ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ᠄ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢᠶᠡᠨ ᠢ ᠲᠤᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/2/6
      ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠦᠭᠡᠢ᠂ ᠬᠦᠴᠢᠷᠳᠡᠯᠲᠡᠢ ᠣᠯᠠᠨ ᠲᠦᠮᠡᠨ ᠤ ᠠᠷᠠᠳ ᠤᠨ ᠠᠮᠢᠳᠤᠷᠠᠯ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠵᠡᠮᠳᠡᠭᠴᠦᠳ ᠢ ᠥᠯᠵᠡᠢ ᠪᠡᠯᠭᠡ ᠲᠠᠢ ᠬᠠᠯᠠᠭᠤᠨ ᠳᠤᠯᠠᠭᠠᠨ ᠴᠠᠭᠠᠨ ᠰᠠᠷ᠎ᠠ ᠶᠢ ᠥᠩᠭᠡᠷᠡᠭᠦᠯᠬᠦ ᠶᠢᠨ ᠲᠦᠯᠦᠭᠡ᠂ ᠣᠶᠢᠷ᠎ᠠ ᠳᠤ᠂ ᠰᠢᠶᠠᠨ ᠤ ᠵᠡᠮᠳᠡᠭᠴᠦᠳ ᠤᠨ ᠬᠤᠯᠪᠣᠭ᠎ᠠ ᠬᠦᠴᠢᠷᠳᠡᠯ ᠲᠠᠢ ᠵᠡᠮᠳᠡᠭᠴᠦᠳ ᠤᠨ ᠭᠡᠷ ᠲᠤ ᠭᠦᠨᠵᠡᠭᠡᠶᠢᠷᠡᠵᠦ᠂ 2024 ᠣᠨ ᠤ ︽ᠵᠡᠮᠳᠡᠭᠴᠦᠳ ᠢ ᠲᠤᠰᠠᠯᠠᠵᠤ ᠰᠡᠳᠬᠢᠯ ᠢ ᠳᠤᠯᠠᠭᠠᠴᠠᠭᠤᠯᠬᠤ︾ ᠴᠠᠭᠠᠨ ᠰᠠᠷ᠎ᠠ ᠶᠢᠨ ᠲᠤᠬᠤᠨᠢᠭᠤᠯᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠺᠠᠳ᠋ᠷ ᠵᠢᠴᠢ ᠰᠠᠶᠢᠨ ᠳᠤᠷ᠎ᠠ ᠶᠢᠨ ᠠᠵᠢᠯᠯᠠᠭᠴᠢ ᠬᠦᠴᠢᠷᠳᠡᠯᠲᠡᠢ ᠵᠡᠮᠳᠡᠭᠴᠦᠳ ᠤᠨ ᠭᠡᠷ ᠲᠤ ᠬᠦᠷᠴᠦ᠂ ᠲᠡᠳᠡᠨ ᠤ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠳᠣᠲᠣᠨᠣᠰᠤᠭ ᠢᠶᠠᠷ ᠠᠰᠠᠭᠤᠨ ᠯᠠᠪᠯᠠᠭᠰᠠᠨ ᠪᠥᠭᠡᠳ ᠲᠡᠳᠡᠨ ᠳᠤ ᠴᠡᠪᠡᠷᠯᠡᠭᠡ ᠬᠢᠵᠦ᠂ ᠭᠡᠷ ᠤᠨ ᠠᠵᠢᠯ ᠢ ᠨᠢ ᠲᠡᠭᠰᠢᠯᠡᠬᠦ ᠶᠢᠨ ᠬᠠᠮᠲᠤ ᠲᠣᠬᠤᠨᠢᠭᠤᠯᠬᠤ ᠮᠥᠩᠭᠦ᠂ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃ ᠬᠠᠯᠠᠭᠤᠮᠰᠤᠭ ᠦᠢᠯᠡᠴᠢᠯᠡᠭᠡ ᠨᠢ ᠵᠡᠮᠳᠡᠭᠴᠦᠳ ᠤᠨ ᠠᠮᠢᠳᠤᠷᠠᠯ ᠤᠨ ᠣᠷᠴᠢᠨ ᠲᠣᠭᠤᠷᠢᠨ ᠢ ᠴᠣ᠋ ᠰᠢᠨ᠎ᠡ ᠪᠣᠯᠭᠠᠭᠰᠠᠨ ᠢᠶᠠᠷ ᠪᠠᠷᠠᠬᠤ ᠦᠭᠡᠢ ᠨᠡᠩ ᠴᠤ ᠲᠡᠳᠡᠨ ᠳᠤ ᠨᠡᠶᠢᠭᠡᠮ ᠤᠨ ᠬᠠᠶᠢᠷ᠎ᠠ ᠬᠠᠯᠠᠮᠵᠢ ᠪᠠ ᠬᠠᠪᠰᠤᠷᠤᠯᠭ᠎ᠠ ᠶᠢ ᠬᠦᠷᠲᠡᠭᠡᠭᠰᠡᠨ ᠪᠠᠶᠢᠨ᠎ᠠ᠃ ᠡᠭᠦᠨ ᠤ ᠬᠠᠮᠲᠤ ᠪᠠᠰᠠ ᠳᠡᠳᠡᠨ ᠳᠤ ᠨᠠᠮ ᠤᠨ ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠢᠳᠡᠪᠬᠢᠲᠡᠢ ᠪᠠᠷ ᠤᠬᠠᠭᠤᠯᠬᠤ ᠶᠢᠨ ᠬᠠᠮᠲᠤ ᠳᠡᠳᠡᠨ ᠢ ᠬᠦᠴᠢᠷᠳᠡᠯ ᠤᠨ ᠳᠤᠮᠳᠠ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠡᠶ᠎ᠡ ᠪᠠᠨ ᠳᠠᠭᠠᠭᠠᠨ ᠬᠦᠴᠦᠷᠬᠡᠭᠵᠢᠵᠦ᠂ ᠠᠮᠢᠳᠤᠷᠠᠯ ᠳᠤ ᠢᠨᠢᠶᠡᠮᠰᠦᠭᠯᠡᠨ ᠬᠠᠨᠳᠤᠬᠤ ᠬᠡᠷᠡᠭᠲᠡᠢ ᠭᠡᠵᠦ ᠵᠣᠷᠢᠭᠵᠢᠭᠤᠯᠵᠠᠢ᠃      ᠨᠢᠭᠡ ᠬᠤᠪᠢ ᠴᠠᠭᠠᠨ ᠰᠠᠷ᠎ᠠ ᠶᠢᠨ ᠪᠠᠷᠠᠭ᠎ᠠ᠂ ᠬᠠᠯᠠᠭᠤᠨ ᠳᠤᠯᠠᠭᠠᠨ ᠰᠡᠳᠬᠢᠯᠭᠡ ᠨᠢ ᠬᠦᠨᠳᠦ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠳᠤ ᠬᠠᠯᠠᠭᠤᠨ ᠳᠤᠯᠠᠭᠠᠨ ᠠᠭᠤᠷ ᠠᠮᠢᠰᠬᠤᠯ ᠢ ᠬᠦᠷᠭᠡᠵᠦ᠂ ᠵᠡᠮᠳᠡᠭᠴᠦᠳ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠢᠳᠡᠪᠬᠢᠲᠡᠢ ᠤᠷᠤᠭᠰᠢᠯᠠᠬᠤ ᠶᠢ ᠵᠣᠷᠢᠭᠵᠢᠭᠤᠯᠤᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1