ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭ᠎ᠠ | ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠤᠯᠠᠮᠵᠢᠯᠠᠨ ᠬᠥᠭᠵᠢᠭᠦᠯᠬᠦ ᠶᠢᠨ ᠲᠥᠯᠥᠭᠡ᠂ 1 ᠳ᠋ᠤᠭᠡᠷ ᠰᠠᠷ᠎ᠠ ᠶᠢᠨ | 18 ᠤ ᠡᠳᠦᠷ᠂ ᠲᠣᠭᠲᠠᠬᠤ ᠰᠢᠶᠠᠨ ᠤ ᠤᠯᠠᠭᠠᠨᠮᠥ᠋ᠴᠢᠷ ᠶᠦᠨ ᠵᠦᠩ ᠵᠦᠴᠦᠭᠡ ᠶᠢᠨ ᠬᠦᠷᠢᠶᠡᠯᠡᠩ ᠳᠤ ᠬᠦᠷᠴᠦ ︽ | ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ︾ ᠭᠤᠷᠪᠠ ᠶᠢ ᠬᠥᠳᠡᠭᠡ ᠪᠠᠭᠤᠯᠭᠠᠬᠤ ᠦᠨᠳᠦᠰᠦᠨ | ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠤᠯᠠᠭᠠᠨᠮᠥ᠋ᠴᠢᠷ ᠤᠨ ᠭᠡᠰᠢᠭᠦᠳ ᠤᠳᠤ ᠦᠶ᠎ᠡ ᠶᠢᠨ ᠵᠦᠴᠦᠭᠡ ︽ᠨᠢᠭᠡ | ᠬᠡᠷᠡᠮ ᠤᠨ ᠠᠯᠤᠰᠯᠠᠯ︾ ᠪᠣᠯᠣᠨ ᠤᠯᠠᠮᠵᠢᠯᠠᠯᠲᠤ ᠵᠦᠴᠦᠭᠡ ︽ᠮᠠᠯᠠᠭᠠᠢ ᠵᠢᠭᠡᠯᠡᠶ᠎ᠡ︾ ᠵᠡᠷᠭᠡ ᠭᠤᠶᠢᠳᠠ ᠰᠠᠶᠢᠬᠠᠨ | ᠲᠣᠭᠯᠠᠯᠲᠠ ᠶᠢ ᠲᠣᠭᠯᠠᠵᠤ᠂ ᠥᠷᠭᠡᠨ ᠤᠯᠠᠨ ᠠᠷᠠᠳ ᠲᠦᠮᠡᠨ ᠤ ᠪᠠᠭ᠋ᠠᠷᠬᠠᠯ ᠢ ᠲᠠᠲᠠᠪᠠ᠃ | ᠲᠤᠰ ᠤᠳᠠᠭ᠎ᠠ ᠶᠢᠨ ᠠᠵᠢᠯᠯᠠᠭ᠎ᠠ ᠳᠤ᠂ ᠤᠯᠠᠭᠠᠨᠮᠥ᠋ᠴᠢᠷ ᠤᠨ ᠭᠡᠰᠢᠭᠦᠳ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢ ᠴᠢᠷᠮᠠᠶᠢᠨ ᠪᠣᠶᠢᠵᠢᠭᠤᠯᠤᠨ ᠦᠢᠯᠡᠳᠦᠯᠭᠡᠵᠢᠭᠦᠯᠵᠦ᠂ ᠥᠷᠭᠡᠨ ᠤᠯᠠᠨ | ᠠᠷᠠᠳ ᠲᠦᠮᠡᠨ ᠤ ᠶᠣᠰᠣ ᠰᠤᠷᠲᠠᠬᠤᠨ ᠢ ᠡᠷᠬᠢᠮᠯᠡᠬᠦ᠂ ᠶᠣᠰᠣ ᠰᠤᠷᠲᠠᠬᠤᠨ ᠢ ᠰᠠᠬᠢᠬᠤ᠂ ᠡᠷᠬᠢᠮ ᠳᠡᠭᠡᠳᠦ ᠶᠣᠰᠣ | ᠰᠤᠷᠲᠠᠬᠤᠨ ᠤ ᠬᠦᠰᠡᠯᠡᠩ ᠢ ᠬᠥᠭᠡᠭᠡᠴᠡᠯᠳᠦᠬᠦ ᠶᠢ ᠢᠳᠡᠪᠬᠢᠲᠡᠢ ᠬᠥᠲᠥᠯᠥᠨ ᠳᠠᠭᠠᠭᠤᠯᠬᠤ ᠶᠢᠨ ᠬᠠᠮᠲᠤ ᠬᠥᠳᠡᠭᠡ | ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠢ | ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃ | ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |