ᠬᠥᠬᠡᠬᠤᠲᠠ ᠶᠢᠨ ᠤᠯᠠᠭᠠᠨᠮᠥ᠋ᠴᠢᠷ ᠤᠨ ᠬᠤᠯᠪᠣᠭ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/2/26
      ︵ᠳᠠᠳᠤᠯᠭ᠎ᠠ ᠶᠢᠨ ᠰᠤᠷᠪᠤᠯᠵᠢᠯᠠᠭᠴᠢ ᠯᠢᠦ ᠶᠠᠨ ᠰᠢᠶᠠ ᠳᠠᠳᠤᠯᠭ᠎ᠠ ᠶᠢᠨ ᠰᠤᠷᠤᠬᠴᠢ ᠯᠦ ᠱᠠᠨ︶ ᠣᠶᠢᠷ᠎ᠠ ᠳᠤ᠂ ᠬᠥᠬᠡᠬᠤᠲᠠ ᠶᠢᠨ ᠤᠯᠠᠭᠠᠨᠮᠥ᠋ᠴᠢᠷ ᠤᠨ ᠬᠤᠯᠪᠣᠭ᠎ᠠ ᠪᠠᠶᠢᠭᠤᠯᠤᠭᠳᠠᠬᠤ ᠶᠡᠭᠡ ᠬᠤᠷᠠᠯ ᠬᠤᠷᠠᠯᠳᠤᠪᠠ᠃      ᠬᠥᠬᠡᠬᠤᠲᠠ ᠶᠢᠨ ᠤᠯᠠᠭᠠᠨᠮᠥ᠋ᠴᠢᠷ ᠤᠨ ᠬᠤᠯᠪᠣᠭ᠎ᠠ ᠨᠢ ᠡᠯ᠎ᠡ ᠱᠠᠲᠤ ᠡᠯ᠎ᠡ ᠭᠠᠵᠠᠷ ᠤᠨ ᠤᠯᠠᠭᠠᠨᠮᠥ᠋ᠴᠢᠷ᠂ ᠤᠷᠠᠨ ᠰᠠᠶᠢᠬᠠᠨ ᠤ ᠬᠦᠷᠢᠶᠡᠯᠡᠩ ᠪᠦᠯᠬᠦᠮ ᠢᠶᠠᠷ ᠪᠦᠷᠢᠯᠳᠦᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠰᠢᠭ ᠬᠤᠨᠵᠢᠪᠤᠷᠢ ᠶᠢᠨ ᠪᠤᠰᠤ ᠬᠤᠯᠪᠣᠭᠠᠲᠤ ᠴᠣᠭᠴᠠ ᠪᠠᠶᠢᠵᠤ᠂ ᠡᠯ᠎ᠡ ᠱᠠᠲᠤ ᠡᠯ᠎ᠡ ᠭᠠᠵᠠᠷ ᠤᠨ ᠤᠯᠠᠭᠠᠨᠮᠥ᠋ᠴᠢᠷ ᠪᠣᠯᠣᠨ ᠤᠷᠠᠨ ᠰᠠᠶᠢᠬᠠᠨ ᠤ ᠬᠦᠷᠢᠶᠡᠯᠡᠩ ᠪᠦᠯᠬᠦᠮ ᠤᠨ ᠲᠣᠭᠯᠠᠯᠲᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠵᠦ᠂ ᠲᠣᠭᠯᠠᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ ᠤᠷᠠᠯᠢᠭ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠡᠬᠢ ᠪᠠᠶᠠᠯᠢᠭ ᠢ ᠬᠠᠷᠢᠯᠴᠠᠨ ᠨᠥᠬᠦᠪᠦᠷᠢᠯᠡᠬᠦ᠂ ᠬᠠᠮᠲᠤᠷᠠᠯᠴᠠᠨ ᠬᠥᠭᠵᠢᠵᠦ ᠬᠠᠮᠲᠤᠪᠠᠷ ᠠᠰᠢᠭ ᠬᠦᠷᠳᠡᠬᠦ ᠪᠠᠷ ᠵᠣᠷᠢᠯᠭ᠎ᠠ ᠪᠠᠨ ᠪᠣᠯᠭᠠᠵᠠᠢ᠃ ᠲᠤᠰ ᠬᠤᠯᠪᠣᠭ᠎ᠠ ᠶᠢᠨ ᠪᠠᠶᠢᠭᠤᠯᠤᠭᠳᠠᠭᠰᠠᠨ ᠨᠢ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠪᠠᠰᠠ ᠨᠢᠭᠡᠨ ᠴᠢᠬᠤᠯᠠ ᠬᠥᠰᠢᠶ᠎ᠡ ᠲᠡᠮᠳᠡᠭ ᠪᠠᠶᠢᠵᠤ᠂ ᠣᠷᠣᠨ ᠤ ᠲᠥᠪ ᠤᠨ ᠰᠣᠶᠣᠯ ᠤᠨ ᠦᠢᠯᠡᠰ ᠪᠣᠯᠣᠨ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠢᠶᠠᠷ ᠪᠠᠷᠠᠬᠤ ᠦᠭᠡᠢ ᠪᠠᠰᠠ ᠤᠮᠠᠷᠠᠲᠤ ᠬᠢᠯᠢ ᠶᠢᠨ ᠰᠣᠶᠣᠯ ᠤᠨ ᠤᠯᠠᠮᠵᠢᠯᠠᠯ ᠪᠣᠯᠣᠨ ᠰᠢᠨ᠎ᠡ ᠶᠢ ᠡᠭᠦᠳᠬᠦ ᠳᠤ ᠴᠣ᠋ ᠰᠢᠨ᠎ᠡ ᠲᠠᠪᠴᠠᠩ ᠢ ᠪᠠᠶᠢᠭᠤᠯᠵᠤ ᠥᠭᠴᠡᠢ᠃      ᠪᠠᠶᠢᠭᠤᠯᠤᠭᠳᠠᠬᠤ ᠶᠡᠭᠡ ᠬᠤᠷᠠᠯ ᠳᠡᠭᠡᠷ᠎ᠡ᠂ ᠰᠢᠨ᠎ᠡ ᠪᠠᠷ ᠰᠣᠩᠭᠤᠭᠳᠠᠭᠰᠠᠨ ᠲᠡᠷᠢᠭᠦᠯᠡᠭᠴᠢ ᠤᠷᠤᠭᠰᠢᠯᠠᠲᠤ ᠬᠤᠯᠪᠣᠭᠠᠨ ᠤ ᠳᠠᠪᠠᠭᠤᠯᠢᠭ ᠡᠬᠢ ᠪᠠᠶᠠᠯᠢᠭ ᠢ ᠨᠡᠶᠢᠳᠬᠡᠬᠦ᠂ ᠬᠠᠮᠲᠤᠷᠠᠨ ᠲᠣᠭᠤᠷᠢᠨ ᠲᠣᠭᠯᠠᠵᠤ ᠦᠢᠯᠡᠴᠢᠯᠡᠬᠦ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠬᠦ᠂ ᠴᠢᠳᠠᠪᠤᠷᠢᠲᠠᠨ ᠢ ᠬᠥᠮᠥᠵᠢᠭᠦᠯᠬᠦ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ᠂ ᠬᠤᠯᠪᠣᠭᠠᠨ ᠤ ᠲᠦᠷᠦᠯ ᠲᠡᠮᠳᠡᠭ ᠢ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ︽ᠤᠮᠠᠷᠠᠲᠤ ᠬᠢᠯᠢ ᠶᠢᠨ ᠰᠣᠶᠣᠯ︾  ᠤᠨ ᠲᠦᠷᠦᠯ ᠲᠡᠮᠳᠡᠭ ᠢ ᠡᠭᠦᠳᠬᠦ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃      ᠤᠯᠠᠭᠠᠨᠮᠥ᠋ᠴᠢᠷ ᠪᠣᠯ ᠪᠥᠬᠦ ᠤᠯᠤᠰ ᠤᠨ ᠤᠳᠬ᠎ᠠ ᠤᠷᠠᠯᠢᠭ ᠤᠨ ᠹᠷᠣᠨᠲ ᠤᠨ ᠨᠢᠭᠡᠨ ᠲᠤᠭ ᠮᠥᠨ᠂ ᠦᠶ᠎ᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠰᠠᠯᠬᠢ ᠰᠢᠭᠤᠷᠭᠠᠨ ᠢ ᠰᠥᠷᠦᠨ᠂ ᠬᠦᠢᠲᠡᠨ ᠬᠠᠯᠠᠭᠤᠨ ᠢ ᠬᠠᠶᠢᠬᠤᠷᠤᠯ ᠦᠭᠡᠢ ᠪᠠᠷ ᠥᠷᠭᠡᠨ ᠣᠯᠠᠨ ᠮᠠᠯᠴᠢᠨ ᠲᠠᠷᠢᠶᠠᠴᠢᠳ ᠲᠤ ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠵᠦ᠂ ᠨᠠᠮ ᠤᠨ ᠲᠠᠭᠤᠨ ᠪᠠ ᠬᠠᠯᠠᠮᠵᠢᠯᠠᠯ ᠢ ᠳᠠᠮᠵᠢᠭᠤᠯᠵᠠᠢ᠃ ᠣᠶᠢᠷ᠎ᠠ ᠶᠢᠨ ᠵᠢᠯ ᠤᠨ ᠲᠤᠷᠰᠢ᠂ ᠬᠥᠬᠡᠬᠤᠲᠠ ᠶᠢᠨ ᠤᠯᠠᠭᠠᠨᠮᠥ᠋ᠴᠢᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠠᠮᠲᠤᠪᠠᠷ ᠪᠠᠶᠢᠭᠤᠯᠬᠤ᠂ ᠬᠠᠮᠲᠤᠪᠠᠷ ᠡᠳ᠋ᠯᠡᠬᠦ᠂ ᠬᠠᠮᠲᠤᠪᠠᠷ ᠠᠰᠢᠭ ᠬᠦᠷᠳᠡᠬᠦ︾ ᠬᠥᠭᠵᠢᠯᠲᠡ ᠶᠢᠨ ᠰᠡᠳᠬᠢᠴᠡ ᠶᠢ ᠲᠤᠭᠤᠰᠢᠯᠠᠭᠤᠯᠵᠤ᠂ ︽ᠰᠤᠷᠤᠯᠴᠠᠬᠤ᠂ ᠪᠦᠲᠦᠭᠡᠬᠦ᠂ ᠲᠣᠭᠯᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠳᠤ ᠦᠨᠳᠦᠰᠦᠯᠡᠵᠦ᠂ ᠤᠯᠠᠨ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠲᠠᠢ ᠣᠶᠢᠷᠠᠲᠤᠭᠰᠠᠨ᠂ ᠤᠯᠠᠮᠵᠢᠯᠠᠭᠳᠠᠨ ᠦᠯᠡᠳᠡᠭᠰᠡᠨ ᠰᠢᠯᠢᠳᠡᠭ ᠪᠦᠲᠦᠭᠡᠯ ᠤᠳ ᠢ ᠵᠣᠬᠢᠶᠠᠨ ᠪᠦᠲᠦᠭᠡᠵᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1