ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠲᠠᠭᠤᠰᠤᠮᠠᠭᠴᠠ᠂ ᠮᠠᠨ ᠤ ᠤᠯᠤᠰ 2024 ᠣᠨ ᠳᠤ | ᠠᠩᠬ᠎ᠠ ᠤᠳᠠᠭ᠎ᠠ ︽ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ︾ ᠠᠵᠢᠯ ᠢᠶᠠᠨ ᠡᠬᠢᠯᠡᠭᠦᠯᠪᠡ᠃ 2 ᠳ᠋ᠤᠭᠠᠷ | ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠠᠷᠠᠳ ᠤᠨ ᠪᠠᠩᠬᠢ ᠠᠴᠠ ᠪᠥᠬᠦ ᠤᠯᠤᠰ ᠤᠨ ᠪᠠᠩᠬᠢ ᠶᠢᠨ | ᠬᠤᠭᠤᠷᠣᠨᠳᠣᠬᠢ ᠠᠵᠢᠯ ᠨᠢᠭᠡᠲᠡᠨ ᠤ ᠵᠢᠭᠡᠯᠡᠯᠭᠡ ᠶᠢᠨ ᠲᠥᠪ ᠲᠤ ᠡᠷᠬᠡ ᠣᠯᠭᠤᠵᠤ᠂ 1 ᠵᠢᠯ ᠤᠨ ᠬᠤᠭᠤᠴᠠᠭ᠎ᠠ ᠲᠠᠢ | LPR ᠨᠢ 3.45% ᠪᠠᠶᠢᠵᠤ᠂ ᠬᠤᠪᠢᠷᠠᠭᠤᠯᠬᠤ ᠦᠭᠡᠢ ᠬᠡᠪ ᠢᠶᠠᠷ ᠪᠠᠶᠢᠯᠭᠠᠨ᠎ᠠ︔ 5 ᠵᠢᠯ ᠤᠨ ᠬᠤᠭᠤᠴᠠᠭ᠎ᠠ | ᠠᠴᠠ ᠳᠡᠭᠡᠭᠰᠢᠬᠢ LPR ᠨᠢ 3.95% ᠪᠤᠯᠭᠠᠵᠦ᠂ ᠡᠮᠦᠨᠡᠬᠢ ᠬᠤᠭᠤᠴᠠᠭᠠᠨ ᠤ ᠬᠢ ᠠᠴᠠ 25 ᠰᠠᠭᠤᠷᠢ ᠴᠡᠭ | ᠪᠠᠭᠤᠷᠠᠭᠤᠯᠪᠠ᠃ | 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠬᠦᠦ ᠶᠢᠨ ᠨᠣᠷᠮ᠎ᠠ ︵LPR︶ | ᠶᠡᠭᠡ ᠪᠠᠷ ᠪᠠᠭᠤᠷᠠᠭᠤᠯᠤᠭᠰᠠᠨ ᠨᠢ᠂ ᠶᠠᠮᠠᠷ ᠶᠠᠮᠠᠷ ᠳᠣᠬᠢᠶ᠎ᠠ ᠳᠠᠮᠵᠢᠭᠤᠯᠵᠤ ᠪᠠᠶᠢᠬᠤ ᠪᠣᠶ︖ ᠴᠢ ᠪᠢᠳᠡᠨ ᠤ | ᠵᠣᠭᠤᠰ ᠤᠨ ᠪᠣᠭᠴᠣ ᠶᠢ ᠬᠡᠷᠬᠢᠨ ᠨᠥᠯᠥᠭᠡᠯᠡᠬᠦ ᠪᠤᠢ︖ | ᠨᠡᠮᠡᠭᠳᠡᠯ ᠢ ᠲᠣᠭᠲᠠᠪᠤᠷᠢᠵᠢᠭᠤᠯᠵᠤ ᠬᠥᠭᠵᠢᠯᠲᠡ ᠶᠢ ᠠᠬᠢᠭᠤᠯᠬᠤ ᠬᠠᠷᠠᠯᠲᠠ ᠶᠢ ᠲᠤᠳᠤᠷᠬᠠᠶᠢᠯᠠᠪᠠ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠯᠡᠬᠡᠢ ᠶᠢᠨ ᠠᠵᠤ ᠠᠬᠤᠢ | ᠬᠢᠭᠡᠳ ᠤᠯᠤᠰ ᠲᠥᠷᠥ ᠶᠢᠨ ᠰᠤᠳᠤᠯᠭᠠᠨ ᠤ ᠭᠠᠵᠠᠷ ᠤᠨ ᠪᠥᠬᠦ ᠪᠥᠮᠪᠥᠷᠴᠡᠭ ᠤᠨ ᠬᠤᠷᠸ᠎ᠠ ᠠᠵᠤ ᠠᠬᠤᠢ ᠶᠢᠨ | ᠰᠤᠳᠤᠯᠭᠠᠨ ᠤ ᠲᠠᠰᠤᠭ ᠤᠨ ᠡᠷᠬᠢᠯᠡᠭᠴᠢ ᠰᠢᠶᠣᠣ ᠯᠢ ᠱᠧᠩ ᠬᠡᠯᠡᠬᠦ ᠳᠡᠭᠡᠨ᠂ ᠲᠣᠰ ᠤᠳᠠᠭᠠᠨ ᠤ 5 ᠵᠢᠯ ᠤᠨ | ᠬᠤᠭᠤᠴᠠᠭᠠᠨ ᠳᠠᠬᠢ LPR ᠶᠢᠨ ᠪᠠᠭᠤᠷᠠᠯᠲᠠ ᠶᠢᠨ ᠬᠡᠮᠵᠢᠶ᠎ᠡ ᠨᠢ 2019 ᠣᠨ ᠤ 8 ᠳ᠋ᠤᠭᠠᠷ ᠰᠠᠷ᠎ᠠ ᠳᠤ ᠮᠠᠨ ᠤ | ᠤᠯᠤᠰ ᠤᠨ LPR ᠶᠢᠨ ᠪᠦᠷᠢᠯᠳᠦᠬᠦ ᠲᠣᠭᠲᠠᠴᠠ ᠶᠢᠨ ᠥᠭᠡᠷᠡᠴᠢᠯᠡᠯᠲᠡ ᠬᠢᠭᠰᠡᠨ ᠠᠴᠠ ᠨᠠᠰᠢᠬᠢ ᠬᠠᠮᠤᠭ ᠤᠨ ᠶᠡᠭᠡ | ᠬᠡᠮᠵᠢᠶᠡᠨ ᠳᠤ ᠬᠦᠷᠴᠡᠢ᠂ ︽LPR ᠨᠢ ᠲᠡᠭᠰᠢ ᠬᠡᠮᠳᠤ ᠪᠤᠰᠤ ᠪᠠᠭᠤᠷᠠᠯᠲᠠ ᠶᠢ ᠬᠡᠷᠡᠭᠵᠢᠭᠦᠯᠵᠦ᠂ 5 ᠵᠢᠯ ᠠᠴᠠ | ᠳᠡᠭᠡᠭᠰᠢᠬᠢ LPR ᠶᠢᠨ ᠪᠠᠭᠤᠷᠠᠯᠲᠠ ᠶᠢᠨ ᠬᠡᠮᠵᠢᠶ᠎ᠡ ᠨᠢ ᠵᠠᠬ᠎ᠠ ᠳᠡᠯᠭᠡᠭᠦᠷ ᠤᠨ ᠵᠢᠱᠢᠯᠲᠡ ᠠᠴᠠ ᠳᠠᠪᠠᠭᠰᠠᠨ ᠪᠠᠶᠢᠨ᠎ᠠ | ︾ ᠭᠡᠵᠡᠢ᠃ | ᠳᠤᠮᠳᠠᠳᠤ ᠤᠯᠤᠰ ᠤᠨ ᠮᠢᠨ ᠱᠧᠩ ᠪᠠᠩᠬᠢ ᠶᠢᠨ ᠲᠡᠷᠢᠭᠦᠨ ᠠᠵᠤ ᠠᠬᠤᠢ ᠶᠢᠨ ᠤᠬᠠᠭᠠᠨᠲᠠᠨ ᠸᠧᠨ ᠪᠢᠨ | ᠬᠡᠯᠡᠬᠦ ᠳᠡᠭᠡᠨ᠂ ᠲᠣᠰ ᠤᠳᠠᠭᠠᠨ ᠤ ᠣᠷᠳᠣ ᠬᠤᠭᠤᠴᠠᠭᠠᠨ ᠤ LPR ᠶᠢᠨ ᠪᠠᠭᠤᠷᠠᠯᠲᠠ ᠨᠡᠯᠢᠶᠡᠳ ᠣᠯᠠᠨ ᠪᠠᠶᠢᠵᠤ᠂ | 1 ᠵᠢᠯ ᠤᠨ ᠬᠤᠭᠤᠴᠠᠭ᠎ᠠ ᠪᠠ 5 ᠵᠢᠯ ᠤᠨ ᠬᠤᠭᠤᠴᠠᠭ᠎ᠠ ᠠᠴᠠ ᠳᠡᠭᠡᠭᠰᠢᠬᠢ LPR ᠶᠢᠨ ᠬᠤᠭᠤᠷᠣᠨᠳᠣᠬᠢ ᠠᠰᠢᠭ | ᠬᠤᠨᠵᠢᠪᠤᠷᠢ ᠶᠢᠨ ᠵᠥᠷᠢᠶ᠎ᠡ 0.5 ᠵᠠᠭᠤᠨ ᠤ ᠨᠢᠭᠡᠴᠢ ᠪᠣᠯᠲᠠᠯ᠎ᠠ ᠪᠠᠭᠠᠰᠤᠭᠰᠠᠨ ᠨᠢ ᠬᠦᠦ ᠶᠢᠨ ᠨᠣᠷᠮ᠎ᠠ ᠶᠢᠨ | ᠲᠥᠷᠥ ᠶᠢᠨ ᠪᠣᠳᠣᠯᠭ᠎ᠠ ᠶᠢᠨ ᠬᠠᠮᠵᠢᠯᠴᠠᠬᠤ ᠴᠢᠨᠠᠷ ᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠡᠬᠢ | ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠢ ᠶᠤᠮ ᠭᠡᠵᠡᠢ᠃ | ᠱᠠᠩᠬᠠᠢ ᠶᠢᠨ ᠮᠥᠩᠭᠦᠨ ᠭᠦᠢᠯᠭᠡᠭᠡ ᠬᠢᠭᠡᠳ ᠬᠥᠭᠵᠢᠯᠲᠡ ᠶᠢᠨ ᠲᠤᠷᠰᠢᠯᠲᠠ ᠶᠢᠨ ᠲᠠᠰᠤᠭ ᠤᠨ ᠡᠷᠬᠢᠯᠡᠭᠴᠢ | ᠽᠧᠩ ᠭᠠᠩ ᠦᠨᠡᠯᠡᠬᠦ ᠳᠡᠭᠡᠨ᠂ ᠲᠣᠰ ᠤᠳᠠᠭᠠᠨ ᠤ LPR ᠶᠢᠨ ᠲᠣᠬᠢᠷᠠᠭᠤᠯᠤᠯᠲᠠ ᠪᠠᠭᠤᠷᠠᠭᠤᠯᠤᠯᠲᠠ ᠶᠢᠨ ︽ | ᠬᠠᠨᠳᠤᠯᠭᠠᠲᠤ ᠴᠢᠨᠠᠷ︾ ᠨᠢ ᠨᠠᠩ ᠴᠢᠩᠭ᠎ᠠ ᠪᠠᠶᠢᠨ᠎ᠠ᠃ 1 ᠵᠢᠯ ᠤᠨ ᠬᠤᠭᠤᠴᠠᠭᠠᠨ ᠳᠤ LPR ᠬᠤᠪᠢᠷᠠᠬᠤ ᠦᠭᠡᠢ | ᠪᠠᠶᠢᠬᠤ ᠨᠢ ᠪᠠᠩᠬᠢ ᠶᠢᠨ ᠬᠦᠦ ᠮᠥᠩᠭᠦ ᠶᠢᠨ ᠵᠥᠷᠢᠶ᠎ᠡ ᠶᠢᠨ ᠳᠣᠷᠣᠭᠰᠢᠯᠠᠬᠤ ᠳᠠᠷᠤᠯᠲᠠ ᠶᠢ ᠬᠥᠩᠭᠡᠷᠡᠭᠦᠯᠬᠦ ᠶᠢᠨ | ᠬᠠᠮᠲᠤ 5 ᠵᠢᠯ ᠠᠴᠠ ᠳᠡᠭᠡᠭᠰᠢ ᠬᠤᠭᠤᠴᠠᠭᠠᠨ ᠳᠤ LPR ᠳᠣᠷᠣᠭᠰᠢᠯᠠᠬᠤ ᠳᠤ ᠨᠡᠩ ᠶᠡᠭᠡ ᠣᠷᠣᠨ ᠵᠠᠢ ᠡᠭᠦᠳᠴᠦ | ᠥᠭᠬᠦ ᠳᠤ ᠠᠰᠢᠭᠲᠠᠢ ᠶᠤᠮ ᠭᠡᠵᠡᠢ᠃ | ᠭᠡᠷ ᠬᠤᠳᠠᠯᠳᠤᠨ ᠠᠪᠤᠭᠴᠢ ᠶᠢᠨ ᠬᠦᠦ ᠮᠥᠩᠭᠦ ᠶᠢᠨ ᠳᠠᠷᠤᠭᠠᠰᠤ ᠶᠢ ᠬᠦᠩᠭᠡᠷᠡᠭᠦᠯᠪᠡ | 5 ᠵᠢᠯ ᠤᠨ ᠬᠤᠭᠤᠴᠠᠭ᠎ᠠ ᠠᠴᠠ ᠳᠡᠭᠡᠭᠰᠢᠬᠢ LPR ᠪᠣᠯ ᠵᠣᠩᠬᠢᠯᠠᠬᠤ ᠣᠯᠠᠨ ᠲᠣᠭᠠᠨ ᠤ ᠬᠤᠪᠢ | ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠭᠲᠠᠭᠠᠬᠤ ︽ᠵᠠᠩᠭᠤᠤ︾ | ᠮᠥᠨ᠃ ᠬᠤᠳᠠᠯᠳᠤᠭᠠᠨ ᠤ ᠵᠢᠭᠡᠯᠡᠯᠭᠡ ᠶᠢᠨ 100 ᠲᠦᠮᠡᠨ ᠲᠥᠭᠦᠷᠢᠭ᠂ ᠵᠢᠯ ᠬᠤᠭᠤᠴᠠᠭ᠎ᠠ ᠨᠢ 30 ᠵᠢᠯ᠂ | ᠲᠡᠩᠴᠡᠭᠦᠦ ᠲᠣᠭᠠᠨ ᠤ ᠡᠬᠡ ᠬᠦᠦ ᠮᠥᠩᠭᠦ ᠶᠢᠨ ᠠᠷᠭ᠎ᠠ ᠮᠠᠶ᠋ᠢᠭ ᠢᠶᠠᠷ ᠪᠤᠳᠤᠪᠠᠯ᠂ ᠴᠡᠭ ᠨᠡᠮᠡᠬᠦ ᠶᠢ ᠪᠣᠳᠣᠯᠬᠢᠯᠠᠬᠤ | ᠦᠭᠡᠢ ᠪᠠᠶᠢᠳᠠᠯ ᠳᠣᠣᠷ᠎ᠠ᠂ ᠲᠣᠰ ᠤᠳᠠᠭ᠎ᠠ ᠶᠢᠨ 5 ᠵᠢᠯ ᠠᠴᠠ ᠳᠡᠭᠡᠭᠰᠢᠬᠢ LPR ᠶᠢ ᠪᠠᠭᠤᠷᠠᠭᠤᠯᠤᠭᠰᠠᠨ ᠨᠢ ᠭᠡᠷ | ᠪᠠᠶᠢᠰᠢᠩ ᠬᠤᠳᠠᠯᠳᠤᠨ ᠠᠪᠤᠭᠴᠢ ᠶᠢᠨ ᠬᠦᠦ ᠮᠥᠩᠭᠦ ᠶᠢ 5.2 ᠲᠦᠮᠡᠨ ᠲᠥᠭᠦᠷᠢᠭ ᠠᠴᠠ ᠳᠠᠪᠠᠭᠤᠯᠤᠨ ᠠᠷᠪᠢᠯᠠᠵᠤ | ᠥᠭᠬᠦ ᠪᠣᠯᠣᠨ᠎ᠠ︔ ᠲᠡᠩᠴᠡᠭᠦᠦ ᠲᠣᠭᠠᠨ ᠤ ᠡᠬᠡ ᠮᠥᠩᠭᠦ ᠶᠢᠨ ᠬᠡᠯᠪᠡᠷᠢ ᠪᠠᠷ 3.8 ᠲᠦᠮᠡᠨ ᠲᠥᠭᠦᠷᠢᠭ ᠤᠨ ᠬᠦᠦ | ᠮᠥᠩᠭᠦ ᠶᠢ ᠠᠷᠪᠢᠯᠠᠵᠠᠢ᠃ | ᠬᠡᠷᠡᠭᠯᠡᠭᠡᠨ ᠤ ᠮᠥᠩᠭᠦᠨ ᠭᠦᠢᠯᠭᠡᠭᠡᠨ ᠤ ᠬᠤᠪᠢᠴᠠᠭᠠᠳᠦ ᠺᠤᠮᠫᠠᠨᠢ ᠶᠢᠨ ᠲᠡᠷᠢᠭᠦᠨ ᠰᠤᠳᠤᠯᠤᠭᠴᠢ ᠳ᠋ᠦᠩ ᠰᠢ ᠮᠢᠶᠣᠣ | ᠵᠢᠭᠠᠵᠤ ᠭᠠᠷᠭᠠᠭᠰᠠᠨ ᠨᠢ᠂ 5 ᠵᠢᠯ ᠠᠴᠠ ᠳᠡᠭᠡᠭᠰᠢ LPR ᠪᠠᠭᠤᠷᠠᠭᠰᠠᠨ ᠤ ᠳᠠᠷᠠᠭ᠎ᠠ᠂ ᠰᠠᠭᠤᠭᠠᠯᠢ ᠠᠷᠠᠳ ᠤᠨ | ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠵᠠᠷᠤᠯᠭ᠎ᠠ ᠪᠠᠭᠠᠰᠬᠤ ᠪᠣᠯᠣᠨ᠎ᠠ᠃ ᠣᠷᠣᠨ ᠰᠠᠭᠤᠴᠠ ᠶᠢᠨ | ᠬᠠᠳᠠᠭᠠᠯᠠᠯᠲᠠ ᠶᠢᠨ ᠵᠢᠭᠡᠯᠡᠯᠭᠡ ᠳᠤ ᠠᠪᠴᠤ ᠬᠡᠯᠡᠪᠡᠯ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ | ᠨᠣᠷᠮ᠎ᠠ ᠳᠤ ᠳᠠᠬᠢᠨ ᠦᠨ᠎ᠡ ᠲᠣᠭᠲᠠᠭᠠᠭᠰᠠᠨ ᠡᠳᠦᠷ ᠤᠨ ᠳᠠᠷᠠᠭ᠎ᠠ ᠲᠣᠬᠢᠷᠠᠭᠤᠯᠤᠯᠲᠠ ᠬᠢᠨ᠎ᠡ︔ ᠰᠢᠨ᠎ᠡ ᠪᠠᠷ | ᠨᠡᠮᠡᠭᠳᠡᠭᠰᠡᠨ ᠣᠷᠣᠨ ᠰᠠᠭᠤᠴᠠ ᠶᠢᠨ ᠵᠢᠭᠡᠯᠡᠯᠭᠡ ᠳᠤ ᠠᠪᠴᠤ ᠬᠡᠯᠡᠪᠡᠯ᠂ ᠵᠢᠱᠢᠯᠲᠡ ᠪᠠᠷ ᠣᠯᠠᠩᠬᠢ ᠪᠠᠩᠬᠢ ᠲᠣᠰ | ᠤᠳᠠᠭᠠᠨ ᠤ LPR ᠶᠢᠨ ᠰᠠᠭᠤᠷᠢᠨ ᠳᠡᠭᠡᠷ᠎ᠡ ᠴᠡᠭ ᠨᠡᠮᠡᠵᠦ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ | ᠡᠭᠦᠨ ᠤ ᠤᠯᠠᠮ ᠢᠶᠠᠷ ᠰᠢᠨ᠎ᠡ ᠪᠠᠷ ᠨᠡᠮᠡᠭᠳᠡᠭᠰᠡᠨ ᠣᠷᠣᠨ ᠰᠠᠭᠤᠴᠠ ᠶᠢᠨ ᠵᠢᠭᠡᠯᠡᠯᠭᠡ ᠶᠢᠨ ᠪᠣᠳᠠᠲᠠᠢ ᠬᠦᠦ ᠮᠥᠩᠭᠦ ᠶᠢᠨ | ᠨᠣᠷᠮ᠎ᠠ ᠶᠢ ᠪᠠᠭᠤᠷᠠᠭᠤᠯᠬᠤ ᠪᠣᠯᠣᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠱᠠᠩᠬᠠᠢ ᠶᠢᠨ ᠣᠯᠠᠨ ᠪᠠᠩᠬᠢ | ᠲᠤᠬᠠᠢ ᠶᠢᠨ ᠡᠳᠦᠷ ᠲᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠪᠠᠨ ᠵᠡᠷᠭᠡ ᠪᠠᠷ | ᠰᠢᠨᠡᠳᠬᠡᠪᠡ᠂ ᠡᠭᠦᠨ ᠳᠤ ᠠᠩᠬᠠᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 3. | 85% ᠪᠣᠯᠭᠠᠨ ᠲᠣᠬᠢᠷᠠᠭᠤᠯᠵᠤ᠂ ᠬᠤᠶᠠᠳᠤᠭᠠᠷ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ | ᠨᠣᠷᠮ᠎ᠠ ᠶᠢ 4.15% ᠠᠴᠠ 4.25% ᠪᠣᠯᠭᠠᠵᠠᠢ᠃ | ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠢ ᠳᠡᠭᠡᠭᠰᠢᠯᠡᠭᠦᠯᠬᠦ ᠳᠤ ᠲᠤᠰᠠᠲᠠᠢ | ᠲᠣᠰ ᠤᠳᠠᠭᠠᠨ ᠤ LPR ᠶᠢᠨ ᠲᠣᠬᠢᠷᠠᠭᠤᠯᠤᠯᠲᠠ ᠪᠠᠭᠤᠷᠠᠯᠲᠠ ᠨᠢ ᠪᠠᠰᠠ ᠲᠥᠷᠥ ᠶᠢᠨ ᠪᠣᠳᠣᠯᠭ᠎ᠠ ᠶᠢᠨ | ᠦᠷᠭᠦᠯᠵᠢᠯᠡᠬᠦ ᠴᠢᠨᠠᠷ ᠢ ᠬᠠᠷᠠᠭᠤᠯᠵᠤ ᠪᠠᠶᠢᠨ᠎ᠠ᠃ 2019 ᠣᠨ ᠤ 8 ᠳ᠋ᠤᠭᠠᠷ ᠰᠠᠷ᠎ᠠ ᠳᠤ LPR ᠥᠭᠡᠷᠡᠴᠢᠯᠡᠯᠲᠡ | ᠬᠢᠭᠰᠡᠨ ᠠᠴᠠ ᠨᠠᠰᠢ᠂ 5 ᠵᠢᠯ ᠠᠴᠠ ᠳᠡᠭᠡᠭᠰᠢᠬᠢ LPR ᠨᠢᠭᠡᠨᠲᠡ 8 ᠤᠳᠠᠭ᠎ᠠ ᠪᠠᠭᠤᠷᠠᠵᠤ᠂ ᠨᠡᠶᠢᠲᠡ 90 | ᠰᠠᠭᠤᠷᠢ ᠴᠡᠭ ᠪᠠᠭᠤᠷᠠᠪᠠ︔ 1 ᠵᠢᠯ ᠤᠨ ᠬᠤᠭᠤᠴᠠᠭᠠᠨ ᠳᠤ LPR ᠨᠢ 9 ᠤᠳᠠᠭ᠎ᠠ ᠪᠠᠭᠤᠷᠠᠵᠤ᠂ 80 ᠰᠠᠭᠤᠷᠢ | ᠴᠡᠭ ᠪᠠᠭᠤᠷᠠᠪᠠ᠃ ᠲᠤᠰᠬᠠᠢ ᠮᠡᠷᠭᠡᠵᠢᠯᠲᠡᠨ ᠤ ᠦᠵᠡᠬᠦ ᠪᠠᠷ᠂ ᠣᠷᠣᠨ ᠰᠠᠭᠤᠴᠠ ᠶᠢᠨ ᠬᠠᠳᠠᠭᠠᠯᠠᠯᠲᠠ ᠶᠢᠨ | ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠬᠦ ᠶᠢ ᠳᠠᠭᠠᠯᠳᠤᠨ᠂ ᠰᠠᠭᠤᠭᠠᠯᠢ ᠠᠷᠠᠳ ᠤᠨ | ᠬᠦᠦ ᠮᠥᠩᠭᠦ ᠶᠢᠨ ᠵᠠᠷᠤᠯᠭ᠎ᠠ ᠪᠠᠭᠠᠰᠴᠤ᠂ ᠰᠠᠭᠤᠭᠠᠯᠢ ᠠᠷᠠᠳ ᠤᠨ ᠬᠡᠷᠡᠭᠯᠡᠭᠡ ᠶᠢ ᠤᠯᠠᠮ ᠨᠢᠭᠡ ᠠᠯᠬᠤᠮ | ᠰᠡᠷᠭᠦᠭᠡᠬᠦ ᠳᠤ ᠴᠦ ᠠᠰᠢᠭᠲᠠᠢ ᠪᠣᠯᠣᠨ᠎ᠠ᠃ | ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠵᠤ᠂ ᠢᠲᠡᠭᠡᠮᠵᠢᠲᠦ | ᠵᠢᠭᠡᠯᠡᠯᠭᠡ ᠶᠢᠨ ᠣᠷᠴᠢᠨ ᠲᠤᠭᠤᠷᠢᠨ ᠢ ᠰᠠᠶᠢᠵᠢᠷᠠᠭᠤᠯᠪᠠ | 5 ᠵᠢᠯ ᠠᠴᠠ ᠳᠡᠭᠡᠭᠰᠢᠬᠢ LPR ᠶᠢ ᠶᠡᠭᠡ ᠪᠠᠷ ᠪᠠᠭᠤᠷᠠᠭᠤᠯᠵᠤ᠂ ᠪᠠᠰᠠ ᠠᠵᠤ ᠠᠬᠤᠶᠢᠯᠠᠯ ︵ᠠᠵᠢᠯ | ᠦᠢᠯᠡᠰ︶ ᠤᠨ ᠨᠢᠭᠡᠴᠢ ᠶᠢᠨ ᠤᠷᠲᠤᠪᠲᠤᠷ ᠪᠠ ᠣᠷᠳᠣ ᠬᠤᠭᠤᠴᠠᠭᠠᠨ ᠤ ᠵᠢᠭᠡᠯᠡᠯᠭᠡ ᠶᠢᠨ ᠬᠦᠦ ᠮᠥᠩᠭᠦ ᠶᠢᠨ | ᠨᠣᠷᠮ᠎ᠠ ᠶᠢ ᠪᠠᠭᠤᠷᠠᠭᠤᠯᠵᠤ᠂ ᠠᠵᠤ ᠠᠬᠤᠶᠢᠯᠠᠯ ︵ᠠᠵᠢᠯ ᠦᠢᠯᠡᠰ︶ ᠤᠨ ᠨᠢᠭᠡᠴᠢ ᠶᠢᠨ ᠤᠷᠲᠤᠪᠲᠤᠷ ᠪᠠ ᠣᠷᠳᠣ | ᠬᠤᠭᠤᠴᠠᠭᠠᠨ ᠤ ᠵᠢᠭᠡᠯᠡᠯᠭᠡ ᠶᠢᠨ ᠬᠡᠷᠡᠭᠴᠡᠭᠡ ᠶᠢ ᠤᠯᠠᠮ ᠨᠢᠭᠡ ᠠᠯᠬᠤᠮ ᠬᠥᠭᠵᠢᠭᠡᠬᠦ ᠪᠣᠯᠣᠨ᠎ᠠ᠃ ᠦᠢᠯᠡᠳᠬᠦ | ᠦᠢᠯᠡᠰ ᠤᠨ ᠠᠵᠤ ᠠᠬᠤᠶᠢᠯᠠᠯ ᠢᠶᠠᠷ ᠵᠢᠱᠢᠶᠡᠯᠡᠪᠡᠯ᠂ ︽ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠭᠰᠠᠨ ᠤ | ᠳᠠᠷᠠᠭ᠎ᠠ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠬᠦᠰᠡᠯ | ᠡᠷᠡᠮᠡᠯᠵᠡᠯ ᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠢ᠂ ᠨᠠᠩ ᠴᠤ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠤ ᠬᠥᠭᠵᠢᠯᠲᠡ ᠶᠢ ᠲᠦᠷᠭᠡᠳᠬᠡᠬᠦ ᠳᠤ ᠠᠰᠢᠭᠲᠠᠢ ᠶᠤᠮ︾ ᠭᠡᠵᠦ ᠰᠢᠶᠣᠣ ᠯᠢ ᠱᠧᠩ ᠢᠯᠡᠳᠬᠡᠪᠡ᠃ | ᠡᠭᠦᠨ ᠠᠴᠠ ᠭᠠᠳᠠᠨ᠎ᠠ᠂ ᠬᠦᠦ ᠮᠥᠩᠭᠦ ᠶᠢᠨ ᠨᠤᠷᠮ᠎ᠠ ᠶᠢ ᠪᠠᠭᠤᠷᠠᠭᠤᠯᠬᠤ ᠨᠢ ᠪᠠᠰᠠ ᠤᠯᠤᠰ ᠤᠨ ᠴᠢᠬᠤᠯᠠ | ᠶᠡᠭᠡ ᠵᠦᠢᠯᠡᠰ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠷᠳᠤ ᠬᠤᠭᠤᠴᠠᠭᠠᠨ ᠤ | ᠵᠢᠭᠡᠯᠡᠯᠭᠡ ᠪᠠᠷ ᠨᠡᠯᠢᠶᠡᠳ ᠥᠨᠳᠥᠷ ᠡᠵᠡᠯᠡᠬᠦ ᠳᠤ ᠠᠰᠢᠭᠲᠠᠢ ᠪᠥᠭᠡᠳ ᠣᠷᠣᠨ ᠨᠤᠲᠤᠭ ᠤᠨ ᠥᠭᠴᠡᠭᠡᠨ ᠤ ᠬᠦᠦ | ᠮᠥᠩᠭᠦ ᠶᠢᠨ ᠵᠠᠷᠤᠯᠭ᠎ᠠ ᠶᠢᠨ ᠳᠠᠷᠤᠯᠲᠠ ᠶᠢ ᠬᠥᠩᠭᠡᠷᠡᠭᠦᠯᠬᠦ ᠳᠤ ᠴᠦ ᠠᠰᠢᠭᠲᠠᠢ ᠶᠤᠮ᠃ | ᠢᠷᠡᠯᠲᠡ᠄ ᠰᠢᠨᠬᠤᠸᠠ ᠬᠤᠷᠢᠶ᠎ᠠ |