2 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠨᠢᠭᠡᠨᠲᠡ 2024 ᠣᠨ ᠤ 1 ᠳ᠋ᠦ᠋ᠭᠡᠷ | ᠲᠣᠭᠠᠲᠤ ᠣᠶ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠢ ᠨᠡᠶᠢᠲᠡᠯᠡᠵᠦ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2024 ᠣᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ | ᠭᠤᠣᠯᠳᠠᠯᠭ᠎ᠠ︾ ᠶᠢ ᠨᠡᠶᠢᠲᠡᠯᠡᠨ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ᠂ ᠵᠠᠰᠠᠵᠤ ᠬᠠᠮᠠᠭᠠᠯᠠᠬᠤ ᠶᠢ | ᠴᠢᠩᠭᠠᠳᠬᠠᠬᠤ᠂ ᠲᠤᠰᠠᠯᠠᠵᠤ ᠪᠠᠲᠤᠯᠠᠬᠤ ᠶᠢ ᠲᠡᠭᠦᠯᠳᠡᠷᠵᠢᠭᠦᠯᠬᠦ 3 ᠲᠠᠯ᠎ᠠ ᠠᠴᠠ 2024 ᠣᠨ ᠤ ᠣᠶ ᠰᠢᠭᠤᠢ ᠶᠢᠨ | ᠳᠠᠷᠤᠭ᠎ᠠ ᠶᠢᠨ ᠳᠦᠷᠢᠮ ᠤᠨ 17 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠃ | ᠤᠢ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠲᠤ᠂ ᠤᠢ ᠰᠢᠭᠤᠢ ᠶᠢᠨ ᠳᠠᠷᠤᠭ᠎ᠠ | ᠳᠦᠷᠢᠮᠵᠢᠯ ᠲᠠᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠦᠷᠭᠦᠯᠵᠢᠯᠡᠨ ᠠᠬᠢᠭᠤᠯᠵᠤ᠂ ᠤᠢ ᠰᠢᠭᠤᠢ | ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ | ᠬᠡᠷᠡᠭᠲᠡᠢ᠃ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ︽ᠣᠶ ᠰᠢᠭᠤᠢ ᠨᠤᠲᠤᠭ ᠪᠡᠯᠴᠢᠭᠡᠷ ᠤᠨ ᠴᠢᠨᠠᠷ ᠰᠠᠶᠢᠲᠠᠢ ᠬᠥᠭᠵᠢᠯᠲᠡ ᠶᠢ | ᠬᠠᠮᠲᠤ ᠪᠠᠷ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠲᠥᠷᠥ ᠶᠢᠨ | ᠪᠣᠳᠣᠯᠭ᠎ᠠ ᠶᠢᠨ ᠣᠷᠣᠨ ᠵᠠᠢ ᠶᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠵᠤ᠂ ᠲᠥᠷᠥ ᠶᠢᠨ ᠪᠣᠳᠣᠯᠭ᠎ᠠ ᠶᠢᠨ | ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠳᠡᠯᠭᠡᠷᠡᠭᠦᠯᠦᠨ᠎ᠡ᠃ ᠦᠨᠳᠦᠰᠦᠨ ᠱᠠᠲᠤᠨ ᠤ ᠣᠶ ᠰᠢᠭᠤᠢ ᠨᠤᠲᠤᠭ | ᠪᠡᠯᠴᠢᠭᠡᠷ ᠤᠨ ᠠᠵᠢᠯ ᠤᠨ ᠥᠷᠲᠡᠭᠡ ᠪᠠ ᠣᠶ ᠰᠢᠭᠤᠢ ᠨᠤᠲᠤᠭ ᠪᠡᠯᠴᠢᠭᠡᠷ ᠤᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ | ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢᠨ ᠵᠣᠯᠭᠠᠯᠴᠠᠭ᠎ᠠ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | ᠤᠢ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠲᠤ᠂ ᠤᠯᠤᠰ ᠤᠨ ᠨᠤᠲᠤᠭ ᠳᠡᠪᠢᠰᠬᠡᠷ ᠤᠨ | ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠪᠦᠬᠦ ᠵᠢᠯ ᠳᠤ 300 ᠲᠦᠮᠡᠨ ᠮᠦ ᠠᠴᠠ | ᠳᠡᠭᠡᠭᠰᠢ ᠣᠶᠢᠵᠢᠭᠤᠯᠬᠤ᠂ 1300 ᠲᠦᠮᠡᠨ ᠮᠦ ᠠᠴᠠ ᠳᠡᠭᠡᠭᠰᠢ ᠡᠪᠡᠰᠦ ᠲᠠᠷᠢᠬᠤ᠂ 1500 ᠲᠦᠮᠡᠨ ᠮᠦ ᠠᠴᠠ | ᠳᠡᠭᠡᠭᠰᠢ ᠡᠯᠡᠰᠦᠷᠡᠬᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢ ᠪᠡᠶᠡᠯᠡᠭᠦᠯᠵᠦ᠂ 3000 ᠲᠦᠮᠡᠨ ᠰᠠᠭᠤᠷᠢ ᠠᠴᠠ | ᠳᠡᠭᠡᠭᠰᠢ ᠠᠯᠪᠠᠨ ᠵᠢᠷᠤᠮ ᠤᠨ ᠮᠣᠳᠣ ᠲᠠᠷᠢᠬᠤ ᠶᠢ ᠪᠡᠶᠡᠯᠡᠭᠦᠯᠬᠦ ᠬᠡᠷᠡᠭᠲᠡᠢ᠃ ᠭᠤᠷᠪᠠᠨ ᠶᠡᠭᠡ ᠳᠠᠶᠢᠯᠠᠯᠳᠤᠭᠠᠨ ᠤ | ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠠᠲᠤᠨ ᠭᠤᠣᠯ ᠤᠨ ︽ᠶᠡᠭᠡ | ᠲᠣᠬᠤᠢ︾ ᠶᠢᠨ ᠰᠢᠪᠲᠤᠯᠤᠯᠲᠠ ᠶᠢ 758 ᠲᠦᠮᠡᠨ ᠮᠦ᠂ ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ | ᠭᠠᠵᠠᠷ ᠤᠨ ᠰᠦᠨᠦᠭᠡᠯᠲᠡ ᠶᠢ 549 ᠲᠦᠮᠡᠨ ᠮᠦ᠂ ᠾᠧᠰᠢ ᠬᠤᠩᠭᠢᠯ ᠤᠨ — ᠲᠠᠺᠯᠢᠮᠠᠺᠠᠨ ᠡᠯᠡᠰᠦᠨ ᠴᠥᠯ ᠤᠨ | ᠬᠦᠪᠡᠭᠡ ᠵᠠᠬ᠎ᠠ ᠶᠢᠨ ᠬᠤᠷᠢᠭᠯᠠᠯᠲᠠ ᠶᠢ 131 ᠲᠦᠮᠡᠨ ᠮᠦ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠵᠠᠢ᠃ | ᠣᠶ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠲᠤ᠂ ᠣᠶ ᠰᠢᠭᠤᠢ ᠨᠤᠲᠤᠭ ᠪᠡᠯᠴᠢᠭᠡᠷ ᠤᠨ ᠡᠬᠢ | ᠪᠠᠶᠠᠯᠢᠭ ᠢ ᠬᠠᠮᠠᠭᠠᠯᠠᠨ ᠬᠠᠮᠢᠶᠠᠷᠬᠤ ᠪᠠᠨ ᠴᠢᠩᠭᠠᠳᠬᠠᠵᠤ᠂ ︽ᠣᠭᠲᠠᠷᠭᠤᠢ ᠳᠡᠭᠡᠷ᠎ᠡ ᠠᠴᠠ ᠠᠵᠢᠭᠯᠠᠬᠤ᠂ ᠭᠠᠵᠠᠷ | ᠳᠡᠭᠡᠷ᠎ᠡ ᠠᠴᠠ ᠪᠠᠶᠢᠴᠠᠭᠠᠬᠤ︾ ᠨᠡᠶᠢᠳᠡᠮ ᠪᠦᠷᠬᠦᠭᠦᠯᠬᠦ ᠮᠠᠶ᠋ᠢᠭ ᠤᠨ ᠣᠶ ᠰᠢᠭᠤᠢ ᠶᠢᠨ ᠰᠢᠮᠳᠠᠭᠤᠯᠤᠨ ᠪᠠᠶᠢᠴᠠᠭᠠᠯᠲᠠ | ᠪᠠ ᠨᠤᠲᠤᠭ ᠪᠡᠯᠴᠢᠭᠡᠷ ᠤᠨ ᠬᠤᠪᠢᠷᠠᠯᠲᠠ ᠶᠢᠨ ᠵᠢᠷᠤᠭ ᠲᠣᠯᠪᠤ ᠶᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠶᠢ | ᠪᠠᠶᠢᠩᠭᠤᠰᠢᠭᠤᠯᠤᠨ ᠥᠷᠨᠢᠭᠦᠯᠵᠦ᠂ ᠪᠠᠶᠢᠭᠠᠯᠢᠯᠢᠭ ᠣᠶ ᠰᠢᠭᠤᠢ ᠶᠢᠨ ᠬᠠᠮᠠᠭᠠᠯᠠᠯᠲᠠ ᠪᠠ ᠨᠡᠶᠢᠲᠡ ᠶᠢᠨ | ᠠᠰᠠᠷᠠᠮᠵᠢ ᠶᠢᠨ ᠣᠶ ᠰᠢᠭᠤᠢ ᠶᠢᠨ ᠬᠠᠮᠢᠶᠠᠷᠤᠯᠲᠠ ᠶᠢ ᠨᠢᠭᠡᠳᠬᠡᠬᠦ ᠶᠢ ᠬᠡᠷᠡᠭᠵᠢᠭᠦᠯᠵᠦ᠂ ᠪᠠᠶᠢᠭᠠᠯᠢᠯᠢᠭ ᠨᠤᠲᠤᠭ | ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠭᠦᠢᠴᠡᠳᠬᠡᠯ ᠲᠤᠭ᠎ᠠ ᠶᠢ 10% ᠠᠴᠠ ᠳᠣᠷᠣᠭᠰᠢ | ᠪᠣᠯᠲᠠᠯ᠎ᠠ ᠪᠠᠭᠤᠷᠠᠭᠤᠯᠬᠤ ᠬᠡᠷᠡᠭᠲᠡᠢ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠠᠯᠠᠱᠠ ᠠᠭᠤᠯᠠ᠂ ᠲᠠᠯᠠᠨ ᠬᠠᠷ᠎ᠠ ᠠᠭᠤᠯᠠ ᠶᠢᠨ ᠤᠯᠤᠰ ᠤᠨ | ᠴᠡᠴᠡᠷᠯᠢᠭ ᠢ ᠢᠳᠡᠪᠬᠢᠲᠡᠢ ᠪᠠᠷ ᠡᠭᠦᠳᠦᠨ ᠪᠠᠶᠢᠭᠤᠯᠤᠨ᠎ᠠ᠃ ᠣᠶ ᠰᠢᠭᠤᠢ ᠨᠤᠲᠤᠭ ᠪᠡᠯᠴᠢᠭᠡᠷ ᠤᠨ ᠭᠠᠮᠰᠢᠭ ᠢ | ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠭᠠᠯ ᠰᠡᠷᠭᠡᠶᠢᠯᠡᠬᠦ ᠲᠣᠥᠷᠵᠢᠭᠤᠯᠤᠭᠰᠠᠨ ᠬᠠᠮᠢᠶᠠᠷᠤᠯᠲᠠ ᠶᠢ | ᠲᠡᠭᠦᠯᠳᠡᠷᠵᠢᠭᠦᠯᠦᠨ᠎ᠡ᠃ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ | ᠡᠯ᠎ᠡ ᠭᠠᠵᠠᠷ ᠤᠨ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠ | ᠨᠡᠶᠢᠲᠡᠯᠢᠭ ᠠᠷᠭ᠎ᠠ ᠬᠢᠳᠡᠯ ᠢ ᠲᠥᠪᠯᠡᠷᠡᠭᠦᠯᠦᠨ ᠤᠬᠠᠭᠤᠯᠤᠨ ᠮᠡᠳᠡᠭᠡᠯᠡᠨ᠎ᠡ᠃ ︽ᠣᠢ ᠰᠢᠭᠤᠢ ᠶᠢᠨ ᠳᠠᠷᠤᠭ᠎ᠠ + | ᠭᠤᠣᠯᠳᠠᠯᠭ᠎ᠠ ᠲᠠᠢ ᠠᠵᠢᠯ︾ ᠢ ᠭᠦᠨᠵᠡᠭᠡᠶᠢᠷᠡᠭᠦᠯᠵᠦ᠂ ᠣᠢ ᠰᠢᠭᠤᠢ ᠶᠢᠨ ᠳᠠᠷᠤᠭ᠎ᠠ ᠶᠢᠨ ᠵᠠᠷᠯᠢᠭ ᠪᠠᠭᠤᠯᠭᠠᠬᠤ᠂ | ᠰᠢᠮᠳᠠᠭᠤᠯᠤᠨ ᠰᠢᠢᠳᠪᠦᠷᠢᠯᠡᠬᠦ᠂ ᠵᠠᠷᠯᠠᠨ ᠮᠡᠳᠡᠭᠳᠡᠬᠦ᠂ ᠪᠣᠯᠵᠣᠨ ᠶᠠᠷᠢᠯᠴᠠᠬᠤ ᠵᠡᠷᠭᠡ ᠲᠣᠭᠲᠠᠴᠠ ᠶᠢ ᠰᠠᠶᠢᠲᠤᠷ | ᠬᠡᠷᠡᠭᠯᠡᠨ᠎ᠡ ᠭᠡᠵᠦ ᠱᠠᠭᠠᠷᠳᠠᠪᠠ᠃ | |