2023 ᠣᠨ ᠳᠤ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ 1.13 ᠲᠦᠮᠡᠨ ᠬᠡᠷᠡᠭ ᠶᠠᠪᠤᠳᠠᠯ ᠢ ᠭᠦᠢᠴᠡᠳᠬᠡᠵᠦ ᠳᠠᠭᠤᠰᠬᠠᠭᠰᠠᠨ ᠨᠣᠷᠮ᠎ᠠ 99.7% ᠶᠢ ᠳᠠᠪᠠᠪᠠ
ᠨᠡᠶᠢᠲᠡᠯᠡᠭᠰᠡᠨ ᠴᠠᠭ᠄
2024/2/20
      ︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠭᠡᠯᠡᠭᠴᠢ ᠶᠦᠨ ᠵᠢᠶᠦ᠋ᠨ ᠵᠢᠶᠧ︶ 2023 ᠣᠨ ᠳᠤ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠷᠤ᠋ ᠢ᠂ ᠰᠠᠭᠠᠯᠢᠴᠢᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠡᠯ᠎ᠡ ᠴᠣᠩᠬᠤ ᠨᠡᠶᠢᠳᠡ 11359 ᠬᠤᠪᠢ ᠲᠤᠬᠠᠶᠢᠯᠠᠭᠰᠠᠨ ᠠᠵᠢᠯ ᠢ ᠬᠦᠯᠢᠶᠡᠨ ᠠᠪᠴᠤ᠂ 11327 ᠬᠤᠪᠢ ᠶᠢ ᠨᠢ ᠭᠦᠢᠴᠡᠳᠬᠡᠵᠦ᠂ ᠭᠦᠢᠴᠡᠳᠬᠡᠭᠰᠡᠨ ᠨᠣᠷᠮ᠎ᠠ 99.7% ᠬᠦᠷᠪᠡ᠃ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠠᠯ᠎ᠠ ᠪᠠᠷ᠂ 202 ᠵᠦᠢᠯ ᠢ ᠪᠠᠲᠤᠯᠠᠨ ᠬᠠᠪᠰᠤᠷᠤᠨ ᠭᠦᠢᠴᠡᠳᠬᠡᠵᠦ᠂ 15 ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ︽ᠲᠠᠨ ᠢ ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠬᠠᠩᠭᠠᠪᠠ︔ ᠦᠢᠯᠡᠴᠢᠯᠡᠭᠡᠨ ᠤ ᠦᠷ᠎ᠡ ᠪᠦᠲᠦᠮᠵᠢ ᠶᠢᠨ ᠲᠠᠯ᠎ᠠ ᠪᠠᠷ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ︽ᠬᠠᠮᠤᠭ ᠣᠯᠠᠨ ᠳᠠᠭᠠᠨ ᠨᠢᠭᠡ ᠤᠳᠠᠭ᠎ᠠ ᠭᠦᠶᠦᠬᠦ︾ ᠵᠦᠢᠯᠡᠰ ᠤᠨ ᠬᠠᠷᠢᠴᠠᠯ ᠨᠢ 99.53% ᠬᠦᠷᠴᠦ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠨᠢ 99.53% ᠬᠦᠷᠴᠦ᠂ ᠠᠮᠠᠯᠠᠭᠰᠠᠨ ᠭᠦᠢᠴᠡᠳᠬᠡᠬᠦ ᠴᠠᠭ ᠢ 85.45% ᠪᠠᠷ ᠪᠠᠭᠠᠰᠬᠠᠪᠠ᠂ ᠲᠤᠬᠠᠶᠢᠯᠠᠪᠠᠯ ᠭᠦᠢᠴᠡᠳᠬᠡᠬᠦ ᠵᠦᠢᠯᠡᠰ ᠤᠨ ᠬᠠᠷᠢᠴᠠᠯ ᠨᠢ 71.96% ᠪᠣᠯᠣᠨ᠎ᠠ᠃ 45368 ᠤᠳᠠᠭ᠎ᠠ ᠰᠠᠶᠢᠨ ᠮᠠᠭᠤ ᠶᠢᠨ ᠦᠨᠡᠯᠡᠯᠲᠡ ᠬᠢᠵᠦ᠂ ᠠᠵᠤ ᠠᠬᠤᠶᠢᠯᠠᠯ ᠣᠯᠠᠨ ᠲᠦᠮᠡᠨ ᠤ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠬᠠᠨᠤᠮᠵᠢᠲᠠᠶ ᠪᠠᠶᠢᠬᠤ ᠨᠣᠷᠮ᠎ᠠ 100% ᠬᠥᠷᠪᠡ᠃      2023 ᠣᠨ ᠳᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶ᠎ᠠ᠂ ᠵᠢᠷᠤᠮᠵᠢᠯ᠂ ᠳᠥᠭᠦᠮᠴᠢᠯᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠡᠶᠢᠰᠢ ᠦᠷᠭᠦᠯᠵᠢᠯᠡᠨ ᠤᠷᠲᠤᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠭᠦᠢᠴᠡᠳᠬᠡᠵᠦ ᠳᠡᠶᠢᠯᠬᠦ︾ ᠪᠠᠶᠢᠭᠰᠠᠨ ᠠᠴᠠ ︽ᠭᠦᠢᠴᠡᠳᠬᠡᠬᠦ ᠳᠤ ᠠᠮᠠᠷ︾ ᠪᠣᠯᠭᠠᠨ ᠬᠤᠪᠢᠷᠠᠭᠤᠯᠵᠤ᠂ ᠤᠯᠤᠰ ᠤᠨ ᠲᠠᠰ ᠤᠨ ︽ᠠᠵᠤ ᠠᠬᠤᠢ ︾ ᠥᠰᠥᠭ ᠤᠨ ᠫᠠᠶᠢᠰᠠ ᠶᠢ ᠤᠯᠠᠮ ᠨᠢᠭᠡ ᠠᠯᠬᠤᠮ ᠭᠡᠷᠡᠯᠲᠦᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠢᠯᠡᠳᠲᠡ ᠳᠡᠭᠡᠭᠰᠢᠯᠡᠭᠦᠯᠪᠡ᠃ ᠪᠥᠬᠦ ᠵᠢᠯ ᠳᠤ᠂ ᠬᠤᠲᠠ ᠶᠢᠨ ᠵᠠᠰᠠᠭ ᠤᠨ ᠣᠷᠳᠣᠨ ᠠᠴᠠ ᠡᠷᠬᠡ ᠣᠯᠭᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭ᠎ᠠ᠂ ᠭᠠᠳᠠᠭᠠᠳᠤ  ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠡᠷ᠎ᠡ᠂ ᠴᠠᠬᠢᠯᠭᠠᠨ ᠬᠦᠴᠦᠨ᠂ ᠦᠶᠡᠷ ᠢ ᠰᠡᠷᠭᠡᠶᠢᠯᠡᠬᠦ᠂ ᠤᠰᠤ ᠲᠠᠲᠠᠬᠤ ᠤᠰᠤ ᠵᠠᠯᠠᠬᠤ ᠵᠡᠷᠭᠡ ᠬᠦᠷᠢᠶ᠎ᠡ ᠴᠠᠷᠠᠭ᠎ᠠ ᠳᠠᠬᠢ ᠬᠤᠲᠠ ᠰᠢᠶᠠᠨ ᠬᠤᠶᠠᠷ ᠱᠠᠲᠤᠨ ᠤ ᠬᠢᠨᠠᠨ ᠵᠥᠪᠰᠢᠶᠡᠷᠡᠬᠦ ᠡᠷᠬᠡ ᠮᠡᠳᠡᠯ 12 ᠵᠦᠢᠯ ᠢ ᠢᠳᠡᠪᠬᠢᠲᠡᠢ ᠴᠢᠷᠮᠠᠶᠢᠨ ᠣᠯᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ︽ᠬᠦᠷᠢᠶᠡᠯᠡᠩ ᠲᠣᠭᠤᠷᠢᠭ ᠤᠨ ᠠᠵᠢᠯ ᠶᠠᠪᠤᠳᠠᠯ ᠢ ᠬᠦᠷᠢᠶᠡᠯᠡᠩ ᠲᠣᠭᠤᠷᠢᠭ ᠲᠤ ᠭᠦᠢᠴᠡᠳᠬᠡᠬᠦ ᠠᠵᠢᠯ ᠶᠠᠪᠤᠳᠠᠯ ᠭᠦᠢᠴᠡᠳᠬᠡᠬᠦ ᠳᠤ ᠬᠦᠷᠢᠶᠡᠯᠡᠩ ᠲᠣᠭᠤᠷᠢᠭ ᠠᠴᠠ ᠭᠠᠷᠬᠤ ᠦᠭᠡᠢ︾ ᠬᠠᠷᠠᠯᠲᠠ ᠶᠢ ᠠᠩᠬ᠎ᠠ ᠠᠯᠬᠤᠮ ᠪᠡᠶᠡᠯᠡᠭᠦᠯᠪᠡ᠃      ᠡᠨᠡ ᠵᠢᠯ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠦᠷᠭᠦᠯᠵᠢᠯᠡᠨ ᠠᠷᠠᠳ ᠤᠨ ᠲᠥᠯᠥᠭᠡ ᠪᠣᠳᠠᠲᠠᠢ ᠠᠵᠢᠯ ᠬᠢᠵᠦ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠨᠠᠩ ᠴᠢᠨᠠᠷ ᠰᠠᠶᠢᠲᠠᠢ ᠤᠷᠤᠭᠰᠢᠯᠠᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1