ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/6
      ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠣᠭᠲᠠᠬᠤ ᠰᠢᠶᠠᠨ ᠤ ᠬᠤᠷᠢᠶ᠎ᠠ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨ ᠤ ᠰᠢᠶᠠᠨ ᠤ ᠶᠠᠳᠠᠭᠤ ᠬᠦᠴᠢᠷᠳᠡᠯᠲᠡᠢ ᠡᠷᠦᠬᠡ᠂ ᠬᠦᠴᠢᠷᠳᠡᠯ ᠳᠤ ᠲᠤᠯᠭᠠᠷᠠᠭᠰᠠᠨ ᠨᠠᠰᠤᠨ ᠳᠤ ᠦᠯᠦ ᠬᠦᠷᠦᠭᠰᠡᠳ᠂ ︽ᠬᠤᠶᠠᠷ ᠰᠢᠨ᠎ᠡ︾ ᠬᠦᠷᠢᠶᠡᠨ ᠤ ᠵᠠᠯᠠᠭᠤᠴᠤᠳ ᠵᠢᠴᠢ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠥᠮᠥᠰ ᠲᠤ ᠲᠣᠬᠤᠨᠢᠭᠤᠯᠬᠤ ᠡᠳ᠋ ᠪᠣᠳᠠᠰ ᠬᠦᠷᠭᠡᠭᠰᠡᠨ ᠪᠥᠭᠡᠳ ᠲᠡᠳᠡᠨ ᠳᠤ ᠭᠦᠨ ᠵᠤᠵᠠᠭᠠᠨ ᠬᠠᠯᠠᠮᠵᠢᠯᠠᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃
     ᠶᠠᠳᠠᠭᠤ ᠬᠦᠴᠢᠷᠳᠡᠯᠲᠡᠢ ᠡᠷᠦᠬᠡ ᠶᠢ ᠲᠤᠬᠤᠨᠢᠭᠤᠯᠵᠤ ᠪᠠᠶᠢᠭ᠎ᠠ ᠨᠢ
     ᠨᠠᠰᠤᠨ ᠳᠤ ᠥᠯᠥ ᠬᠦᠷᠦᠭᠰᠡᠳ ᠢ ᠲᠤᠬᠤᠨᠢᠭᠤᠯᠵᠤ ᠪᠠᠶᠢᠭ᠎ᠠ ᠨᠢ
     ︽ᠬᠤᠶᠠᠷ ᠰᠢᠨ᠎ᠡ︾ᠬᠦᠷᠢᠶᠡᠨ ᠤ ᠵᠠᠯᠠᠭᠤᠴᠤᠳ ᠢ ᠲᠤᠬᠤᠨᠢᠭᠤᠯᠵᠤ ᠪᠠᠶᠢᠭ᠎ᠠ ᠨᠢ
     ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢ ᠲᠤᠬᠤᠨᠢᠭᠤᠯᠵᠤ ᠪᠠᠶᠢᠭ᠎ᠠ ᠨᠢ      ᠬᠠᠯᠠᠭᠤᠨ ᠳᠣᠲᠣᠨᠣ ᠮᠡᠨᠳᠦᠴᠢᠯᠡᠯ᠂ ᠨᠢᠭᠡ ᠤᠳᠠᠭᠠᠨ ᠤ ᠦᠨᠡᠨ ᠰᠡᠳᠬᠢᠯ ᠤᠨ ᠵᠣᠷᠢᠭᠵᠢᠭᠤᠯᠤᠯ ᠨᠢ ᠬᠠᠶᠢᠷ᠎ᠠ ᠬᠠᠯᠠᠮᠵᠢ ᠪᠠ ᠢᠷᠦᠭᠡᠯ ᠵᠥᠩᠨᠡᠯ ᠢ ᠨᠢᠭᠲᠠᠷᠠᠭᠤᠯᠵᠤ ᠪᠠᠶᠢᠳᠠᠭ᠃ ᠳᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠪᠣᠯᠣᠨ ᠬᠦᠴᠦᠨ ᠴᠢᠳᠠᠯ ᠢ ᠢᠳᠡᠪᠬᠢᠲᠡᠢ ᠳᠠᠶᠢᠴᠢᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠦᠴᠢᠷᠳᠡᠯ ᠢ ᠨᠢ ᠲᠠᠶᠢᠳᠬᠤᠷᠠᠭᠤᠯᠵᠤ᠂ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠨᠢ ᠠᠰᠠᠭᠤᠵᠤ᠂ ᠬᠦᠴᠢᠷᠳᠡᠯ ᠪᠣᠯᠣᠨ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠠᠰᠠᠭᠤᠳᠠᠯ ᠢ ᠦᠨᠡᠨ ᠰᠡᠳᠬᠢᠯ ᠠᠴᠠ ᠪᠠᠨ ᠠᠩᠬᠠᠷᠤᠨ᠎ᠠ᠃ ᠢᠷᠡᠯᠳᠡ᠄ ᠲᠤᠭᠳᠠᠬᠤ ᠰᠢᠶᠠᠨ ᠤ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1