᠡᠭᠡ ᠲᠣᠰᠬᠤᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠨᠢ ᠮᠥᠨ ᠯᠡ ᠤᠯᠠᠮᠵᠢᠯᠠᠯᠲᠤ ᠪᠠᠷᠢᠯᠭ᠎ᠠ ᠪᠠᠷ ᠭᠤᠣᠯ ᠪᠣᠯᠭᠠᠵᠤ ᠪᠤᠢ᠃ ᠣᠲᠣ ᠶᠢᠨ ᠪᠠᠶᠢᠭ᠎ᠠ ᠲᠥᠯᠦᠪᠵᠢᠭᠦᠯᠭᠡ ᠨᠢ ᠬᠤᠲᠠ ᠪᠠᠯᠭᠠᠰᠤ ᠶᠢᠨ ᠪᠣᠬᠢᠷᠲᠤᠯ ᠦᠭᠡᠢ ᠪᠠᠷᠢᠯᠭ᠎ᠠ ᠶᠢᠨ ᠲᠠᠯ᠎ᠠ ᠪᠠᠷ ᠨᠡᠯᠢᠶᠡᠳ ᠲᠡᠭᠦᠯᠳᠡᠷᠵᠢᠭᠰᠡᠨ ᠪᠣᠯᠪᠠᠴᠤ ᠬᠥᠳᠡᠭᠡ ᠲᠣᠰᠬᠤᠨ ᠤ ᠪᠣᠬᠢᠷᠲᠤᠯ ᠦᠭᠡᠢ ᠪᠠᠷᠢᠯᠭ᠎ᠠ ᠶᠢᠨ ᠲᠠᠯ᠎ᠠ ᠪᠠᠷ ᠬᠠᠷᠢᠴᠠᠩᠭᠤᠢ ᠪᠠᠷ ᠪᠠᠭᠤᠷᠠᠢ ᠪᠠᠶᠢᠨ᠎ᠠ᠃      ᠵᠣᠬᠢᠶᠠᠭᠴᠢ ᠶᠢᠨ ᠦᠵᠡᠬᠦ ᠪᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠠᠬᠤᠢ ᠶᠢ ᠲᠦᠷᠭᠡᠨ ᠬᠥᠭᠵᠢᠭᠦᠯᠬᠦ ᠪᠠᠷ ᠪᠠᠷᠠᠬᠤ ᠦᠭᠡᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠲᠠᠢ ᠪᠠᠶᠢᠬᠤ ᠲᠣᠰᠬᠤᠨ ᠤ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠠᠩᠭᠠᠬᠤ ᠬᠡᠷᠡᠭᠲᠡᠢ᠃ ᠬᠥᠳᠡᠭᠡ ᠲᠣᠰᠬᠤᠨ ᠤ ᠪᠣᠬᠢᠷᠲᠤᠯ ᠦᠭᠡᠢ ᠪᠠᠷᠢᠯᠭ᠎ᠠ ᠶᠢ ᠶᠡᠬᠡᠪᠡᠷ ᠬᠥᠭᠵᠢᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠪᠣᠬᠢᠷᠲᠤᠯ ᠦᠭᠡᠢ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠣᠯ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠡᠯᠪᠡᠷᠢ ᠶᠢ ᠬᠤᠪᠢᠷᠠᠭᠤᠯᠬᠤ᠂ ᠬᠤᠳᠠ ᠬᠥᠳᠡᠭᠡ ᠶᠢᠨ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠳᠡᠭᠡᠭᠰᠢᠯᠡᠭᠦᠯᠬᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ︔ ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ᠂ ᠣᠷᠴᠢᠨ ᠠᠬᠤᠢ ᠨᠥᠬᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠦᠷᠭᠡᠳᠬᠡᠬᠦ ᠪᠠ ᠣᠷᠴᠢᠯ ᠠᠵᠤ ᠠᠬᠤᠢ ᠶᠢ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ︔ ᠪᠣᠬᠢᠷᠲᠤᠯ ᠦᠭᠡᠢ ᠪᠠᠷᠢᠯᠭ᠎ᠠ ᠶᠢ ᠢᠳᠡᠪᠬᠢᠲᠡᠢ ᠬᠥᠭᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢ ᠠᠬᠤᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠵᠠᠭᠪᠤᠷ ᠢ ᠪᠦᠲᠦᠮᠵᠢᠲᠡᠶ ᠬᠤᠪᠢᠷᠠᠭᠤᠯᠵᠤ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ ᠳᠠᠬᠢ ᠡᠬᠢ ᠪᠠᠶᠠᠯᠢᠭ ᠣᠷᠴᠢᠨ ᠠᠬᠤᠢ ᠶᠢᠨ ᠬᠢᠵᠠᠭᠠᠷᠯᠠᠯ ᠢ ᠨᠠᠮᠳᠠᠭᠤᠯᠬᠤ ᠳᠤ ᠠᠰᠢᠭᠲᠠᠢ ᠶᠤᠮ᠃      ᠪᠣᠬᠢᠷᠲᠤᠯ ᠦᠭᠡᠢ ᠪᠠᠷᠢᠯᠭ᠎ᠠ ᠶᠢ ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠣᠬᠢᠷᠲᠤᠯ ᠦᠭᠡᠢ ᠪᠠᠷᠢᠯᠭ᠎ᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠰᠠᠨᠠᠭᠠᠰᠢᠷᠠᠨ ᠵᠣᠪᠠᠨᠢᠬᠤ ᠦᠵᠡᠯ ᠤᠬᠠᠮᠰᠠᠷ ᠪᠣᠯᠣᠨ ᠲᠦᠭᠰᠢᠭᠦᠷᠢ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ ᠪᠣᠬᠢᠷᠲᠤᠯ ᠦᠭᠡᠢ᠂ ᠠᠮᠢ ᠠᠬᠤᠢ ᠶᠢᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠨᠣᠯᠵᠢᠬᠤᠨ ᠢᠶᠠᠷ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ᠂ ᠪᠣᠬᠢᠷᠲᠤᠯ ᠦᠭᠡᠢ ᠪᠠᠷᠢᠯᠭ᠎ᠠ ᠶᠢ ᠬᠥᠭᠵᠢᠭᠦᠯᠬᠦ ᠠᠵᠢᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠡᠩ ᠬᠦᠴᠦᠲᠡᠢ ᠠᠷᠭ᠎ᠠ ᠬᠡᠮᠵᠢᠶ᠎ᠡ ᠶᠢ ᠦᠨᠡᠨᠬᠦ ᠠᠪᠴᠤ᠂ ᠪᠣᠬᠢᠷᠲᠤᠯ ᠦᠭᠡᠢ ᠪᠠᠷᠢᠯᠭ᠎ᠠ ᠶᠢᠨ ᠬᠥᠭᠵᠢᠯᠲᠡ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ᠪᠣᠬᠢᠷᠲᠤᠯ ᠦᠭᠡᠢ ᠪᠠᠷᠢᠯᠭ᠎ᠠ ᠨᠢ ︽ᠬᠥᠮᠥᠨ ᠢᠶᠠᠷ ᠦᠨᠳᠦᠰᠦ ᠪᠣᠯᠭᠠᠬᠤ︾ ᠬᠥᠮᠥᠨᠴᠢᠯᠡᠭᠰᠡᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠠᠷᠢᠯᠭ᠎ᠠ ᠶᠢᠨ ᠬᠡᠪ ᠨᠠᠮᠪᠠ ᠶᠢ ᠵᠢᠷᠤᠵᠤ ᠲᠥᠯᠥᠪᠯᠡᠬᠦ᠂ ᠪᠠᠷᠢᠯᠭ᠎ᠠ ᠶᠢᠨ ᠴᠢᠳᠠᠮᠵᠢ ᠶᠢ ᠵᠢᠷᠤᠵᠤ ᠲᠥᠯᠥᠪᠯᠡᠬᠦ᠂ ᠪᠠᠷᠢᠯᠭ᠎ᠠ ᠬᠢᠭᠡᠳ ᠬᠤᠳᠠ ᠶᠢᠨ ᠪᠦᠬᠦᠯᠢ ᠴᠣᠭᠴᠠ ᠶᠢ ᠵᠣᠬᠢᠴᠠᠭᠤᠯᠤᠨ ᠵᠢᠷᠤᠵᠤ ᠲᠥᠯᠥᠪᠯᠡᠬᠦ᠂ ᠠᠮᠢ ᠠᠬᠤᠢ ᠶᠢᠨ ᠪᠠᠷᠢᠯᠭ᠎ᠠ ᠶᠢ ᠵᠢᠷᠤᠵᠤ ᠲᠥᠯᠥᠪᠯᠡᠬᠦ ᠵᠡᠷᠭᠡ ᠲᠠᠯ᠎ᠠ ᠪᠠᠷ ᠡᠷᠬᠡᠪᠰᠢ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠲᠠᠰᠤᠷᠠᠯᠳᠠ ᠦᠭᠡᠢ ᠰᠢᠨ᠎ᠡ ᠶᠢ ᠡᠭᠦᠳᠴᠦ᠂ ᠬᠥᠳᠡᠭᠡ ᠲᠣᠰᠬᠤᠨ ᠤ ᠰᠣᠶᠣᠯ ᠢ ᠲᠤᠪᠤᠶᠢᠯᠭᠠᠵᠦ ᠴᠢᠳᠠᠬᠤ ᠪᠠᠷ ᠪᠠᠷᠠᠬᠤ ᠦᠭᠡᠢ ᠨᠡᠩ ᠴᠤ ᠬᠥᠳᠡᠭᠡ ᠲᠣᠰᠬᠤᠨ ᠤ ᠪᠠᠷᠢᠯᠭ᠎ᠠ ᠶᠢ ᠤᠯᠠᠨ ᠲᠠᠯ᠎ᠠ ᠪᠠᠷ ᠬᠥᠭᠵᠢᠭᠦᠯᠵᠦ᠂ ᠬᠥᠳᠡᠭᠡ ᠲᠣᠰᠬᠤᠨ ᠤ ᠪᠠᠷᠢᠯᠭ᠎ᠠ ᠶᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠣᠯᠭᠠᠵᠤ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ᠂ ᠠᠮᠢᠳᠤᠷᠠᠯ ᠢ ᠡᠯᠪᠡᠭ ᠪᠠᠶᠠᠯᠢᠭ ᠪᠣᠯᠭᠠᠬᠤ ᠶᠢ ᠬᠦᠰᠡᠵᠦ ᠪᠠᠶᠢᠨ᠎ᠠ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1