ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠰᠠᠨᠠᠭ᠎ᠠ ᠠᠮᠤᠷ ᠬᠡᠷᠡᠭᠯᠡᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠪᠠᠶᠢᠭᠤᠯᠤᠯᠲᠠ ᠪᠣᠯᠣᠨ | ᠦᠨᠳᠦᠰᠦᠨ ᠱᠠᠲᠤᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠵᠢᠷᠤᠮᠵᠢᠭᠤᠯᠬᠤ ᠪᠠᠷ ᠭᠠᠷᠳᠠᠴᠠ | ᠪᠣᠯᠭᠠᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠪᠠᠶᠢᠭᠤᠯᠤᠮᠵᠢ ᠲᠣᠭᠲᠠᠴᠠ ᠶᠢ ᠲᠠᠰᠤᠷᠠᠯᠳᠡ | ᠦᠭᠡᠢ ᠲᠡᠭᠦᠯᠳᠡᠷᠵᠢᠭᠦᠯᠵᠦ᠂ ︽ᠰᠠᠨᠠᠭ᠎ᠠ ᠠᠮᠤᠷ ᠬᠡᠷᠡᠭᠯᠡᠭᠡ︾ ᠶᠢᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ | ᠡᠭᠦᠳᠴᠦ᠂ ᠪᠦᠬᠦ ᠰᠢᠶᠠᠨ ᠤ ᠤᠯᠠᠨ ᠲᠦᠮᠡᠨ ᠳᠤ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ | ᠲᠣᠭᠤᠷᠢᠨ ᠢ ᠪᠤᠢ ᠪᠣᠯᠭᠠᠵᠤ ᠥᠭᠴᠡᠢ᠃ ᠣᠲᠣ ᠪᠣᠯᠲᠠᠯ᠎ᠠ᠂ ᠪᠥᠬᠦ ᠰᠢᠶᠠᠨ ᠢᠶᠠᠷ ᠢᠶᠠᠨ ᠰᠠᠨᠠᠭ᠎ᠠ ᠠᠮᠤᠷ ᠬᠡᠷᠡᠭᠯᠡᠭᠡᠨ ᠤ | ᠨᠢᠭᠡᠴᠡ 6᠂ ᠰᠠᠨᠠᠭ᠎ᠠ ᠠᠮᠤᠷ ᠠᠵᠤ ᠠᠬᠤᠶᠢᠯᠠᠯ 2 ᠪᠠᠶᠢᠭᠤᠯᠵᠤ᠂ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ | ᠦᠵᠡᠭᠦᠯᠬᠦ 2 ᠵᠡᠭᠡᠯᠢ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ 7 ᠭᠤᠣᠯᠳᠠᠯᠭ᠎ᠠ ᠲᠠᠢ ᠠᠵᠢᠯ ᠲᠥᠷᠥᠯ ᠢ | ᠬᠠᠮᠤᠷᠪᠠ᠃ | ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠠᠨᠠᠭ᠎ᠠ ᠠᠮᠤᠷ ᠬᠡᠷᠡᠭᠯᠡᠭᠡᠨ ᠤ | ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠲᠣᠭᠲᠠᠭᠤᠨ ᠢᠶᠠᠷ ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ | ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠶᠠᠰᠤ ᠴᠢᠨᠠᠷ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠰᠠᠨᠠᠭ᠎ᠠ ᠠᠮᠤᠷ ᠬᠡᠷᠡᠭᠯᠡᠭᠡᠨ ᠤ | ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ | ᠶᠣᠰᠣᠭᠠᠷ᠂ ᠰᠠᠨᠠᠭ᠎ᠠ ᠠᠮᠤᠷ ᠬᠡᠷᠡᠭᠯᠡᠭᠡᠨ ᠤ ᠨᠢᠭᠡᠴᠡ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ | ᠠᠵᠢᠯ ᠲᠥᠷᠥᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠠᠬᠢᠭᠤᠯᠵᠤ᠂ ᠰᠠᠨᠠᠭ᠎ᠠ ᠠᠮᠤᠷ | ᠬᠡᠷᠡᠭᠯᠡᠭᠡᠨ ᠤ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠲᠠᠰᠤᠷᠠᠯᠲᠠ | ᠦᠭᠡᠢ ᠠᠬᠢᠭᠤᠯᠵᠤ᠂ ᠰᠠᠨᠠᠭ᠎ᠠ ᠠᠮᠤᠷ ᠬᠡᠷᠡᠭᠯᠡᠭᠡᠨ ᠤ ᠨᠢᠭᠡᠴᠡ ᠶᠢᠨ ︽ᠲᠣᠭᠠᠨ ᠤ ᠬᠤᠪᠢᠷᠠᠯᠲᠠ︾ ᠪᠠᠷ ᠬᠡᠷᠡᠭᠯᠡᠭᠡᠨ ᠤ | ᠣᠷᠴᠢᠨ ᠲᠣᠭᠤᠷᠢᠨ ᠤ ︽ᠴᠢᠨᠠᠷ ᠤᠨ ᠬᠤᠪᠢᠷᠠᠯᠲᠠ︾ ᠶᠢ ᠲᠦᠷᠭᠡᠳᠬᠡᠨ᠎ᠡ᠃ ᠰᠦᠯᠵᠢᠶᠡᠨ ᠳᠡᠭᠡᠷ᠎ᠡ ᠪᠠ | ᠰᠦᠯᠵᠢᠶᠡᠨ ᠠᠴᠠ ᠭᠠᠳᠠᠨ᠎ᠠ ᠰᠤᠭᠤᠴᠢᠨ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠵᠦ᠂ ᠰᠤᠭᠤᠴᠢᠨ | ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠴᠡᠭᠴᠡᠯᠡᠨ | ᠰᠠᠶᠢᠵᠢᠷᠠᠭᠤᠯᠬᠤ ᠪᠢᠲᠡᠭᠦᠦ ᠴᠠᠭᠠᠷᠢᠭ ᠤᠨ ᠰᠢᠢᠳᠪᠦᠷᠢᠯᠡᠯᠲᠡ ᠶᠢ ᠨᠠᠶᠢᠳᠠᠪᠤᠷᠢᠵᠢᠭᠤᠯᠤᠨ᠂ ᠬᠢᠷᠢ ᠲᠡᠩᠴᠡᠬᠦ ᠦᠭᠡᠢ | ᠨᠢᠭᠡᠴᠡ ᠶᠢ ᠴᠠᠭ ᠲᠤᠬᠠᠢ ᠳᠤᠨᠢ ᠰᠢᠯᠵᠢᠭᠦᠯᠦᠨ ᠠᠷᠢᠯᠭᠠᠵᠤ᠂ ᠰᠠᠨᠠᠭ᠎ᠠ ᠠᠮᠤᠷ ᠬᠡᠷᠡᠭᠯᠡᠭᠡᠨ ᠤ ᠨᠢᠭᠡᠴᠡ ᠶᠢ ᠡᠭᠦᠳᠦᠨ | ᠪᠠᠶᠢᠭᠤᠯᠬᠤ ᠬᠦᠷᠢᠶ᠎ᠡ ᠴᠠᠷᠠᠭ᠎ᠠ ᠶᠢᠨ ᠰᠢᠯᠢᠳᠡᠭ ᠢ ᠨᠢ ᠰᠢᠯᠢᠵᠦ ᠰᠢᠭᠠᠷᠤ ᠶᠢ ᠨᠢ ᠰᠢᠭᠰᠢᠭᠳᠡᠭᠦᠯᠬᠦ ᠶᠢ ᠪᠡᠶᠡᠯᠡᠭᠦᠯᠦᠨ᠎ᠡ᠃ | | ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠶᠢᠨ ᠰᠢᠨ᠎ᠡ ᠶᠢ ᠡᠭᠦᠳᠴᠦ᠂ ᠵᠠᠭᠠᠯᠳᠤᠯᠭ᠎ᠠ ᠪᠠ | ᠢᠯᠡᠴᠢᠯᠡᠨ ᠮᠡᠳᠡᠭᠦᠯᠦᠯᠲᠡ ᠶᠢ ᠤᠯᠠᠨ ᠲᠠᠯ᠎ᠠ ᠪᠠᠷ ᠰᠠᠭᠠᠳ ᠦᠭᠡᠢ ᠨᠡᠪᠲᠡᠷᠡᠭᠦᠯᠪᠡ᠃ ᠵᠢᠭᠤᠷᠠᠯᠳᠤᠭᠠᠨ ᠢ | ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠰᠦᠯᠵᠢᠶᠡᠨ ᠳᠡᠭᠡᠷ᠎ᠡ + | ᠰᠦᠯᠵᠢᠶᠡᠨ ᠠᠴᠠ ᠭᠠᠳᠠᠨᠠᠬᠢ︾ ᠬᠤᠣᠰ ᠱᠤᠭᠤᠮ ᠢ ᠵᠡᠷᠭᠡᠴᠡᠭᠦᠯᠦᠭᠰᠡᠨ ᠬᠡᠷᠡᠭᠯᠡᠭᠡᠨ ᠤ ᠵᠢᠭᠤᠷᠠᠯᠳᠤᠭᠠᠨ ᠢ | ᠠᠷᠢᠯᠭᠠᠬᠤ ᠵᠠᠭᠪᠤᠷ ᠢ ᠪᠤᠢ ᠪᠣᠯᠭᠠᠨ᠎ᠠ᠃ ᠰᠦᠯᠵᠢᠶᠡᠨ ᠳᠡᠭᠡᠷ᠎ᠡ ︽ᠪᠥᠬᠦ ᠤᠯᠤᠰ ᠤᠨ 12315 ᠲᠠᠪᠴᠠᠩ︾ | ᠵᠡᠷᠭᠡ ᠲᠣᠭᠠᠴᠢᠯᠠᠭᠰᠠᠨ ᠲᠠᠪᠴᠠᠩ ᠳᠤ ᠲᠦᠰᠢᠭᠯᠡᠨ᠂ ᠰᠦᠯᠵᠢᠶᠡᠨ ᠭᠠᠳᠠᠨ᠎ᠠ ᠦᠨᠳᠦᠰᠦᠨ ᠱᠠᠲᠤᠨ ᠤ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠶᠡᠳᠡᠭᠦᠯᠬᠦ ᠲᠠᠰᠤᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ | ᠠᠬᠢᠭᠤᠯᠵᠤ᠂ ︽ᠵᠢᠷᠭᠤᠭᠠᠨ ᠪᠠᠶᠢᠬᠤ︾ ᠵᠠᠭᠪᠤᠷ ︵ᠡᠷᠬᠡ ᠠᠰᠢᠭ ᠢ ᠬᠠᠮᠠᠭᠠᠯᠠᠬᠤ ᠪᠠᠶᠢᠭᠤᠯᠤᠮᠵᠢ ᠲᠠᠢ᠂ ᠠᠵᠢᠯ ᠤᠨ | ᠳᠦᠷᠢᠮ ᠲᠠᠢ᠂ ᠠᠵᠢᠯᠲᠠᠨ ᠲᠠᠢ᠂ ᠡᠬᠡ ᠲᠠᠩᠰᠠ ᠶᠢᠨ ᠲᠡᠮᠳᠡᠭᠯᠡᠯ ᠲᠠᠢ᠂ ᠪᠤᠯᠪᠠᠰᠤᠷᠠᠯ ᠵᠢᠯᠣᠭᠤᠳᠤᠯᠭ᠎ᠠ ᠲᠠᠢ᠂ | ᠰᠢᠯᠭᠠᠨ ᠦᠨᠡᠯᠡᠬᠦ ᠦᠨᠡᠯᠡᠯᠲᠡ ᠲᠠᠢ︶ ᠢ ᠪᠣᠶ ᠪᠣᠯᠭᠠᠵᠤ᠂ ᠦᠨᠳᠦᠰᠦᠨ ᠱᠠᠲᠤᠨ ᠤ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠠᠷᠭ᠎ᠠ ᠵᠠᠮ ᠢ ᠲᠠᠰᠤᠷᠠᠯᠲᠠ ᠦᠭᠡᠢ ᠵᠢᠷᠤᠮᠵᠢᠭᠤᠯᠤᠨ᠎ᠠ᠃ 2023 ᠣᠨ ᠳᠤ᠂ ᠪᠥᠬᠦ | ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠬᠡᠷᠡᠭᠯᠡᠭᠴᠢᠳ ᠤᠨ ᠡᠯ᠎ᠡ | ᠲᠥᠷᠥᠯ ᠤᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠨᠡᠶᠢᠲᠡ 1120 ᠬᠤᠪᠢ ᠭᠥᠯᠢᠶᠡᠨ ᠠᠪᠴᠤ᠂ | ᠭᠤᠣᠯᠳᠠᠭᠤ ᠦᠨ᠎ᠡ ᠬᠠᠩᠰᠢ᠂ ᠶᠠᠰᠤ ᠴᠢᠨᠠᠷ᠂ ᠦᠢᠯᠡᠴᠢᠯᠡᠭᠡᠨ ᠤ ᠣᠪᠣᠷ ᠵᠡᠷᠭᠡ ᠲᠠᠯ᠎ᠠ ᠳᠤ ᠲᠥᠪᠯᠡᠷᠡᠵᠦ᠂ | ᠵᠠᠭᠠᠯᠳᠤᠯᠭ᠎ᠠ ᠪᠠ ᠡᠶᠡᠳᠡᠭᠦᠯᠭᠡ ᠶᠢᠨ ᠠᠮᠵᠢᠯᠲᠠ ᠣᠯᠣᠭᠰᠠᠨ ᠨᠣᠷᠮ᠎ᠠ 99.5% ᠬᠦᠷᠴᠦ᠂ ᠪᠥᠬᠦ ᠵᠢᠯ ᠳᠤ | ᠬᠡᠷᠡᠭᠯᠡᠭᠴᠢᠳ ᠲᠤ 150 ᠭᠠᠷᠤᠢ ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ | ᠠᠪᠴᠢᠷᠠᠭᠰᠠᠨ ᠪᠠᠶᠢᠨ᠎ᠠ᠃ | ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠶᠡᠭᠡ ᠪᠠᠷ | ᠳᠡᠭᠡᠭᠰᠢᠯᠡᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠦᠨᠳᠦᠰᠦᠨ ᠱᠠᠲᠤᠨ ᠤ ᠬᠡᠷᠡᠭᠯᠡᠭᠴᠢᠳ ᠤᠨ ᠬᠡᠷᠡᠭᠯᠡᠭᠡᠨ ᠤ ᠡᠷᠬᠡ ᠶᠢᠨ | ᠬᠠᠮᠠᠭᠠᠯᠠᠯᠲᠠ ᠶᠢᠨ ᠵᠢᠷᠤᠮᠵᠢᠭᠤᠯᠤᠭᠰᠠᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠦᠨᠳᠦᠰᠦᠨ | ᠱᠠᠲᠤᠨ ᠤ ᠵᠠᠰᠠᠯᠲᠠ ᠶᠢᠨ ᠰᠠᠭᠤᠷᠢ ᠶᠢ ᠪᠥᠬᠦ ᠲᠠᠯ᠎ᠠ ᠪᠠᠷ ᠪᠠᠲᠤᠳᠬᠠᠨ᠂ ᠦᠨᠳᠦᠰᠦᠨ ᠱᠠᠲᠤᠨ ᠤ 2 ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠡᠭᠦᠳᠦᠨ ᠪᠠᠶᠢᠭᠤᠯᠤᠭᠰᠠᠨ ᠠᠩᠬᠠᠨ ᠤ ᠪᠦᠯᠦᠭ | ᠵᠢᠷᠤᠮᠵᠢᠭᠤᠯᠤᠭᠰᠠᠨ ᠨᠢᠭᠡᠴᠡ ᠶᠢ ᠭᠦᠨᠵᠡᠭᠡᠢ ᠲᠦᠯᠬᠢᠨ ᠠᠬᠢᠭᠤᠯᠵᠤ᠂ ᠨᠢᠭᠡᠳᠦᠭᠡᠷ ᠹᠷᠣᠨᠲ ᠤᠨ ᠡᠶᠡᠳᠡᠭᠦᠯᠬᠦ | ᠺᠠᠳ᠋ᠷᠴᠤᠳ ᠢ ᠵᠣᠬᠢᠶᠠᠨ ᠪᠠᠶᠢᠭᠤᠯᠤᠨ ᠴᠢᠬᠤᠯᠠ ᠶᠡᠭᠡ᠂ ᠬᠦᠴᠢᠷ ᠲᠦᠪᠡᠭᠲᠡᠢ ᠢᠯᠡᠴᠢᠯᠡᠨ ᠮᠡᠳᠡᠭᠦᠯᠦᠭᠰᠡᠨ ᠬᠡᠷᠡᠭ ᠲᠤ | ᠣᠷᠣᠯᠴᠠᠭᠤᠯᠵᠤ᠂ ᠬᠡᠷᠡᠭᠯᠡᠭᠴᠢᠳ ᠲᠠᠢ ᠨᠢᠭᠤᠷᠲᠠᠨ ᠠᠰᠠᠭᠤᠳᠠᠯ ᠢ ᠰᠢᠢᠳᠪᠦᠷᠢᠯᠡᠨ᠂ ᠭᠤᠮᠣᠳᠠᠯ ᠱᠠᠭᠠᠷᠳᠠᠯᠭ᠎ᠠ ᠶᠢ ᠨᠢ | ᠰᠢᠢᠳᠪᠦᠷᠢᠯᠡᠨ᠎ᠡ᠃ 2023 ᠣᠨ ᠳᠤ᠂ ᠴᠠᠭ ᠲᠤᠨᠢ ᠬᠠᠷᠭᠤᠭᠤᠯᠤᠨ ᠪᠠᠶᠢᠴᠠᠭᠠᠭᠰᠠᠨ ᠨᠣᠷᠮ᠎ᠠ 99.68% | ᠪᠠᠶᠢᠵᠤ᠂ ᠴᠠᠭ ᠲᠤᠨᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 99.87% ᠪᠠᠶᠢᠵᠤ᠂ ᠬᠡᠷᠡᠭᠯᠡᠭᠴᠢᠳ ᠤᠨ | ᠰᠡᠳᠬᠢᠯ ᠬᠠᠨᠤᠮᠵᠢᠲᠠᠶ ᠪᠠᠶᠢᠬᠤ ᠨᠣᠷᠮ᠎ᠠ 100% ᠪᠠᠶᠢᠵᠤ᠂ ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠶᠢᠨ ᠬᠢᠷᠢ | ᠪᠦᠲᠦᠮᠵᠢ ᠨᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ | ᠪᠦᠬᠦ ᠲᠠᠯ᠎ᠠ ᠪᠠᠷ ᠤᠬᠠᠭᠤᠯᠤᠨ ᠬᠥᠮᠥᠵᠢᠭᠦᠯᠵᠦ᠂ ᠰᠢᠨᠵᠢᠯᠡᠬᠦ ᠤᠬᠠᠭᠠᠨᠴᠢ ᠣᠶᠤᠨᠴᠢ ᠰᠢᠨ᠎ᠡ ᠬᠡᠷᠡᠭᠯᠡᠭᠡ ᠶᠢ | ᠰᠠᠨᠠᠭᠠᠴᠢᠯᠠᠨ᠎ᠠ᠃ ᠠᠷᠠᠯᠵᠢᠶᠠᠨ ᠤ ᠮᠡᠬᠡᠯᠡᠯ᠂ ᠬᠤᠳᠠᠯ ᠬᠠᠭᠤᠷᠮᠠᠭ ᠬᠠᠷᠠᠭᠠᠯᠵᠠᠯ ᠦᠵᠡᠭᠦᠯᠬᠦ᠂ ᠥᠰᠬᠡᠭᠡᠨ | ᠳᠥᠰᠬᠡᠭᠡᠨ ᠲᠠᠢ ᠤᠬᠠᠭᠤᠯᠬᠤ᠂ ᠪᠠᠷᠠᠭ᠎ᠠ ᠪᠠᠨ ᠪᠤᠴᠠᠭᠠᠵᠤ ᠵᠣᠭᠤᠰ ᠢᠶᠠᠨ ᠪᠤᠴᠠᠭᠠᠬᠤ ᠶᠢ ᠪᠠᠶᠢᠴᠠᠭᠠᠨ ᠰᠢᠢᠳᠪᠦᠷᠢᠯᠡᠬᠦ | ᠶᠢ ᠬᠠᠤᠯᠢ ᠬᠡᠷᠡᠭᠵᠢᠭᠦᠯᠬᠦ ᠭᠤᠣᠯᠳᠠᠯᠭ᠎ᠠ ᠪᠣᠯᠭᠠᠵᠤ᠂ ︽3 · 15︾᠂ ︽ᠬᠤᠣᠰ ᠠᠷᠪᠠᠨ ᠨᠢᠭᠡᠨ︾᠂ ᠴᠠᠭᠠᠨ | ᠰᠠᠷ᠎ᠠ ᠵᠡᠷᠭᠡ ᠭᠤᠣᠯᠳᠠᠯᠭ᠎ᠠ ᠲᠠᠢ ᠴᠠᠭ ᠤᠨ ᠲᠣᠭᠤᠷᠢᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠶᠢᠨ ᠰᠡᠷᠡᠮᠵᠢᠯᠡᠭᠦᠯᠦᠯ ᠢ ᠨᠡᠶᠢᠲᠡᠯᠡᠵᠦ᠂ ᠶᠡᠷᠦᠩᠬᠡᠶᠢᠯᠡᠭᠰᠡᠨ | ᠬᠤᠳᠠᠯᠳᠤᠭᠠᠨ ᠤ ᠲᠠᠯᠠᠪᠤᠷ᠂ ᠵᠡᠭᠡᠯᠢ ᠲᠣᠭᠤᠷᠢᠭ ᠲᠤ ᠭᠦᠨᠵᠡᠭᠡᠶᠢᠷᠡᠨ᠂ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ ᠲᠤᠬᠠᠢ ᠶᠢᠨ ᠲᠠᠯᠠᠪᠤᠷ ᠤᠨ | ᠤᠬᠠᠭᠤᠯᠭ᠎ᠠ ᠶᠢ 12 ᠤᠳᠠᠭ᠎ᠠ ᠥᠷᠨᠢᠭᠦᠯᠵᠦ᠂ ᠥᠷᠭᠡᠨ ᠣᠯᠠᠨ ᠬᠡᠷᠡᠭᠯᠡᠭᠴᠢᠳ ᠲᠤ ᠣᠶᠤᠨᠴᠢ ᠪᠠᠷ ᠪᠠᠷᠠᠭ᠎ᠠ | ᠬᠤᠳᠠᠯᠳᠤᠨ ᠠᠪᠬᠤ᠂ ᠰᠢᠨᠵᠢᠯᠡᠬᠦ ᠤᠬᠠᠭᠠᠨᠴᠢ ᠪᠠᠷ ᠬᠡᠷᠡᠭᠯᠡᠭᠡ ᠬᠢᠬᠦ᠂ ᠬᠠᠤᠯᠢ ᠶᠣᠰᠣᠭᠠᠷ ᠡᠷᠬᠡ ᠪᠠᠨ | ᠬᠠᠮᠠᠭᠠᠯᠠᠬᠤ ᠶᠢ ᠰᠠᠨᠠᠭᠤᠯᠵᠤ᠂ ᠪᠥᠬᠦ ᠰᠢᠶᠠᠨ ᠤ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠤᠬᠠᠮᠰᠠᠷ ᠤᠯᠠᠮ ᠨᠢᠭᠡ | ᠠᠯᠬᠤᠮ ᠴᠢᠩᠭᠠᠷᠠᠪᠠ᠃ | ᠢᠷᠡᠯᠳᠡ᠄ ᠲᠤᠭᠳᠠᠬᠤ ᠰᠢᠶᠠᠨ ᠤ ᠶᠦᠨ ᠵᠥᠩ ᠬᠠᠮ ᠵᠠᠭᠤᠴᠢᠯᠠᠭᠤᠷ |