ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠠᠶᠤᠯ ᠤᠨ ᠠᠳᠡᠯ ᠪᠠᠶᠢᠨ ᠳᠠᠬᠢᠨ ᠭᠠᠷᠴᠤ ᠪᠠᠶᠢᠬᠤ ᠶᠢ ᠬᠡᠷᠬᠢᠨ ᠰᠡᠷᠭᠡᠶᠢᠯᠡᠬᠦ ᠪᠤᠢ︖
ᠨᠡᠶᠢᠲᠡᠯᠡᠭᠰᠡᠨ ᠴᠠᠭ᠄
2024/2/28
      ᠣᠶᠢᠷ᠎ᠠ ᠶᠢᠨ ᠬᠤᠭᠤᠴᠠᠭᠠᠨ ᠳᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠲᠠᠢ ᠬᠤᠯᠪᠣᠭᠳᠠᠭᠰᠠᠨ ᠭᠠᠯ ᠤᠨ ᠭᠠᠮᠰᠢᠭ ᠤᠨ ᠠᠳᠡᠯ ᠵᠠᠯᠭᠠᠭ᠎ᠠ ᠪᠠᠷ ᠭᠠᠷᠴᠤ᠂ ᠬᠥᠮᠥᠰ ᠤᠨ ᠠᠩᠬᠠᠷᠤᠯ ᠢ ᠲᠠᠲᠠᠬᠤ ᠶᠢᠨ ᠵᠡᠷᠭᠡ ᠳᠤ ᠬᠥᠮᠥᠰ ᠤᠨ ᠠᠮᠤᠷ ᠲᠦᠪᠰᠢᠨ ᠤ ᠳᠠᠯᠳᠠ ᠬᠡᠮ ᠤᠨ ᠲᠤᠬᠠᠢ ᠠᠩᠬᠠᠷᠤᠯ ᠪᠠ ᠶᠠᠷᠢᠯᠴᠠᠭ᠎ᠠ ᠶᠢ ᠳᠠᠬᠢᠨᠲᠠ ᠡᠭᠦᠰᠬᠡᠪᠡ᠃ ᠮᠠᠨ ᠤ ᠤᠯᠤᠰ ᠤᠨ ᠣᠳᠣᠬᠠᠨ ᠤ ᠬᠤᠶᠠᠷ ᠬᠦᠷᠳᠦᠲᠦ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠲᠤᠭ᠎ᠠ  ᠨᠢ ᠨᠠᠭᠠᠲᠤ ᠵᠠᠬ᠎ᠠ ᠳᠠᠭᠠᠨ 3.5 ᠳ᠋ᠦᠩᠰᠢᠭᠤᠷ ᠪᠠᠶᠢᠵᠤ᠂ ᠳᠤᠮᠳᠠᠴᠢ ᠪᠠᠷ 4 ᠬᠥᠮᠥᠨ ᠪᠦᠷᠢ ᠶᠢᠨ ᠳᠣᠲᠣᠷ᠎ᠠ ᠠᠴᠠ 1 ᠬᠥᠮᠥᠨ ᠨᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠲᠠᠢ ᠪᠠᠶᠢᠳᠠᠭ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠨᠢ ᠭᠠᠳᠠᠭᠰᠢ ᠭᠠᠷᠬᠤ ᠳᠤ ᠲᠥᠬᠦᠮ ᠦᠵᠡᠭᠦᠯᠳᠡᠭ ᠪᠣᠯᠪᠠᠴᠤ ᠲᠡᠭᠦᠨ ᠤ ᠠᠮᠤᠷ ᠲᠦᠪᠰᠢᠨ ᠤ ᠳᠠᠯᠳᠠ ᠬᠡᠮ ᠰᠣᠭᠤᠭ ᠢ ᠴᠤ ᠪᠠᠰᠤᠵᠤ ᠪᠣᠯᠬᠤ ᠦᠭᠡᠢ᠃      ᠤᠯᠤᠰ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠶᠢᠨ ᠪᠦᠷᠢᠳᠬᠡᠯ ᠢ ᠦᠨᠳᠦᠰᠦᠯᠡᠪᠡᠯ᠂ 2023 ᠣᠨ ᠳᠤ ᠪᠥᠬᠦ ᠤᠯᠤᠰ ᠲᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠭᠠᠮᠰᠢᠭ ᠢ ᠨᠡᠶᠢᠲᠡ 2.1 ᠲᠦᠮᠡ ᠭᠥᠯᠢᠶᠡᠨ ᠠᠪᠴᠤ᠂ 2022 ᠣᠨ ᠤ ᠬᠢ ᠠᠴᠠ 17.4% ᠪᠠᠷ ᠳᠡᠭᠡᠭᠰᠢᠯᠡᠵᠡᠢ᠃ ᠶᠠᠭᠠᠬᠢᠭᠠᠳ ᠬᠠᠮᠢᠶ᠎ᠠ ᠪᠦᠬᠦᠢ ᠡᠷᠦᠢ ᠬᠤᠷᠤᠢ ᠦᠭᠡᠢ ᠦᠵᠡᠭᠳᠡᠯ ᠢ ᠣᠯᠠᠨᠲᠠ ᠴᠠᠭᠠᠵᠠᠯᠠᠪᠠᠴᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠭᠠᠮᠰᠢᠭ ᠤᠨ ᠠᠳᠡᠯ ᠤᠳᠠᠭ᠎ᠠ ᠳᠠᠷᠠᠭ᠎ᠠ ᠪᠠᠷ ᠡᠭᠦᠰᠳᠡᠭ ᠪᠣᠶ︖ ᠴᠣᠬᠤᠮ ᠠᠯᠢ ᠭᠤᠭᠴᠤᠭ᠎ᠠ ᠳᠤ ᠠᠰᠠᠭᠤᠳᠠᠯ ᠭᠠᠷᠤᠭᠰᠠᠨ ᠪᠤᠶ︖ ᡼      ᠮᠠᠰᠢ ᠣᠯᠠᠨ ᠠᠳᠡᠯ ᠬᠡᠷᠡᠭ ᠤᠨ ᠠᠷᠤ ᠳᠤ ᠴᠥᠮ ᠮᠢᠨᠴᠦᠭᠦᠷᠡᠨ ᠠᠯᠮᠠᠶᠢᠷᠠᠬᠤ ᠰᠡᠳᠬᠢᠯᠭᠡ ᠪᠠ ᠠᠵᠠ ᠵᠠᠪᠰᠢᠶᠠᠨ ᠢᠶᠠᠷ ᠰᠤᠯᠠᠷᠠᠬᠤ ᠰᠡᠳᠬᠢᠯᠭᠡ ᠶᠢᠨ ᠰᠡᠭᠦᠳᠡᠷ ᠪᠠᠶᠢᠳᠠᠭ᠃ ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ ᠪᠣᠯᠬᠤᠷ ᠶᠠᠮᠠᠷ ᠴᠤ ᠭᠤᠷᠢᠳᠠᠬᠤ ᠪᠣᠳᠣᠯ ᠪᠠᠶᠢᠵᠤ ᠪᠣᠯᠬᠤ ᠦᠭᠡᠢ ᠭᠡᠳᠡᠭ ᠢ ᠬᠤᠯᠪᠣᠭᠳᠠᠯ ᠪᠦᠬᠦᠢ ᠬᠡᠷᠡᠭ ᠤᠨ ᠵᠢᠱᠢᠶ᠎ᠡ ᠪᠢᠳᠡᠨ ᠳᠤ ᠰᠡᠷᠡᠮᠵᠢᠯᠡᠭᠦᠯᠵᠡᠢ᠃ ᠶᠠᠮᠠᠷᠪᠠ ᠨᠢᠭᠡ ᠤᠳᠠᠭ᠎ᠠ ᠶᠢᠨ ᠬᠠᠤᠯᠢ ᠲᠣᠭᠲᠠᠭᠠᠯ  ᠠᠴᠠ ᠵᠥᠷᠢᠴᠡᠭᠰᠡᠨ᠂ ᠶᠠᠮᠠᠷᠪᠠ ᠨᠢᠭᠡ ᠤᠳᠠᠭ᠎ᠠ ᠶᠢᠨ ᠮᠢᠨᠴᠦᠭᠦᠷᠡᠯ ᠨᠢ ᠴᠥᠮ ᠭᠠᠯ ᠤᠨ ᠭᠠᠮᠰᠢᠭ ᠤᠨ ᠠᠳᠡᠯ ᠭᠠᠷᠭᠠᠵᠤ ᠮᠡᠳᠡᠨ᠎ᠡ᠃ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠪᠤᠶᠤ ᠠᠳᠠᠯ ᠠᠬᠤᠢ ᠶᠢᠨ ᠺᠣᠮᠫᠠᠨᠢ ᠭᠡᠰᠡᠨ ᠦᠭᠡᠢ ᠴᠥᠮ ᠡᠷᠬᠡᠪᠰᠢ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃      ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠭᠠᠮᠰᠢᠭ ᠠᠴᠠ ᠪᠣᠯᠵᠤ ᠬᠥᠮᠥᠨ ᠦᠬᠦᠵᠦ ᠰᠢᠷᠬᠠᠲᠤᠭᠰᠠᠨ ᠬᠡᠷᠡᠭ ᠤᠨ ᠵᠢᠱᠢᠶ᠎ᠡ ᠶᠢᠨ 90% ᠨᠢ ᠡᠭᠦᠳᠡᠨ ᠲᠢᠩᠬᠢᠮ ᠠᠰᠠᠷ ᠤᠨ ᠵᠠᠮ ᠵᠢᠴᠢ ᠠᠰᠠᠷ ᠤᠨ ᠱᠠᠲᠤᠨ ᠤ ᠬᠤᠭᠤᠷᠣᠨᠳᠣᠬᠢ ᠵᠡᠷᠭᠡ ᠲᠠᠯᠠᠪᠤᠷ ᠲᠤ ᠡᠭᠦᠰᠦᠭᠰᠡᠨ ᠪᠠᠶᠢᠨ᠎ᠠ᠃ ᠭᠡᠪᠡᠴᠦ ᠠᠯᠢ ᠡᠷᠲᠡ 2021 ᠣᠨ ᠳᠤ ᠨᠡᠶᠢᠲᠡᠯᠡᠨ ᠬᠡᠷᠡᠭᠵᠢᠭᠦᠯᠦᠭᠰᠡᠨ ︽ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠳᠤ᠂ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠣᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠨ ᠶᠠᠪᠤᠭᠤᠯᠬᠤ ᠵᠠᠮ᠂ ᠠᠰᠠᠷ ᠤᠨ ᠱᠠᠲᠤᠨ ᠤ ᠬᠤᠭᠤᠷᠣᠨᠳᠣᠬᠢ᠂ ᠠᠮᠤᠷ ᠲᠦᠪᠰᠢᠨ ᠭᠠᠷᠬᠤ ᠡᠭᠦᠳᠡᠨ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠲᠠᠯᠪᠢᠬᠤ ᠪᠤᠶᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠴᠠᠬᠢᠯᠭᠠᠨ ᠴᠡᠨᠡᠭᠯᠡᠬᠦ ᠶᠢ ᠴᠠᠭᠠᠵᠠᠯᠠᠨ᠎ᠠ ᠭᠡᠵᠦ ᠲᠣᠳᠣᠷᠬᠠᠢ ᠲᠣᠭᠲᠠᠭᠠᠵᠠᠢ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠠᠷᠢᠯᠭᠠᠬᠤ ᠳᠤ ᠡᠷᠬᠡᠪᠰᠢ ᠬᠤᠯᠪᠣᠭᠳᠠᠯ ᠪᠦᠬᠦᠢ ᠳᠦᠷᠢᠮ ᠤᠨ ᠲᠣᠭᠲᠠᠭᠠᠯ ᠢ ︽ᠰᠢᠳᠦ ᠤᠷᠭᠤᠭᠤᠯᠵᠤ︾᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠠᠰᠠᠷ ᠲᠤ ᠣᠷᠣᠭᠤᠯᠵᠤ ᠡᠷᠦᠬᠡ ᠳᠤ ᠣᠷᠣᠭᠤᠯᠬᠤ᠂ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠵᠡᠷᠭᠡ ᠦᠶᠯᠡ ᠠᠵᠢᠯᠯᠠᠭ᠎ᠠ ᠳᠤ ᠦᠨᠡᠨ ᠬᠦ ᠰᠦᠷᠳᠡᠭᠦᠯᠦᠯ ᠪᠣᠯᠵᠤ᠂ ᠬᠤᠷᠢᠭᠯᠠᠬᠤ ᠦᠢᠯᠡᠳᠦᠯ ᠦᠵᠡᠭᠦᠯᠬᠦ ᠬᠡᠷᠡᠭᠲᠡᠢ᠃ ︽ᠠᠷᠠᠳ ᠤᠨ ᠠᠭᠠᠷ ᠤᠨ ᠰᠡᠷᠭᠡᠶᠢᠯᠡᠯᠲᠡ︾ ᠳᠤᠲᠠᠭᠳᠠᠵᠤ ᠪᠣᠯᠣᠰᠢ ᠦᠭᠡᠢ᠂ ︽ᠮᠡᠷᠭᠡᠵᠢᠯ ᠤᠨ ᠰᠡᠷᠭᠡᠶᠢᠯᠡᠯᠲᠡ︾ ᠴᠦ ᠮᠠᠰᠢ ᠴᠢᠬᠤᠯᠠ ᠪᠠᠶᠢᠳᠠᠭ᠃ ᠵᠠᠷᠢᠮ ᠵᠢᠵᠢᠭ ᠲᠣᠭᠤᠷᠢᠭ ᠤᠨ ᠬᠢᠨ ᠴᠠᠬᠢᠯᠭᠠᠨ ᠱᠠᠲᠤᠨ ᠳᠤ ᠣᠶᠤᠨᠴᠢ ᠢᠯᠭᠠᠨ ᠲᠠᠨᠢᠬᠤ ᠰᠢᠰᠲ᠋ᠧᠮ ᠤᠭᠰᠠᠷᠠᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠦᠯᠬᠢᠵᠦ ᠣᠷᠣᠬᠤ ᠳᠤ ᠭᠦᠷᠪᠡᠯ᠂ ᠰᠡᠷᠡᠮᠵᠢ ᠶᠢᠨ ᠳᠣᠬᠢᠶ᠎ᠠ ᠶᠢ ᠬᠥᠳᠡᠯᠭᠡᠬᠦ ᠪᠤᠶᠤ ᠲᠡᠭᠡᠭᠡᠪᠦᠷᠢᠯᠡᠬᠦ ᠪᠠᠨ ᠠᠶᠠᠨᠳᠠᠭᠠᠨ ᠵᠣᠭᠰᠣᠳᠠᠭ᠃ ᠡᠭᠦᠨ ᠠᠴᠠ ᠦᠵᠡᠬᠦ ᠳᠤ᠂ ᠵᠠᠰᠠᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠳᠦᠷᠢᠮ ᠪᠠ ᠮᠡᠷᠭᠡᠵᠢᠯ ᠤᠨ ᠦᠢᠯᠡᠳᠦᠯ ᠴᠢᠳᠠᠪᠤᠷᠢ ᠶᠢ ᠬᠥᠭᠵᠢᠭᠡᠪᠡᠯ ᠰᠠᠶ᠋ᠢ ᠠᠯᠳᠠᠰᠢ ᠭᠠᠷᠬᠤ ᠶᠢ ᠨᠡᠩ ᠰᠠᠶᠢᠲᠤᠷ ᠬᠤᠷᠢᠭᠯᠠᠵᠤ᠂ ᠠᠶᠤᠯ ᠲᠦᠭᠰᠢᠭᠦᠷᠢ ᠶᠢ ᠨᠡᠩ ᠰᠠᠶᠢᠲᠤᠷ ᠰᠡᠷᠭᠡᠶᠢᠯᠡᠵᠦ ᠴᠢᠳᠠᠨ᠎ᠠ᠃      ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠭᠠᠮᠰᠢᠭ ᠤᠨ ᠳᠠᠯᠳᠠ ᠬᠡᠮ ᠢ ᠰᠡᠷᠭᠡᠶᠢᠯᠡᠨ ᠠᠷᠢᠯᠭᠠᠬᠤ ᠳᠤ᠂ ︽ᠪᠥᠭᠯᠡᠬᠦ︾ ᠠᠵᠢᠯ ᠢ ᠰᠠᠶᠢᠲᠤᠷ ᠬᠢᠬᠦ ᠪᠠᠷ ᠪᠠᠷᠠᠬᠤ ᠦᠭᠡᠢ ᠪᠠᠰᠠ ᠨᠠᠩ ᠣᠯᠠᠨ ︽ᠨᠡᠪᠲᠡᠷᠡᠭᠦᠯᠬᠦ︾ ᠠᠷᠭ᠎ᠠ ᠬᠡᠮᠵᠢᠶ᠎ᠡ ᠠᠪᠬᠤ ᠬᠡᠷᠡᠭᠲᠡᠢ᠃ ᠶᠠᠭᠤᠨ ᠤ ᠤᠴᠢᠷ ᠠᠴᠠ ᠵᠠᠷᠢᠮ ᠠᠶᠢᠯ ᠡᠷᠦᠬᠡ ᠵᠠᠪᠠᠯ ︽ᠲᠡᠷᠭᠡ ᠲᠦᠯᠬᠢᠵᠦ ᠡᠷᠦᠬᠡ ᠳᠤ ᠣᠷᠣᠬᠤ︾ ᠭᠡᠵᠦ ᠪᠠᠶᠢᠭ᠎ᠠ ᠪᠤᠶ︖᡼ ᠲᠥᠪᠯᠡᠷᠡᠭᠦᠯᠦᠨ ᠲᠠᠯᠪᠢᠬᠤ ᠲᠠᠯᠠᠪᠤᠷ ᠪᠠ ᠴᠠᠬᠢᠯᠭᠠᠨ ᠴᠡᠨᠡᠭᠯᠡᠬᠦ ᠲᠥᠬᠦᠭᠡᠷᠦᠮᠵᠢ ᠬᠦᠷᠦᠯᠴᠡᠬᠦ ᠦᠭᠡᠢ ᠪᠠᠶᠢᠬᠤ ᠪᠣᠯ ᠭᠤᠣᠯ ᠡᠪᠡᠷᠰᠢᠶᠡᠯ ᠮᠥᠨ᠂ ᠴᠠᠬᠢᠯᠭᠠᠨ ᠴᠡᠨᠡᠭᠯᠡᠬᠦ ᠰᠠᠷᠠᠪᠴᠢ ᠶᠢ ᠪᠠᠶᠢᠭᠤᠯᠤᠭᠰᠠᠨ ᠤ ᠳᠠᠷᠠᠭ᠎ᠠ ᠪᠤᠰᠤᠳ ᠲᠡᠷᠭᠡ ᠴᠠᠬᠢᠯᠭᠠᠨ ᠴᠡᠨᠡᠭᠯᠡᠬᠦ ᠦᠭᠡᠢ ᠴᠦ ᠣᠷᠣᠨ ᠪᠠᠶᠢᠷᠢ ᠶᠢ ᠡᠵᠡᠯᠡᠵᠦ᠂ ᠤᠮᠠᠷᠠᠲᠤ ᠣᠷᠣᠨ ᠤ ᠡᠪᠦᠯ ᠤᠨ ᠬᠦᠢᠲᠡᠨ ᠭᠡᠷ ᠤᠨ ᠭᠠᠳᠠᠨ᠎ᠠ ᠴᠠᠬᠢᠯᠭᠠᠨ ᠴᠡᠨᠡᠭᠯᠡᠵᠦ ᠳᠡᠶᠢᠯᠬᠦ ᠦᠭᠡᠢ ᠵᠡᠷᠭᠡ ᠪᠣᠳᠠᠲᠠᠢ ᠠᠰᠠᠭᠤᠳᠠᠯ ᠨᠢ ︽ᠴᠠᠬᠢᠯᠭᠠᠨ ᠴᠡᠨᠡᠭᠯᠡᠬᠦ ᠳᠤ ᠬᠦᠴᠢᠷ︾ ᠪᠠᠶᠢᠳᠠᠯ ᠢ ᠤᠯᠠᠮ ᠨᠢᠭᠡ ᠠᠯᠬᠤᠮ ᠬᠦᠨᠳᠦᠷᠡᠭᠦᠯᠦᠭᠰᠡᠨ ᠪᠠᠶᠢᠨ᠎ᠠ᠃ ᠡᠨᠡᠬᠦ ᠤᠳᠬ᠎ᠠ ᠠᠭᠤᠯᠭ᠎ᠠ ᠠᠴᠠ ᠠᠪᠴᠤ ᠬᠡᠯᠡᠪᠡᠯ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠪᠠᠰᠠ ᠴᠠᠬᠢᠯᠭᠠᠨ ᠴᠡᠨᠡᠭᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ᠂ ᠴᠠᠬᠢᠯᠭᠠᠨ ᠤ ᠦᠨ᠎ᠡ ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠨᠡᠩ ᠤᠯᠠᠨ ᠨᠢᠭᠡᠳᠦᠯᠲᠡᠢ᠂ ᠳᠥᠭᠦᠮ ᠳᠥᠲᠡ᠂ ᠠᠰᠢᠭᠲᠠᠢ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠰᠠᠶᠢᠲᠤᠷ ᠪᠠᠶᠢᠭᠤᠯᠤᠨ ᠰᠠᠶᠢᠲᠤᠷ ᠬᠠᠮᠢᠶᠠᠷᠴᠤ᠂ ᠮᠠᠰᠢᠨ ᠲᠡᠷᠭᠡ ᠶᠢ ᠵᠣᠭᠰᠤᠭᠠᠬᠤ ᠪᠠ ᠴᠠᠬᠢᠯᠭᠠᠨ ᠴᠡᠨᠡᠭᠯᠡᠬᠦ ᠪᠣᠳᠠᠲᠠᠢ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ᠂ ᠨᠠᠷᠢᠯᠢᠭ ᠵᠠᠰᠠᠬᠤ ᠳᠤ ︽ᠬᠤᠸᠠᠷ ᠬᠠᠳᠬᠤᠬᠤ ᠡᠷᠳᠡᠮ︾ ᠢ ᠭᠦᠢᠴᠡᠳ ᠪᠠᠳᠠᠷᠠᠭᠤᠯᠬᠤ ᠬᠡᠷᠡᠭᠲᠡᠢ᠃ ᠢᠯᠠᠩᠭᠤᠶ᠎ᠠ ᠨᠡᠶᠢᠭᠡᠮ ᠤᠨ ᠵᠠᠰᠠᠯᠲᠠ ᠶᠢᠨ ᠦᠨᠳᠦᠰᠦᠨ ᠱᠠᠲᠤᠨ ᠤ ᠨᠢᠭᠡᠴᠢ ᠪᠣᠯᠤᠭᠰᠠᠨ ᠨᠡᠶᠢᠭᠡᠮ ᠲᠣᠭᠤᠷᠢᠭ ᠨᠢ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠵᠠᠰᠠᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠲᠠᠯ᠎ᠠ ᠪᠠᠷ ᠪᠠᠭ᠎ᠠ ᠪᠤᠰᠤ ᠣᠷᠣᠨ ᠵᠠᠢ ᠲᠠᠢ ᠪᠣᠯᠬᠤᠷ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠠᠷᠢᠭᠤᠴᠠᠬᠤ ᠣᠪᠣᠷ ᠢᠶᠠᠷ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠰᠦᠪᠡᠭᠴᠢᠯᠡᠬᠦ ᠬᠡᠷᠡᠭᠲᠡᠢ᠃      ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠳᠡᠯ ᠭᠠᠷᠤᠭᠰᠠᠨ ᠤ ᠬᠠᠮᠤᠭ ᠤᠨ ᠭᠤᠣᠯ ᠠᠰᠠᠭᠤᠳᠠᠯ ᠪᠣᠯ ᠲᠡᠷᠭᠡᠨ ᠤ ᠪᠡᠶ᠎ᠡ ᠪᠣᠯᠣᠨ ᠴᠡᠨᠡᠭ ᠤᠨ ᠶᠠᠰᠤ ᠴᠢᠨᠠᠷ ᠤᠨ ᠠᠮᠤᠷ ᠲᠦᠪᠰᠢᠨ ᠬᠢᠷᠢ ᠲᠡᠩᠴᠡᠬᠦ ᠦᠭᠡᠢ ᠪᠠᠶᠢᠬᠤ ᠶᠠᠪᠤᠳᠠᠯ ᠪᠣᠯᠣᠨ᠎ᠠ᠃ ᠲᠥᠷᠥᠯ ᠵᠦᠢᠯ ᠤᠨ ᠲᠥᠯᠥᠪᠯᠡᠭᠡ ᠶᠢ ᠦᠨᠳᠦᠰᠦᠯᠡᠪᠡᠯ᠂ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠪᠣᠯᠬᠤ ︽ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠬᠡᠷᠡᠭᠯᠡᠬᠦ ᠯᠢᠲ᠋ᠢ ᠢᠶᠤᠨ ᠤ ᠴᠠᠬᠢᠯᠭᠠᠨ ᠬᠤᠷᠢᠶᠠᠭᠤᠷ ᠤᠨ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ︾ ᠢ ᠡᠨᠡ ᠵᠢᠯ ᠨᠡᠶᠢᠲᠡᠯᠡᠬᠦ ᠪᠣᠯᠣᠨ᠎ᠠ᠂ ᠡᠨᠡ ᠨᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠳᠤ ᠠᠰᠢᠭᠲᠠᠢ ᠶᠤᠮ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠰᠠᠶᠢᠲᠤᠷ ᠬᠠᠮᠢᠶᠠᠷᠬᠤ ᠨᠢ ᠮᠠᠰᠢ ᠣᠯᠠᠨ ᠭᠤᠭᠴᠤᠭ᠎ᠠ ᠳᠤ ᠬᠤᠯᠪᠣᠭᠳᠠᠵᠤ᠂ ᠨᠢᠭᠡᠨ ᠰᠢᠰᠲ᠋ᠧᠮᠲᠦ ᠢᠨᠵᠧᠨᠧᠷᠢᠩ ᠪᠣᠯᠣᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠪᠠᠷᠢᠮᠵᠢᠶ᠎ᠠ ᠶᠢ ᠥᠯᠥ ᠵᠢᠷᠤᠮᠯᠠᠬᠤ ᠪᠤᠶᠤ ᠪᠠᠷᠢᠮᠵᠢᠶ᠎ᠠ ᠶᠢ ᠪᠠᠭᠤᠷᠠᠭᠤᠯᠤᠨ ᠦᠢᠯᠡᠳᠪᠦᠷᠢᠯᠡᠬᠦ᠂ ᠳᠤᠷ᠎ᠠ ᠪᠠᠷ ᠢᠶᠠᠨ ᠵᠠᠳᠠᠯᠵᠤ ᠥᠭᠡᠷᠡᠴᠢᠯᠡᠨ ᠲᠣᠨᠣᠭᠯᠠᠬᠤ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠬᠡᠷᠡᠭᠯᠡᠭᠴᠢ ᠠᠮᠤᠷ ᠲᠦᠪᠰᠢᠨ ᠢᠶᠠᠷ ᠲᠡᠷᠭᠡ ᠬᠡᠷᠡᠭᠯᠡᠬᠦ ᠤᠬᠠᠮᠰᠠᠷ ᠢ ᠪᠣᠶ ᠪᠣᠯᠭᠠᠵᠤ᠂ ᠠᠮᠤᠷ ᠲᠦᠪᠰᠢᠨ ᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠤᠨ᠂ ᠪᠥᠬᠦ ᠶᠠᠪᠤᠴᠠ᠂ ᠪᠥᠬᠦ ᠬᠡᠯᠬᠢᠶᠡᠰᠦ ᠪᠠᠷ ᠬᠦᠴᠦᠯᠡᠪᠡᠯ ᠰᠠᠶ᠋ᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠦᠨᠡᠨ ᠬᠦ ᠰᠠᠶᠢᠲᠤᠷ ᠵᠠᠰᠠᠵᠤ ᠴᠢᠳᠠᠨ᠎ᠠ᠃ ᠢᠷᠡᠯᠲᠡ᠄ ᠠᠷᠠᠳ ᠤᠨ ᠡᠳᠦᠷ ᠤᠨ ᠰᠣᠨᠢᠨ ᠤ ᠰᠢᠭᠦᠮᠵᠢ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1