ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ | ᠭᠠᠷᠤᠭᠰᠠᠨ ᠰᠢᠨ᠎ᠡ ᠪᠠᠶᠢᠳᠠᠯ ᠳᠤ ᠵᠣᠬᠢᠴᠠᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠣᠷᠣᠨ ᠰᠠᠭᠤᠴᠠ ᠶᠢᠨ ᠬᠥᠭᠵᠢᠯᠲᠡ ᠶᠢᠨ | ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠬᠦ ᠲᠤᠬᠠᠢ | ᠮᠡᠳᠡᠭᠳᠡᠯ ᠨᠡᠶᠢᠲᠡᠯᠡᠪᠡ᠃ | ᠨᠢᠭᠡ᠂ ᠣᠷᠣᠨ ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠣᠨ ᠤ ᠲᠥᠯᠥᠪᠯᠡᠭᠡ ᠶᠢᠨ | ᠴᠢᠬᠤᠯᠠ ᠦᠢᠯᠡᠳᠦᠯ ᠢ ᠭᠦᠢᠴᠡᠳ ᠲᠠᠨᠢᠬᠤ ᠬᠡᠷᠡᠭᠲᠡᠢ | ᠣᠷᠣᠨ ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠲᠥᠯᠥᠪᠯᠡᠭᠡ ᠪᠣᠯ ︽ᠬᠥᠮᠥᠨ᠂ | ᠭᠡᠷ ᠪᠠᠶᠢᠰᠢᠩ᠂ ᠭᠠᠵᠠᠷ ᠰᠢᠷᠣᠢ᠂ ᠵᠣᠭᠤᠰ︾ ᠤᠨ ᠡᠯᠧᠮᠧᠨ᠋ᠲ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠬᠤ ᠶᠢᠨ ᠴᠢᠬᠤᠯᠠ ᠭᠠᠷᠳᠠᠴᠠ ᠮᠥᠨ᠃ ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠬᠥᠭᠵᠢᠯᠲᠡ ᠶᠢᠨ | ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠲᠣᠭᠲᠠᠭᠠᠵᠤ ᠬᠡᠷᠡᠭᠵᠢᠭᠦᠯᠬᠦ ᠠᠵᠢᠯ ᠢ ᠰᠠᠶᠢᠲᠤᠷ | ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠣᠬᠢᠶᠠᠵᠤ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠮᠥᠨ ᠠᠮᠠ ᠶᠢᠨ ᠬᠤᠪᠢᠷᠠᠯᠲᠠ ᠶᠢ | ᠦᠨᠳᠦᠰᠦᠯᠡᠨ ᠣᠷᠣᠨ ᠰᠠᠭᠤᠴᠠ ᠶᠢᠨ ᠬᠡᠷᠡᠭᠴᠡᠭᠡ ᠶᠢ ᠲᠣᠭᠲᠠᠭᠠᠵᠤ᠂ ᠣᠷᠣᠨ ᠰᠠᠭᠤᠴᠠ ᠶᠢᠨ ᠬᠡᠷᠡᠭᠴᠡᠭᠡ ᠶᠢ | ᠦᠨᠳᠦᠰᠦᠯᠡᠨ ᠭᠠᠵᠠᠷ ᠰᠢᠷᠣᠢ ᠶᠢᠨ ᠬᠠᠩᠭᠠᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠮᠥᠩᠭᠦᠨ | ᠭᠦᠢᠯᠭᠡᠭᠡᠨ ᠤ ᠡᠬᠢ ᠪᠠᠶᠠᠯᠢᠭ ᠢ ᠬᠥᠲᠥᠯᠥᠨ ᠵᠢᠯᠤᠭᠤᠳᠴᠤ ᠲᠣᠬᠢᠷᠠᠭᠤᠯᠤᠨ᠂ ᠬᠥᠮᠥᠨ ᠢᠶᠠᠷ ᠭᠡᠷ ᠪᠠᠶᠢᠰᠢᠩ ᠢ | ᠲᠣᠭᠲᠠᠭᠠᠬᠤ᠂ ᠭᠡᠷ ᠪᠠᠶᠢᠰᠢᠩ ᠢᠶᠠᠷ ᠭᠠᠵᠠᠷ ᠲᠣᠭᠲᠠᠭᠠᠬᠤ᠂ ᠭᠡᠷ ᠪᠠᠶᠢᠰᠢᠩ ᠢᠶᠠᠷ ᠵᠣᠭᠤᠰ ᠲᠣᠭᠲᠠᠭᠠᠬᠤ ᠶᠢ | ᠪᠡᠶᠡᠯᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ | ᠲᠡᠩᠴᠡᠭᠦᠷᠢ᠂ ᠪᠦᠲᠦᠴᠡ ᠶᠢᠨ ᠵᠦᠢ ᠵᠣᠬᠢᠰᠲᠠᠢ ᠪᠠᠶᠢᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠶᠡᠭᠡ ᠪᠠᠷ | ᠥᠰᠴᠦ ᠶᠡᠭᠡ ᠪᠠᠷ ᠪᠠᠭᠤᠷᠠᠬᠤ ᠶᠢ ᠰᠡᠷᠭᠡᠶᠢᠯᠡᠨ᠎ᠡ᠃ | ᠬᠤᠶᠠᠷ᠂ ᠭᠤᠣᠯ ᠡᠭᠦᠷᠭᠡ | ︵ᠨᠢᠭᠡ︶ 2024 ᠣᠨ᠂ 2025 ᠣᠨ ᠤ ᠣᠷᠣᠨ ᠰᠠᠭᠤᠴᠠ ᠶᠢᠨ ᠬᠥᠭᠵᠢᠯᠲᠡ ᠶᠢᠨ ᠣᠨ ᠤ | ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ | ᠡᠯ᠎ᠡ ᠬᠤᠳᠠ ᠶᠢᠨ ᠬᠢᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠣᠷᠣᠨ | ᠰᠠᠭᠤᠴᠠ ᠶᠢᠨ ᠬᠡᠷᠡᠭᠴᠡᠭᠡ ᠶᠢ ᠣᠨᠣᠪᠴᠢᠲᠠᠢ ᠰᠤᠳᠤᠯᠤᠨ ᠮᠠᠭᠠᠳᠯᠠᠵᠤ᠂ ︽ᠪᠠᠲᠤᠯᠠᠭ᠎ᠠ + ᠵᠠᠬ᠎ᠠ ᠳᠡᠯᠭᠡᠭᠦᠷ︾ ᠤᠨ | ᠣᠷᠣᠨ ᠰᠠᠭᠤᠴᠠ ᠶᠢᠨ ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠢᠶᠠᠷ ᠭᠤᠣᠯ | ᠪᠣᠯᠭᠠᠨ ᠴᠠᠯᠢᠩ ᠤᠨ ᠣᠷᠣᠯᠭ᠎ᠠ ᠶᠢᠨ ᠬᠠᠮᠲᠤᠯᠢᠭ ᠤᠨ ᠵᠠᠶᠢᠯᠠᠰᠢ ᠦᠭᠡᠢ ᠣᠷᠣᠨ ᠰᠠᠭᠤᠴᠠ ᠶᠢᠨ ᠬᠡᠷᠡᠭᠴᠡᠭᠡ ᠶᠢ | ᠪᠠᠲᠤᠯᠠᠵᠤ᠂ ᠵᠠᠬ᠎ᠠ ᠳᠡᠯᠭᠡᠭᠦᠷ ᠢᠶᠠᠷ ᠭᠤᠣᠯ ᠪᠣᠯᠭᠠᠨ ᠰᠠᠭᠤᠭᠠᠯᠢ ᠠᠷᠠᠳ ᠤᠨ ᠤᠯᠠᠨ ᠶᠠᠩᠵᠤ ᠶᠢᠨ | ᠰᠠᠶᠢᠵᠢᠷᠠᠯᠲᠠ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠵᠤ᠂ 2024 ᠣᠨ᠂ 2025 | ᠣᠨ ᠤ ᠣᠷᠣᠨ ᠰᠠᠭᠤᠴᠠ ᠶᠢᠨ ᠬᠥᠭᠵᠢᠯᠲᠡ ᠶᠢᠨ ᠣᠨ ᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠤᠬᠢᠶᠠᠨ᠎ᠠ᠃ | ᠣᠷᠣᠨ ᠰᠠᠭᠤᠴᠠ ᠶᠢᠨ ᠬᠥᠭᠵᠢᠯᠲᠡ ᠶᠢᠨ ᠣᠨ ᠤ ᠲᠥᠯᠥᠪᠯᠡᠭᠡ ᠳᠤ ᠣᠨ ᠤ ᠡᠯ᠎ᠡ ᠲᠥᠷᠥᠯ ᠤᠨ ᠣᠷᠣᠨ | ᠰᠠᠭᠤᠴᠠ ᠵᠢᠴᠢ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠬᠡᠪᠴᠢᠶ᠎ᠡ᠂ ᠪᠦᠲᠦᠴᠡ ᠪᠠ ᠣᠷᠣᠨ ᠪᠠᠶᠢᠷᠢ ᠶᠢ | ᠲᠣᠳᠣᠷᠬᠠᠶᠢᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠵᠦᠢ ᠵᠣᠬᠢᠰᠲᠠᠢ ᠪᠡᠯᠡ | ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠲᠥᠰᠥᠭᠡᠯᠡᠨ ᠪᠤᠳᠤᠬᠤ ᠬᠡᠷᠡᠭᠲᠡᠢ᠃ ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠶᠢᠨ ᠬᠠᠩᠭᠠᠯᠭ᠎ᠠ ᠶᠢᠨ ᠢᠵᠢ ᠲᠤᠭ᠎ᠠ ᠪᠠ ᠣᠷᠣᠨ ᠰᠠᠭᠤᠴᠠ ᠶᠢᠨ ᠬᠡᠯᠪᠡᠷᠢ ᠶᠢᠨ ᠪᠦᠲᠦᠴᠡ ᠶᠢ | ᠤᠯᠠᠮ ᠨᠢᠭᠡ ᠠᠯᠬᠤᠮ ᠲᠣᠳᠣᠷᠬᠠᠢ ᠪᠣᠯᠭᠠᠬᠤ ᠬᠡᠷᠡᠭᠲᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ᠂ ᠣᠷᠣᠨ ᠰᠠᠭᠤᠴᠠ ᠶᠢᠨ ᠪᠠᠲᠤᠯᠠᠭ᠎ᠠ ᠶᠢᠨ ᠡᠭᠡᠯᠵᠢᠯᠡᠨ | ᠬᠦᠯᠢᠶᠡᠬᠦ ᠴᠠᠭ ᠵᠡᠷᠭᠡ ᠶᠢ ᠬᠠᠷᠠᠯᠲᠠᠲᠤ ᠬᠠᠮᠢᠶᠠᠷᠤᠯᠲᠠ ᠳᠤ ᠤᠷᠤᠭᠤᠯᠤᠨ᠎ᠠ᠃ | 2024 ᠣᠨ ᠤ 4 ᠳ᠋ᠤᠭᠡᠷ ᠰᠠᠷ᠎ᠠ ᠶᠢᠨ 30 ᠤ ᠡᠳᠦᠷ ᠠᠴᠠ ᠡᠮᠦᠨ᠎ᠡ᠂ 2025 ᠣᠨ ᠤ 3 ᠳ᠋ᠤᠭᠠᠷ | ᠰᠠᠷ᠎ᠠ ᠶᠢᠨ 31 ᠤ ᠡᠳᠦᠷ ᠠᠴᠠ ᠡᠮᠦᠨ᠎ᠡ᠂ ᠡᠯ᠎ᠡ ᠬᠤᠲᠠ ᠨᠤᠭᠤᠳ ᠵᠣᠬᠢᠬᠤ ᠠᠷᠭ᠎ᠠ ᠮᠠᠶ᠋ᠢᠭ ᠢᠶᠠᠷ ᠲᠣᠰ ᠵᠢᠯ ᠤᠨ | ᠣᠷᠣᠨ ᠰᠠᠭᠤᠴᠠ ᠶᠢᠨ ᠬᠥᠭᠵᠢᠯᠲᠡ ᠶᠢᠨ ᠣᠨ ᠤ ᠲᠥᠯᠥᠪᠯᠡᠭᠡ ᠶᠢᠨ ᠬᠤᠯᠪᠣᠭᠳᠠᠯ ᠪᠦᠬᠦᠢ ᠪᠠᠶᠢᠳᠠᠯ ᠢᠶᠠᠨ | ᠨᠡᠶᠢᠭᠡᠮ ᠳᠤ ᠨᠡᠶᠢᠲᠡᠯᠡᠬᠦ ᠬᠡᠷᠡᠭᠲᠡᠢ᠃ | ︵ᠬᠤᠶᠠᠷ︶ 2026 ︱ 2030 ᠣᠨ ᠤ ᠣᠷᠣᠨ ᠰᠠᠭᠤᠴᠠ ᠶᠢᠨ ᠬᠥᠭᠵᠢᠯᠲᠡ ᠶᠢᠨ | ᠲᠥᠯᠦᠪᠵᠢᠭᠦᠯᠭᠡ ᠶᠢ ᠤᠷᠢᠳᠴᠢᠯᠠᠨ ᠲᠥᠯᠥᠪᠯᠡᠨ᠎ᠡ᠃ | ᠡᠯ᠎ᠡ ᠬᠤᠲᠠ ᠶᠢᠨ ᠬᠢᠨ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ᠂ ᠬᠥᠮᠥᠨ ᠠᠮᠠ ᠶᠢᠨ | ᠬᠤᠪᠢᠷᠠᠯᠲᠠ᠂ ᠠᠵᠤ ᠦᠢᠯᠡᠰ ᠤᠨ ᠪᠠᠶᠢᠷᠢᠰᠢᠯ᠂ ᠣᠷᠣᠨ ᠰᠠᠭᠤᠴᠠ ᠶᠢᠨ ᠬᠠᠩᠭᠠᠯᠭ᠎ᠠ ᠬᠡᠷᠡᠭᠴᠡᠭᠡ ᠵᠡᠷᠭᠡ ᠲᠠᠯ᠎ᠠ ᠶᠢᠨ | ᠪᠠᠶᠢᠳᠠᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠦᠯᠡᠳᠡᠭᠡᠯ ᠣᠷᠣᠨ ᠰᠠᠭᠤᠴᠠ ᠪᠠ ᠦᠯᠡᠳᠡᠭᠡᠯ ᠭᠠᠵᠠᠷ | ᠰᠢᠷᠣᠢ ᠵᠡᠷᠭᠡ ᠳᠠᠯᠳᠠ ᠬᠠᠩᠭᠠᠯᠭ᠎ᠠ ᠶᠢᠨ ᠪᠠᠶᠢᠳᠠᠯ ᠲᠠᠢ ᠤᠶᠠᠯᠳᠤᠭᠤᠯᠤᠨ᠂ 2026 ︱ 2030 ᠣᠨ ᠤ ᠣᠷᠣᠨ | ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠤᠷᠢᠳᠴᠢᠯᠠᠨ ᠲᠥᠯᠥᠪᠯᠡᠨ᠎ᠡ᠃ | ᠣᠷᠣᠨ ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠳᠤ ᠲᠤᠬᠠᠢ ᠶᠢᠨ ᠭᠠᠵᠠᠷ ᠤᠨ ᠪᠣᠳᠠᠲᠤ | ᠪᠠᠶᠢᠳᠠᠯ ᠳᠤ ᠰᠠᠭᠤᠷᠢᠯᠠᠨ᠂ ᠣᠷᠣᠨ ᠰᠠᠭᠤᠴᠠ ᠶᠢᠨ ᠬᠥᠭᠵᠢᠯᠲᠡ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠪᠠ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠳᠤᠷᠬᠠᠶᠢᠯᠠᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠣᠷᠣᠨ ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ | ᠴᠢᠬᠤᠯᠠ ᠠᠭᠤᠯᠭ᠎ᠠ ᠪᠣᠯᠭᠠᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠥᠭᠵᠢᠯᠲᠡ ᠶᠢᠨ ᠬᠠᠷᠠᠯᠲᠠ ᠶᠢ | ᠰᠢᠨᠵᠢᠯᠡᠬᠦ ᠤᠬᠠᠭᠠᠨᠴᠢ ᠪᠠᠷ ᠲᠤᠭᠳᠠᠭᠠᠨ᠎ᠠ᠃ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ ᠲᠣᠰ ᠵᠠᠰᠠᠭ ᠵᠠᠬᠢᠷᠭᠠᠨ ᠤ ᠣᠷᠣᠨ ᠤ ᠪᠠᠨ 2026 ︱ | 2030 ᠣᠨ ᠤ ᠣᠷᠣᠨ ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠤᠷᠢᠳᠴᠢᠯᠠᠨ ᠲᠥᠰᠥᠪᠯᠡᠬᠦ ᠶᠢᠨ | ᠬᠠᠮᠲᠤ᠂ ᠡᠯ᠎ᠡ ᠬᠤᠲᠠ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠬᠦ ᠶᠢ ᠵᠢᠭᠠᠨ | ᠵᠢᠯᠣᠭᠤᠳᠤᠨ᠎ᠠ᠃ 2026 ᠣᠨ ᠤ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠡᠯ᠎ᠡ ᠭᠠᠵᠠᠷ ᠤᠨ ᠬᠢᠨ | 2026 ︱ 2030 ᠣᠨ ᠤ ᠣᠷᠣᠨ ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠨᠡᠶᠢᠭᠡᠮ ᠨᠡᠶᠢᠲᠡ | ᠳᠤ ᠨᠡᠶᠢᠳᠡᠯᠡᠨ᠎ᠡ᠃ ᠲᠥᠯᠦᠪᠵᠢᠭᠦᠯᠭᠡ ᠶᠢ ᠬᠡᠷᠡᠭᠵᠢᠭᠦᠯᠬᠦ ᠬᠤᠭᠤᠴᠠᠭᠠᠨ ᠳᠤ᠂ ᠡᠯ᠎ᠡ ᠬᠤᠲᠠ ᠨᠤᠭᠤᠳ ᠵᠢᠯ | ᠪᠦᠷᠢ ᠶᠢᠨ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠲᠣᠰ ᠵᠢᠯ ᠤᠨ ᠣᠷᠣᠨ ᠰᠠᠭᠤᠴᠠ ᠶᠢᠨ | ᠬᠥᠭᠵᠢᠯᠲᠡ ᠶᠢᠨ ᠣᠨ ᠤ ᠲᠥᠯᠥᠪᠯᠡᠭᠡ ᠶᠢᠨ ᠬᠤᠯᠪᠣᠭᠳᠠᠯ ᠪᠦᠬᠦᠢ ᠪᠠᠶᠢᠳᠠᠯ ᠢᠶᠠᠨ ᠨᠡᠶᠢᠭᠡᠮ ᠨᠡᠶᠢᠲᠡ ᠳᠤ | ᠨᠡᠶᠢᠳᠡᠯᠡᠨ᠎ᠡ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ | ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠣᠨ | ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠤᠯᠤᠰ ᠤᠨ ᠭᠠᠵᠠᠷ | ᠰᠢᠷᠣᠢ ᠣᠷᠣᠨ ᠵᠠᠢ ᠶᠢᠨ ᠲᠥᠯᠦᠪᠵᠢᠭᠦᠯᠭᠡ᠂ ᠭᠠᠵᠠᠷ ᠰᠢᠷᠣᠢ ᠶᠢᠨ ᠠᠰᠢᠭᠯᠠᠯᠲᠠ ᠶᠢᠨ ᠣᠨ ᠤ ᠲᠥᠯᠥᠪᠯᠡᠭᠡ ᠯᠦᠭᠡ | ᠣᠷᠭᠠᠨᠢᠭ ᠢᠶᠠᠷ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ᠃ | ︵ᠬᠤᠶᠠᠷ︶ ᠡᠯ᠎ᠡ ᠮᠤᠵᠢ ᠪᠣᠯᠣᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ | ᠬᠥᠭᠵᠢᠯᠲᠡ ᠶᠢᠨ ᠲᠥᠯᠦᠪᠵᠢᠭᠦᠯᠭᠡ᠂ ᠡᠯ᠎ᠡ ᠬᠤᠳᠠ ᠶᠢᠨ ᠣᠷᠣᠨ ᠰᠠᠭᠤᠴᠠ ᠶᠢᠨ ᠬᠥᠭᠵᠢᠯᠲᠡ ᠶᠢᠨ | ᠲᠥᠯᠦᠪᠵᠢᠭᠦᠯᠭᠡ ᠪᠣᠯᠣᠨ ᠣᠨ ᠤ ᠲᠥᠯᠥᠪᠯᠡᠭᠡ ᠶᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ | ᠬᠢᠨᠠᠨ ᠲᠣᠭᠲᠠᠭᠠᠯᠭᠠᠭᠰᠠᠨ ᠤ ᠲᠠᠷᠠᠭ᠎ᠠ ᠬᠡᠷᠡᠭᠵᠢᠭᠦᠯᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠣᠷᠣᠨ ᠰᠠᠭᠤᠴᠠ ᠪᠠ | ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ | ᠬᠤᠳᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ ᠨᠢ 300 ᠲᠦᠮᠡ ᠠᠴᠠ ᠳᠡᠭᠡᠭᠰᠢ ᠪᠠᠶᠢᠭ᠎ᠠ ᠲᠣᠮᠣ | ᠬᠤᠳᠠ ᠨᠤᠭᠤᠳ ᠣᠷᠣᠨ ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠲᠥᠯᠥᠪᠯᠡᠭᠡ ᠪᠠᠨ | ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠤ ᠵᠡᠷᠭᠡ ᠳᠤᠨᠢ ᠮᠡᠳᠡᠭᠦᠯᠵᠦ | ᠳᠠᠩᠰᠠᠯᠠᠭᠤᠯᠤᠨ᠎ᠠ᠃ | ︵ᠭᠤᠷᠪᠠ︶ ᠵᠢᠯ ᠪᠦᠷᠢ ᠶᠢᠨ 6 ᠳ᠋ᠤᠭᠠᠷ ᠰᠠᠷ᠎ᠠ ᠶᠢᠨ 30 ᠤ ᠡᠳᠦᠷ᠂ 12 ᠳ᠋ᠤᠭᠠᠷ ᠰᠠᠷ᠎ᠠ ᠶᠢᠨ 31 ᠤ | ᠡᠳᠦᠷ ᠠᠴᠠ ᠡᠮᠦᠨ᠎ᠡ᠂ ᠡᠯ᠎ᠡ ᠭᠠᠵᠠᠷ ᠤᠨ ᠬᠢᠨ ᠬᠤᠯᠪᠣᠭᠳᠠᠯ ᠪᠦᠬᠦᠢ ᠲᠥᠯᠦᠪᠵᠢᠭᠦᠯᠭᠡ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠪᠠ ︽ᠬᠥᠮᠥᠨ᠂ ᠭᠡᠷ ᠪᠠᠶᠢᠰᠢᠩ᠂ ᠭᠠᠵᠠᠷ ᠰᠢᠷᠣᠢ᠂ ᠵᠣᠭᠤᠰ︾ ᠤᠨ ᠴᠢᠬᠤᠯᠠ | ᠬᠦᠴᠦᠨ ᠵᠦᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠠᠵᠢᠯᠯᠠᠭᠠᠨ ᠤ ᠪᠠᠶᠢᠳᠠᠯ ᠢᠶᠠᠨ ᠳᠡᠭᠡᠷ᠎ᠡ ᠨᠢᠭᠡ | ᠱᠠᠲᠤᠨ ᠤ ᠣᠷᠣᠨ ᠰᠠᠭᠤᠴᠠ ᠬᠤᠲᠠ ᠪᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ | ᠮᠡᠳᠡᠭᠦᠯᠵᠦ᠂ ᠬᠤᠲᠠ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ 300 ᠲᠦᠮᠡ ᠠᠴᠠ ᠳᠡᠭᠡᠭᠰᠢᠬᠢ ᠲᠣᠮᠣ | ᠬᠤᠲᠠ ᠬᠤᠯᠪᠣᠭᠳᠠᠯ ᠪᠦᠬᠦᠢ ᠪᠠᠶᠢᠳᠠᠯ ᠢᠶᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠳᠤ ᠵᠡᠷᠭᠡᠪᠡᠷ ᠮᠡᠳᠡᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠠᠴᠠ ᠬᠤᠯᠪᠣᠭᠳᠠᠯ ᠪᠦᠬᠦᠢ ᠪᠠᠶᠢᠳᠠᠯ ᠳᠤ ᠦᠨᠡᠯᠡᠯᠲᠡ ᠬᠢᠬᠦ ᠶᠢ ᠴᠠᠭ ᠲᠤᠨᠢ | ᠲᠣᠬᠢᠷᠠᠭᠤᠯᠤᠨ ᠵᠣᠬᠢᠶᠠᠨ ᠪᠠᠶᠢᠭᠤᠯᠤᠨ᠎ᠠ᠃ | ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶ᠎ᠡ |