ᠠᠮᠢᠳᠤᠷᠠᠯ ᠳᠤᠮᠳᠠ ᠬᠡᠷᠬᠢᠨ ᠮᠢᠬ᠎ᠠ ᠢᠳᠡᠬᠦ ᠬᠡᠮᠵᠢᠶ᠎ᠡ ᠪᠠᠨ ᠵᠣᠬᠢᠰᠲᠠᠢ ᠲᠣᠬᠢᠷᠠᠭᠤᠯᠬᠤ ᠪᠤᠢ︖
ᠨᠡᠶᠢᠲᠡᠯᠡᠭᠰᠡᠨ ᠴᠠᠭ᠄
2024/2/26
       ᠶᠠᠭᠤᠨ ᠤ ᠤᠷᠢᠳ ᠰᠢᠮ᠎ᠡ ᠲᠡᠵᠢᠭᠡᠯ ᠤᠨ ᠮᠡᠳᠡᠯᠭᠡ ᠶᠢ ᠪᠠᠭ᠎ᠠ ᠰᠤᠷᠴᠤ᠂ ᠥᠪᠡᠷ ᠤᠨ ᠪᠡᠶ᠎ᠡ ᠪᠤᠶᠤ ᠭᠡᠷ ᠪᠦᠯᠢ ᠶᠢᠨ ᠢᠶᠠᠨ ᠢᠳᠡᠭᠡᠨ ᠤᠮᠳᠠᠭᠠᠨ ᠳᠤ ᠲᠥᠯᠥᠪᠯᠡᠭᠡ ᠬᠢᠵᠦ᠂ ᠭᠠᠷᠠᠭ ᠪᠦᠷᠢ ᠶᠢᠨ ᠢᠳᠡᠭᠡᠨ ᠤ ᠵᠣᠷ ᠢᠶᠠᠨ ᠨᠠᠶᠢᠷᠠᠭᠤᠯᠤᠨ ᠵᠣᠬᠢᠶᠠᠵᠤ᠂ ᠮᠢᠬ᠎ᠠ ᠶᠢ ᠵᠣᠬᠢᠰᠲᠠᠢ ᠰᠣᠩᠭᠤᠬᠤ ᠬᠡᠷᠡᠭᠲᠡᠢ᠃ ᠮᠢᠬᠠᠨ ᠤ ᠢᠳᠡᠭᠡᠨ ᠢ ᠠᠯᠢ ᠴᠢᠳᠠᠬᠤ ᠪᠠᠷ ᠬᠤᠭᠤᠯᠠ ᠪᠣᠯᠭᠠᠨ ᠳᠠᠭᠠᠨ ᠲᠣᠬᠢᠷᠠᠭᠤᠯᠵᠤ᠂ ᠢᠳᠡᠭᠡᠨ ᠤᠮᠳᠠᠭᠠᠨ ᠢᠶᠠᠨ ᠬᠡᠲᠦᠷᠬᠡᠢ ᠲᠥᠪᠯᠡᠷᠡᠭᠦᠯᠵᠦ ᠬᠡᠲᠦᠷᠡᠲᠡᠯ᠎ᠡ ᠢᠳᠡᠬᠦ ᠦᠭᠡᠢ ᠮᠥᠷᠲᠡᠭᠡᠨ ᠬᠡᠵᠢᠶᠡᠳᠡ ᠰᠢᠩᠭᠡᠨ ᠰᠥᠮᠥᠰᠤ᠂ ᠬᠠᠷᠠᠰᠣ ᠬᠤᠭᠤᠯᠠ ᠪᠠᠷ ᠰᠠᠭᠤᠵᠤ ᠪᠤᠯᠬᠤ ᠦᠭᠡᠢ᠃ ᠮᠢᠬ᠎ᠠ ᠶᠢ ᠨᠠᠷᠢᠨ ᠬᠡᠰᠡᠭᠯᠡᠨ ᠬᠡᠷᠴᠢᠬᠦ ᠨᠢ ᠢᠳᠡᠭᠡᠨ ᠤ ᠳᠤᠷᠠᠰᠢᠯ ᠢ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ ᠢᠳᠡᠭᠡᠨ ᠤ ᠬᠡᠮᠵᠢᠶ᠎ᠡ ᠶᠢ ᠴᠦ ᠬᠢᠵᠠᠭᠠᠷᠯᠠᠵᠤ ᠴᠢᠳᠠᠳᠠᠭ᠃ ᠮᠢᠬ᠎ᠠ ᠶᠢ ᠶᠡᠭᠡ ᠪᠠᠷ ᠢᠳᠡᠬᠦ ᠪᠠᠨ ᠪᠠᠭᠠᠰᠬᠠᠵᠤ᠂ ᠪᠠᠭ᠎ᠠ ᠪᠠᠭ᠎ᠠ ᠪᠠᠷ ᠢᠳᠡᠬᠦ ᠶᠢ ᠪᠠᠷᠢᠮᠲᠠᠯᠠᠨ᠂ ᠢᠯᠡᠭᠦᠬᠡᠨ ᠨᠣᠭᠤᠭ᠎ᠠ ᠴᠠᠭ᠎ᠠ ᠲᠠᠢ ᠴᠤᠭ ᠢᠳᠡᠬᠦ ᠨᠢ ᠮᠢᠬᠠᠨ ᠤ ᠰᠢᠮ᠎ᠡ ᠲᠡᠵᠢᠭᠡᠯ ᠢ ᠨᠥᠬᠦᠬᠦ ᠪᠠᠷ ᠪᠠᠷᠠᠬᠤ ᠦᠭᠡᠢ ᠢᠳᠡᠰᠢᠨ ᠨᠣᠭᠤᠭ᠎ᠠ ᠶᠢᠨ ᠰᠢᠮ᠎ᠡ ᠶᠢ ᠴᠦ ᠰᠠᠶᠢᠨ ᠨᠥᠬᠦᠵᠦ ᠴᠢᠳᠠᠳᠠᠭ᠃ ᠡᠭᠦᠨ ᠤ ᠬᠠᠮᠲᠤ᠂ ᠬᠠᠭᠤᠷᠴᠤ ᠬᠠᠭᠠᠷᠢᠬᠤ ᠪᠠᠨ ᠪᠠᠭᠠᠰᠬᠠᠵᠤ᠂ ᠵᠥᠪ ᠣᠨᠣᠪᠴᠢᠲᠠᠶ ᠪᠣᠯᠭᠤᠭᠠᠵᠤ ᠲᠣᠭᠤᠭᠠᠯᠠᠬᠤ ᠠᠷᠭ᠎ᠠ ᠶᠢ ᠰᠣᠩᠭᠤᠬᠤ ᠨᠢ ᠢᠳᠡᠭᠡᠨ ᠤ ᠰᠢᠮ᠎ᠡ ᠲᠡᠵᠢᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠬᠠᠳᠠᠭᠠᠯᠠᠳᠠᠭ ᠠᠴᠠ᠂ ᠬᠠᠮᠤᠭ ᠰᠠᠶᠢᠨ ᠨᠢ ᠵᠢᠩᠨᠡᠬᠦ᠂ ᠴᠢᠨᠠᠬᠤ ᠠᠷᠭ᠎ᠠ ᠶᠢ ᠬᠡᠷᠡᠭᠯᠡᠨ᠎ᠡ᠃ ᠭᠠᠳᠠᠨ᠎ᠠ ᠬᠤᠭᠤᠯᠠ ᠢᠳᠡᠬᠦ ᠳᠡᠭᠡᠨ ᠮᠢᠬ᠎ᠠ ᠨᠣᠭᠤᠭ᠎ᠠ ᠶᠢ ᠲᠣᠬᠢᠷᠠᠭᠤᠯᠵᠤ ᠢᠳᠡᠬᠦ ᠶᠢ ᠠᠩᠬᠠᠷᠴᠤ᠂ ᠢᠯᠡᠭᠦᠬᠡᠨ ᠵᠢᠭᠠᠰᠤᠨ ᠮᠢᠬ᠎ᠠ ᠪᠤᠶᠤ ᠪᠤᠷᠴᠠᠭ ᠤᠨ ᠲᠥᠷᠥᠯ ᠤᠨ ᠢᠳᠡᠭᠡᠨ ᠢᠶᠠᠷ ᠪᠤᠰᠤᠳ ᠮᠢᠬ᠎ᠠ ᠶᠢ ᠣᠷᠣᠯᠠᠭᠤᠯᠪᠠᠯ ᠰᠠᠶᠢᠨ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1