ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ 2023 ᠣᠨ ᠤ 1-12 ᠳ᠋ᠤᠭᠠᠷ ᠰᠠᠷ᠎ᠠ ᠳᠤ ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠤᠨ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ 31231.8 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/2/6
      2023 ᠣᠨ ᠳᠤ᠂ ᠲᠤᠭᠳᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠬᠦᠴᠦᠲᠡᠢ ᠠᠷᠭ᠎ᠠ ᠬᠡᠮᠵᠢᠶ᠎ᠡ ᠠᠪᠴᠤ᠂ ᠪᠡᠯᠡ ᠮᠥᠩᠭᠦ ᠲᠠᠷᠬᠠᠭᠠᠬᠤ ᠬᠠᠮᠢᠶᠠᠷᠤᠯᠲᠠ ᠶᠢᠨ ᠲᠠᠰ ᠳᠠᠷᠠᠭᠠᠯᠠᠯ ᠢ ᠴᠢᠩᠭᠠᠳᠬᠠᠨ ᠵᠢᠷᠤᠮᠵᠢᠭᠤᠯᠵᠤ᠂ ᠪᠣᠶ ᠪᠦᠬᠦᠢ ᠡᠳ᠋ ᠤᠨ ᠵᠠᠰᠠᠭ ᠤᠨ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ︽ᠪᠦᠬᠦᠨ ᠳᠤ ᠲᠣᠬᠢᠷᠠᠬᠤ ᠺᠠᠷᠲ︾ ᠤᠨ ᠰᠢᠰᠲ᠋ᠧᠮ ᠳᠤ ᠣᠷᠣᠭᠤᠯᠤᠨ ᠲᠠᠷᠬᠠᠭᠠᠪᠠ᠃ 1-12 ᠳ᠋ᠤᠭᠠᠷ ᠰᠠᠷ᠎ᠠ ᠳᠤ᠂ ᠮᠠᠨ ᠤ ᠲᠣᠪᠴᠢᠶ᠎ᠠ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 31231.8 ᠲᠦᠮᠡᠨ ᠲᠥᠭᠦᠷᠢᠭ ᠲᠠᠷᠬᠠᠭᠠᠵᠤ᠂ ᠲᠠᠷᠢᠶᠠᠯᠠᠩ ᠤᠨ ᠲᠥᠷᠥᠯ᠂ ᠣᠶ ᠰᠢᠭᠤᠢ ᠶᠢᠨ ᠲᠥᠷᠥᠯ᠂ ᠰᠤᠷᠭᠠᠨ ᠬᠥᠮᠦᠵᠢᠯ ᠤᠨ ᠲᠥᠷᠥᠯ᠂ ᠲᠥᠯᠥᠪᠯᠡᠭᠡᠲᠦ ᠦᠷᠡᠵᠢᠯ ᠤᠨ ᠨᠥᠬᠦᠪᠦᠷᠢ᠂ ᠪᠠᠷᠢᠯᠭ᠎ᠠ ᠶᠢᠨ ᠲᠥᠷᠥᠯ᠂ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠴᠠᠯᠢᠩ ᠤᠨ ᠨᠥᠬᠦᠪᠦᠷᠢ ᠶᠢᠨ ᠲᠥᠷᠥᠯ ᠵᠡᠷᠭᠡ 7 ᠬᠦᠷᠢᠶᠡᠨ ᠤ ᠨᠥᠬᠦᠪᠦᠷᠢ ᠳᠤ ᠬᠤᠯᠪᠣᠭᠳᠠᠨ᠂ ᠨᠡᠶᠢᠲᠡ 648092 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ᠂ ᠲᠠᠷᠢᠶᠠᠯᠠᠩ ᠤᠨ ᠲᠥᠷᠥᠯ ᠤᠨ ᠨᠥᠬᠦᠪᠦᠷᠢ 11086.18 ᠲᠦᠮᠡᠨ ᠲᠥᠭᠦᠷᠢᠭ᠂ ᠣᠶ ᠰᠢᠭᠤᠢ ᠶᠢᠨ ᠲᠥᠷᠥᠯ ᠤᠨ ᠨᠥᠬᠦᠪᠦᠷᠢ 143.34 ᠲᠦᠮᠡᠨ ᠲᠥᠭᠦᠷᠢᠭ᠂ ᠲᠥᠯᠥᠪᠯᠡᠭᠡᠲᠦ ᠦᠷᠡᠵᠢᠯ ᠤᠨ ᠨᠥᠬᠦᠪᠦᠷᠢ 225.07 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ 15338.52 ᠲᠦᠮᠡᠨ ᠲᠥᠭᠦᠷᠢᠭ᠂ ᠴᠠᠯᠢᠩ ᠤᠨ ᠨᠥᠬᠦᠪᠦᠷᠢ ᠶᠢᠨ ᠲᠥᠷᠥᠯ ᠤᠨ ᠪᠡᠯᠡ ᠮᠥᠩᠭᠦ 3261.06 ᠲᠦᠮᠡᠨ ᠲᠥᠭᠦᠷᠢᠭ ᠲᠤ ᠬᠦᠷᠴᠡᠢ᠃ ᠢᠷᠡᠯᠲᠡ᠄  ᠲᠤᠭᠳᠠᠬᠤ ᠰᠢᠶᠠᠨ ᠤ ᠵᠠᠰᠠᠭ ᠤᠨ ᠤᠷᠳᠤᠨ ᠤ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1