ᠥᠪᠥᠷ ᠮᠣᠩᠭᠤᠯ ᠤᠨ ᠪᠤᠢ ᠪᠦᠬᠦᠢ ᠰᠤᠷᠤᠭᠴᠢ ᠲᠠᠢ ᠬᠤᠯᠪᠣᠭᠳᠠᠨ᠎ᠠ
ᠨᠡᠶᠢᠲᠡᠯᠡᠭᠰᠡᠨ ᠴᠠᠭ᠄
2024/2/26
      ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ 2023 ᠣᠨ ᠤ 12 ᠰᠠᠷ᠎ᠠ ᠶᠢᠨ 25 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠲᠠᠩ ᠤᠨ ᠠᠮᠤᠷ ᠲᠦᠪᠰᠢᠨ ᠤ ᠠᠯᠪᠠᠨ ᠬᠡᠷ᠂ ᠰᠤᠷᠭᠠᠨ ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠣᠷᠣᠨ ᠤ ᠬᠡᠪᠴᠢᠶᠡᠨ ᠳᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ 6 ᠰᠠᠷ᠎ᠠ ᠶᠢᠨ ᠬᠤᠭᠤᠴᠠᠭ᠎ᠠ ᠲᠠᠢ ᠥᠷᠨᠢᠭᠦᠯᠦᠨ᠎ᠡ᠃ ᠣᠳᠣ ᠨᠡᠶᠢᠭᠡᠮ ᠳᠤ ᠬᠠᠨᠳᠤᠭᠤᠯᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠰᠠᠭᠤᠳᠠᠯ ᠤᠨ ᠰᠦᠪᠡᠭᠴᠢ ᠶᠢ ᠴᠤᠭᠯᠠᠭᠤᠯᠵᠤ ᠪᠤᠢ᠂ ᠵᠢᠱᠢᠶᠡᠯᠡᠪᠡᠯ ᠰᠤᠷᠭᠠᠭᠤᠯᠢ ︵ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠠᠭᠲᠠᠨ᠎ᠠ︶ ᠶᠢᠨ ᠬᠤᠭᠤᠯᠠᠨ ᠭᠡᠷ᠂ ᠰᠤᠷᠭᠠᠭᠤᠯᠢ ᠶᠢᠨ ᠬᠤᠭᠤᠯᠠᠨ ᠭᠡᠷ ᠢ ᠳᠠᠭᠠᠭᠠᠴᠢᠯᠠᠨ ᠡᠵᠡᠩᠨᠡᠵᠦ ᠪᠠᠶᠢᠭ᠎ᠠ ᠠᠵᠤ ᠠᠬᠤᠶᠢᠯᠠᠯ᠂ ᠰᠤᠷᠭᠠᠭᠤᠯᠢ ᠶᠢᠨ ᠭᠠᠳᠠᠨᠠᠬᠢ ᠬᠤᠭᠤᠯᠠ ᠬᠠᠩᠭᠠᠬᠤ ᠨᠢᠭᠡᠴᠢ ᠵᠡᠷᠭᠡ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠴᠥᠮ ᠡᠯᠧᠺᠲᠷᠤᠨ ᠰᠢᠦᠳᠠᠨ ᠤ ᠵᠦᠢᠯ᠂ ᠤᠲᠠᠰᠤ ᠶᠠᠪᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠡᠨ ᠪᠣᠳᠠᠲᠠᠶ ᠬᠦᠴᠦᠨ ᠲᠡᠭᠦᠯᠳᠡᠷ ᠠᠰᠠᠭᠤᠳᠠᠯ ᠤᠨ ᠰᠦᠪᠡᠭᠴᠢ ᠶᠢ ᠬᠠᠩᠭᠠᠬᠤ ᠶᠢᠨ ᠬᠠᠮᠲᠤ ᠬᠠᠮᠢᠶ᠎ᠠ ᠪᠦᠬᠦᠢ ᠭᠡᠷᠡᠴᠢᠯᠡᠯ ᠤᠨ ᠮᠠᠲ᠋ᠧᠷᠢᠶᠠᠯ ᠢ ᠬᠠᠮᠲᠤ ᠳᠤᠨᠢ ᠬᠠᠩᠭᠠᠵᠤ ᠪᠣᠯᠤᠨ᠎ᠠ᠃            ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠪᠠᠭᠰᠢ ᠰᠤᠷᠤᠭᠴᠢ᠂ ᠭᠡᠷ ᠤᠨ ᠠᠬᠠᠮᠠᠳ ᠨᠠᠷ ᠢᠯᠡᠴᠢᠯᠡᠨ ᠵᠠᠭᠠᠯᠳᠤᠬᠤ ᠤᠳᠠᠰᠤ ᠪᠠ ᠢᠮᠧᠯ ᠢᠶᠠᠷ ᠳᠠᠮᠵᠢᠭᠤᠯᠤᠨ᠂ ᠰᠤᠷᠭᠠᠭᠤᠯᠢ ᠶᠢᠨ ᠬᠤᠭᠤᠯᠠᠨ ᠭᠡᠷ᠂ ᠰᠤᠷᠭᠠᠭᠤᠯᠢ ᠶᠢᠨ ᠬᠤᠭᠤᠯᠠᠨ ᠭᠡᠷ ᠢ ᠳᠠᠭᠠᠭᠠᠴᠢᠯᠠᠨ ᠡᠵᠡᠩᠨᠡᠭᠦᠯᠦᠭᠰᠡᠨ ᠪᠤᠶᠤ ᠨᠠᠶᠢᠳᠠᠵᠤ ᠡᠵᠡᠩᠨᠡᠭᠦᠯᠦᠭᠰᠡᠨ ᠠᠵᠤ ᠠᠬᠤᠶᠢᠯᠠᠯ᠂ ᠰᠤᠷᠭᠠᠭᠤᠯᠢ ᠶᠢᠨ ᠭᠠᠳᠠᠨᠠᠬᠢ ᠬᠤᠭᠤᠯᠠ ᠬᠠᠩᠭᠠᠬᠤ ᠨᠢᠭᠡᠴᠡ ᠵᠡᠷᠭᠡ ᠳᠤ ᠣᠷᠣᠰᠢᠵᠤ ᠪᠠᠶᠢᠭ᠎ᠠ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠢᠯᠡᠴᠢᠯᠡᠨ ᠵᠠᠭᠠᠯᠳᠤᠬᠤ ᠶᠢ ᠪᠠᠶᠠᠷᠯᠠᠨ ᠤᠭᠲᠤᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠲᠤ ᠪᠠᠷ ᠬᠢᠨᠠᠯᠲᠠ ᠲᠠᠯᠪᠢᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠥᠷᠭᠡᠨ ᠤᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠰᠤᠭᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1