ᠡᠷᠴᠢ ᠵᠣᠷᠢᠭ ᠢᠶᠠᠨ ᠬᠥᠪᠴᠢᠯᠡᠨ ᠬᠠᠲᠠᠭᠤ ᠪᠡᠷᠬᠡᠰᠢᠶᠡᠯ ᠢ ᠲᠤᠭᠤᠯᠤᠨ ᠪᠡᠷᠬᠡ ᠶᠢ ᠳᠠᠪᠠᠵᠤ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠭᠰᠠᠨ ᠤᠷᠤᠨ ᠤ ᠲᠥᠪ ᠬᠤᠲᠠ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2024/3/1
      ᠵᠣᠴᠢᠨ᠄ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ᠂ ᠠᠯᠪᠠᠨ ᠭᠡᠷ ᠤᠨ ᠡᠷᠬᠢᠯᠡᠭᠴᠢ ᠼᠤᠤ ᠬᠤᠢ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠷᠬᠢᠯᠡᠭᠴᠢ ᠮᠠ ᠹᠠ ᠺᠦᠨ            1.ᠬᠠᠮᠢᠶᠠᠷᠤᠭᠴᠢ      ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠶᠠᠷᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      2. ᠬᠥᠲᠥᠯᠥᠭᠴᠢ      ᠬᠥᠬᠡᠬᠤᠲᠠ ᠶᠢᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠬᠤᠯᠠ ᠶᠡᠭᠡ ᠡᠭᠦᠷᠭᠡ ᠪᠣᠯᠭᠠᠨ ᠲᠥᠯᠥᠪᠵᠢᠭᠦᠯᠵᠦ ᠪᠠᠶᠢᠷᠢᠯᠠᠭᠤᠯᠤᠭᠰᠠᠭᠠᠷ ᠢᠷᠡᠵᠠᠢ᠂ 2023 ᠣᠨ ᠳᠤ ᠮᠠᠨ ᠤ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠢ ᠳᠡᠭᠡᠨ ᠰᠠᠶᠢᠵᠢᠷᠠᠭᠤᠯᠤᠭᠰᠠᠨ ᠪᠠᠶᠢᠳᠠᠯ ᠬᠢᠷᠢ ᠵᠡᠷᠭᠡ ᠪᠤᠢ︖ ᠶᠠᠮᠠᠷ ᠶᠠᠮᠠᠷ ᠪᠦᠲᠦᠮᠵᠢᠲᠡᠶ ᠠᠷᠭ᠎ᠠ ᠬᠡᠮᠵᠢᠶ᠎ᠡ ᠠᠪᠤᠭᠰᠠᠨ ᠪᠣᠶ︖      3. ᠵᠤᠴᠢᠨ / ᠬᠥᠬᠡᠬᠤᠲᠠ ᠶᠢᠨ ᠠᠮᠢ ᠠᠬᠤᠶ ᠶᠢᠨ ᠣᠷᠴᠢᠨ ᠲᠤᠭᠤᠷᠢᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ
     2023 ᠣᠨ ᠳᠤ ᠪᠢᠳᠡ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠠᠷᠭ᠎ᠠ ᠬᠡᠯᠪᠡᠷᠢ ᠶᠢ ᠬᠦᠴᠦᠯᠡᠨ ᠰᠢᠯᠢᠳᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃      ᠠᠭᠠᠷ ᠤᠨ ᠴᠢᠨᠠᠷ ᠤᠨ ᠲᠠᠯ᠎ᠠ ᠪᠠᠷ᠃ ᠪᠥᠬᠦ ᠵᠢᠯ ᠤᠨ ᠰᠢᠯᠢᠳᠡᠭ ᠡᠳᠦᠷ ᠤᠨ ᠲᠤᠭ᠎ᠠ ᠨᠡᠶᠢᠲᠡ 292 ᠡᠳᠦᠷ ᠪᠠᠶᠢᠵᠤ᠂ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 87.0% ︵ᠡᠯᠡᠰᠦ ᠲᠣᠭᠤᠰᠣᠨ ᠤ ᠨᠥᠯᠥᠭᠡ ᠶᠢ ᠬᠠᠰᠤᠨ᠎ᠠ︶ ᠪᠠᠶᠢᠵᠤ᠂ ᠬᠢᠨᠠᠨ ᠰᠢᠯᠭᠠᠬᠤ ᠭᠦᠢᠴᠡᠳᠭᠡᠯ ᠲᠤᠭ᠎ᠠ ᠠᠴᠠ 7.7 ᠵᠠᠭᠤᠨ ᠤ ᠨᠢᠭᠡᠴᠢ ᠳᠡᠭᠡᠭᠰᠢᠯᠡᠵᠡᠶ᠃      ᠤᠰᠤᠨ ᠣᠷᠴᠢᠨ ᠲᠣᠭᠤᠷᠢᠨ ᠤ ᠴᠢᠨᠠᠷ ᠤᠨ ᠲᠠᠯ᠎ᠠ ᠪᠠᠷ᠃ ᠭᠠᠵᠠᠷ ᠤᠨ ᠭᠠᠳᠠᠷᠭᠤ ᠶᠢᠨ ᠤᠰᠤᠨ ᠤ ᠤᠯᠤᠰ ᠤᠨ ᠡᠵᠡᠮᠰᠢᠯ ᠤᠨ ᠣᠭᠲᠣᠯᠤᠭᠠᠰᠤ ᠶᠢᠨ ᠤᠰᠤᠨ ᠤ ᠴᠢᠨᠠᠷ ︵ᠳᠤᠮᠳᠠᠴᠢ ᠬᠡᠮᠵᠢᠭᠳᠡᠯ︶ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 100% ᠪᠠᠶᠢᠵᠤ᠂ Ⅲ ᠲᠥᠷᠥᠯ ᠤᠨ ᠤᠰᠤᠨ ᠴᠣᠭᠴᠠ ᠳᠤ ᠭᠦᠷᠦᠭᠰᠡᠨ ᠪᠤᠶᠤ ᠲᠡᠭᠦᠨ ᠠᠴᠠ ᠰᠠᠶᠢᠨ ᠪᠣᠯᠤᠭᠰᠠᠨ ᠬᠠᠷᠢᠴᠠᠯ ᠨᠢ 60% ᠪᠠᠶᠢᠵᠤ᠂ ᠮᠠᠭᠤ V ᠲᠥᠷᠥᠯ ᠤᠨ ᠤᠰᠤᠨ ᠴᠣᠭᠴᠠ ᠶᠢ ᠠᠷᠢᠯᠭᠠᠵᠤ᠂ ᠣᠭᠲᠣᠯᠤᠭᠠᠰᠤ ᠶᠢᠨ ᠤᠰᠤᠨ ᠤ ᠴᠢᠨᠠᠷ ᠨᠢ ᠠᠳᠠᠯᠢ ᠬᠤᠭᠤᠴᠠᠭᠠᠨ ᠤ ᠬᠢ ᠠᠴᠠ ︽ᠳᠥᠷᠪᠡᠨ ᠲᠡᠭᠰᠢ ᠨᠢᠭᠡ ᠯᠢᠲᠷ︾ ᠪᠠᠶᠢᠵᠤ᠂ ᠡᠭᠦᠨ ᠳᠤ ᠾᠦᠨ ᠾᠧ ᠭᠤᠤᠯ ᠤᠨ ᠬᠤᠸᠠᠩ ᠺᠸᠦ ᠳᠤ ᠴᠢᠳᠬᠤᠬᠤ ᠣᠭᠲᠣᠯᠤᠭᠠᠰᠤ ᠶᠢᠨ ᠤᠰᠤᠨ ᠤ ᠴᠢᠨᠠᠷ ᠨᠢ Ⅲ ᠲᠥᠷᠥᠯ ᠠᠴᠠ Ⅱ ᠲᠥᠷᠥᠯ ᠳᠤ ᠭᠦᠷᠦᠭᠰᠡᠨ ᠪᠠᠶᠢᠨ᠎ᠠ᠃ ᠬᠤᠲᠠ ᠶᠢᠨ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ Ⅲ ᠲᠥᠷᠥᠯ ᠤᠨ ᠪᠠᠷᠢᠮᠵᠢᠶ᠎ᠠ ᠶᠢᠨ ᠬᠢᠵᠠᠭᠠᠷ ᠬᠡᠮᠵᠢᠭᠳᠡᠯ ᠳᠤ ᠬᠦᠷᠪᠡ᠃      ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠠᠯ᠎ᠠ ᠪᠠᠷ᠃ ᠪᠥᠬᠦ ᠬᠤᠲᠠ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠠᠮᠢᠶᠠᠷᠤᠨ ᠡᠵᠡᠮᠳᠡᠬᠦ ᠨᠣᠷᠮ᠎ᠠ᠂ ᠪᠣᠬᠢᠷᠲᠤᠭᠰᠠᠨ ᠭᠠᠵᠠᠷ ᠤᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ 100% ᠳᠤ ᠬᠥᠷᠪᠡ᠃      ᠪᠢᠳᠡ ᠭᠤᠣᠯᠳᠠᠭᠤ ᠳᠣᠣᠷᠠᠬᠢ ᠮᠡᠲᠦ ᠲᠦᠷᠪᠡᠨ ᠲᠠᠯ᠎ᠠ ᠶᠢᠨ ᠠᠷᠭ᠎ᠠ ᠬᠡᠮᠵᠢᠶ᠎ᠡ ᠶᠢ ᠠᠪᠴᠠᠶ᠄      ᠨᠢᠭᠡ ᠳᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠪᠡ᠃ ︽ᠬᠥᠬᠡᠬᠤᠲᠠ ᠶᠢᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠦᠯ ︵2023 — 2025 ᠣᠨ︶︾ ᠢ ᠳᠠᠷᠤᠮᠠᠯᠯᠠᠨ ᠲᠠᠷᠬᠠᠭᠠᠵᠤ᠂ 36 ᠵᠦᠢᠯ ᠤᠨ ᠭᠦᠢᠴᠡᠳᠭᠡᠯ ᠲᠤᠭ᠎ᠠ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠪᠡ᠃ ᠬᠤᠰᠢᠭᠤ ᠰᠢᠶᠠᠨ ᠲᠣᠭᠤᠷᠢᠭ ᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠪᠠ ︽ᠴᠡᠩᠬᠡᠭ ᠤᠰᠤ ᠬᠥᠬᠡᠮᠳᠦᠭ ᠠᠭᠤᠯᠠ ᠤᠰᠤ ᠪᠣᠯ ᠠᠯᠲᠠᠨ ᠮᠥᠩᠭᠦᠨ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠪᠥᠬᠦ ᠣᠷᠣᠨ ᠪᠦᠰᠡ ᠶᠢᠨ ᠡᠭᠦᠳᠦᠨ ᠪᠠᠶᠢᠭᠤᠯᠬᠤ ᠶᠡᠭᠡ ᠪᠠᠶᠢᠷᠢᠰᠢᠯ ᠢ ᠪᠣᠶ ᠪᠤᠯᠭᠠᠪᠠ᠃ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ ᠢ ᠲᠣᠰ ᠲᠣᠰ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ︽ᠴᠡᠩᠬᠡᠭ ᠤᠰᠤ ᠬᠥᠬᠡᠮᠳᠦᠭ ᠠᠭᠤᠯᠠ ᠤᠰᠤ ᠪᠣᠯ ᠠᠯᠲᠠᠨ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠴᠦ᠂ ᠲᠦᠮᠡᠳ ᠵᠡᠭᠦᠨ ᠬᠤᠰᠢᠭᠤ᠂ ᠰᠠᠶᠢᠬᠠᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢᠶᠠᠷ ᠨᠡᠷᠡᠶᠢᠳᠴᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠠᠬᠢᠨᠲᠠ ᠦᠷ᠎ᠡ ᠪᠦᠲᠦᠭᠡᠯ ᠤᠯᠪᠠ᠃      ᠬᠤᠶᠠᠷ ᠲᠤ᠂ ᠥᠨᠳᠥᠷ ᠪᠠᠷᠢᠮᠵᠢᠶ᠎ᠠ ᠪᠠᠷ ︽ᠭᠤᠷᠪᠠᠨ ᠶᠡᠭᠡ ᠬᠠᠮᠠᠭᠠᠯᠠᠯᠲᠠ ᠶᠢᠨ ᠳᠠᠶᠢᠯᠠᠯᠳᠤᠭᠠᠨ︾ ᠢ ᠰᠠᠶᠢᠲᠤᠷ ᠬᠢᠪᠡ᠃ ① ᠠᠭᠠᠷ ᠮᠠᠨᠳᠠᠯ ᠤᠨ ᠪᠣᠬᠢᠷᠲᠤᠯ ᠢ ᠬᠠᠮᠵᠢᠯᠴᠠᠨ ᠵᠠᠰᠠᠬᠤ ᠶᠢ ᠢᠳᠡᠪᠬᠢᠲᠡᠶ ᠲᠦᠯᠬᠢᠨ ᠠᠬᠢᠭᠤᠯᠪᠠ᠃ ᠨᠡᠭᠦᠷᠡᠰᠦ ᠰᠢᠲᠠᠭᠠᠬᠤ 4 ᠭᠦᠸᠧᠯᠦ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠰᠠᠭᠤᠭᠠᠯᠢ ᠠᠷᠠᠳ ᠤᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠥᠭᠡᠷᠡᠴᠢᠯᠡᠯᠲᠡ ᠶᠢ 5.96 ᠲᠦᠮᠡᠨ ᠡᠷᠦᠬᠡ ᠳᠤ ᠪᠡᠶᠡᠯᠡᠭᠦᠯᠵᠦ᠂ ᠡᠰᠢ ᠰᠦᠷᠡᠯ ᠢ ᠵᠠᠳᠠᠭᠠᠶ ᠰᠢᠲᠠᠭᠠᠬᠤ ᠪᠠᠯᠠ ᠮᠥᠩᠭᠦ ᠶᠢ 4.16 ᠳ᠋ᠦᠩᠰᠢᠭᠤᠷ ᠲᠥᠭᠦᠷᠢᠭ ᠰᠠᠭᠤᠯᠭᠠᠨ ᠠᠪᠴᠤ᠂ ᠣᠽᠣᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ 21 ᠵᠤᠷᠪᠤᠰ ᠲᠦᠷ ᠴᠠᠭ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠦᠨᠳᠦ ᠬᠡᠯᠪᠡᠷᠢ ᠶᠢᠨ ᠴᠠᠶᠢᠶ᠋ᠢᠦ ᠲᠤᠰᠤᠨ ᠲᠡᠷᠭᠡ ᠶᠢᠨ ᠠᠯᠤᠰ ᠡᠵᠡᠮᠰᠢᠯᠲᠦ ᠰᠦᠯᠵᠢᠶᠡᠨ ᠳᠠᠬᠢ ᠬᠢᠨᠠᠨ ᠡᠵᠡᠮᠳᠡᠬᠦ ᠲᠥᠬᠦᠭᠡᠷᠦᠮᠵᠢ ᠶᠢ ᠤᠭᠰᠠᠷᠠᠬᠤ ᠶᠢ ᠪᠡᠶᠡᠯᠡᠭᠦᠯᠪᠡ᠃ ② ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠶᠡᠭᠡ ᠪᠠᠷ ᠬᠢᠪᠡ᠃ ᠤᠯᠤᠰ ᠤᠨ ᠣᠷᠣᠨ ᠪᠦᠰᠡ ᠶᠢᠨ ᠳᠠᠬᠢᠯᠲᠠ ᠤᠰᠤ ᠶᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠶᠢᠨ ᠬᠤᠲᠠ ᠳᠤ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠵᠢᠨᠴᠢᠶᠤᠤ ᠠᠵᠤ ᠦᠢᠯᠡᠳᠪᠦᠷᠢ ᠶᠢᠨ ᠪᠣᠬᠢᠷ ᠤᠰᠤ  ᠰᠢᠢᠳᠪᠦᠷᠢᠯᠡᠬᠦ ᠦᠢᠯᠡᠳᠪᠦᠷᠢ ᠶᠢᠨ ᠲᠤᠷᠰᠢᠯᠲᠠ ᠶᠢᠨ ᠤᠰᠤᠨ ᠤ ᠠᠵᠢᠯᠯᠠᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠠᠵᠠᠷ ᠳᠣᠤᠷᠠᠬᠢ ᠪᠠᠷᠢᠯᠭ᠎ᠠ ᠶᠢᠨ ᠤᠷᠤᠢ ᠶᠢ ᠨᠢ ᠠᠳᠠᠭᠠᠷᠯᠠᠪᠠ︔ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠳᠣᠭᠢᠷᠠᠭᠤᠯᠬᠤ ᠵᠢᠴᠢ ᠬᠤᠪᠢᠷᠠᠭᠤᠯᠬᠤ ᠶᠢ ᠬᠢᠨᠠᠨ ᠵᠥᠪᠰᠢᠶᠡᠷᠡᠬᠦ 4 ᠠᠵᠢᠯ ᠢ ᠪᠡᠶᠡᠯᠡᠭᠦᠯᠵᠦ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ 289 ᠠᠮᠠ ᠶᠢ ᠴᠡᠭᠴᠡᠯᠡᠨ ᠵᠠᠰᠠᠪᠠ︔ ᠡᠯ᠎ᠡ ᠬᠤᠰᠢᠭᠤ ᠰᠢᠶᠠᠨ ᠲᠣᠭᠤᠷᠢᠭ ᠤᠨ ᠲᠤᠰᠢᠶᠠᠭᠰᠠᠨ ᠬᠡᠰᠡᠭ ᠤᠨ ᠣᠭᠲᠣᠯᠤᠭᠠᠰᠤ ᠶᠢᠨ ᠪᠠᠷᠢᠮᠵᠢᠶ᠎ᠠ ᠠᠴᠠ ᠬᠡᠲᠦᠷᠡᠭᠰᠡᠨ ᠨᠥᠬᠦᠪᠥᠷᠢ ᠮᠥᠩᠭᠦ 1152.33 ᠲᠦᠮᠡᠨ ᠲᠥᠭᠦᠷᠢᠭ ᠲᠤᠰᠢᠶᠠᠪᠠ︔ ᠲᠡᠯᠡᠶ ᠶᠢᠨ ᠤᠷᠤᠰᠬᠠᠯ ᠤᠨ ᠤᠰᠤᠨ ᠴᠥᠭᠦᠷᠥᠮ ᠤᠨ ᠨᠤᠭᠤ ᠭᠠᠵᠠᠷ ᠢ ᠴᠡᠪᠡᠷᠰᠢᠭᠦᠯᠬᠦ ᠢᠨᠵᠧᠨᠧᠷᠢᠩ᠂ ᠪᠠᠭ᠎ᠠ ᠲᠦᠷᠭᠡᠨ ᠭᠤᠤᠯ ᠤᠨ ᠲᠦᠮᠡᠳ ᠵᠡᠭᠦᠨ ᠬᠤᠰᠢᠭᠤᠨ ᠤ ᠬᠡᠰᠡᠭ ᠤᠨ ᠠᠮᠢ ᠠᠬᠤᠶ ᠶᠢ ᠴᠡᠪᠡᠷᠰᠢᠭᠦᠯᠬᠦ ᠢᠨᠵᠧᠨᠧᠷᠢᠩ ᠢ ᠪᠠᠶᠢᠭᠤᠯᠵᠤ ᠳᠠᠭᠤᠰᠬᠠᠨ᠂ ᠬᠠᠷ᠎ᠠ ᠤᠰᠤ ᠶᠢᠨ ᠠᠮᠢ ᠠᠬᠤᠶ ᠶᠢᠨ ᠨᠠᠮᠬᠠᠳᠬᠠᠬᠤ ᠪᠦᠰᠡ ᠶᠢ ᠵᠠᠰᠠᠨ ᠰᠡᠷᠭᠦᠭᠡᠬᠦ ᠵᠢᠴᠢ ᠪᠥᠲᠥᠭᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠠᠪᠠ ᠭᠠᠵᠠᠷ ᠤᠨ ᠣᠭᠲᠣᠯᠤᠭᠠᠰᠤ ᠶᠢᠨ ᠤᠰᠤᠨ ᠤ ᠴᠢᠨᠠᠷ ᠤᠨ ᠪᠣᠬᠢᠷᠲᠤᠯ ᠤᠨ ᠨᠥᠬᠦᠪᠥᠷᠢ ᠮᠥᠩᠭᠦ 430 ᠭᠠᠷᠤᠶ ᠲᠦᠮᠡᠨ ᠲᠥᠭᠦᠷᠢᠭ ᠭᠥᠷᠳᠡᠪᠡ᠃ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠨᠡᠶᠢᠭᠡᠮᠯᠢᠭ ᠤᠨ ︽ᠬᠠᠲᠤᠨ ᠭᠤᠤᠯ ᠤᠨ ᠶᠡᠭᠡ ᠲᠦᠷᠭᠡᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠬᠢᠭᠡᠳ ᠣᠷᠴᠢᠨ ᠲᠤᠭᠤᠷᠢᠨ ᠤ ᠨᠥᠯᠥᠭᠡᠯᠡᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ︾ ᠤᠨ ᠫᠠᠶᠢᠰᠠ ᠣᠯᠭᠤᠯᠲᠠ ᠶᠢ ᠭᠥᠷᠳᠡᠵᠦ᠂ ᠤᠰᠤᠨ ᠤ ᠠᠮᠢ ᠠᠬᠤᠶ ᠣᠷᠴᠢᠨ ᠲᠤᠭᠤᠷᠢᠨ ᠤ ᠬᠦᠷᠢᠶᠡᠨ ᠳᠤ ᠦᠨᠡᠨ ᠬᠦ ᠠᠳᠬᠤᠵᠤ ᠪᠣᠳᠠᠲᠠᠶ ᠠᠵᠢᠯᠯᠠᠭᠠᠳ ᠢᠯᠡᠳᠲᠡ ᠦᠷ᠎ᠡ ᠪᠦᠲᠦᠮᠵᠢ ᠣᠯᠤᠭᠰᠠᠨ ᠭᠠᠵᠠᠷ ᠣᠷᠣᠨ ᠤ ᠨᠡᠶᠢᠲᠡᠯᠢᠭ ᠲᠤᠷᠰᠢᠯᠭ᠎ᠠ ᠬᠢᠳᠡᠯ ᠨᠢ ᠠᠮᠢ ᠠᠬᠤᠶ ᠣᠷᠴᠢᠨ ᠲᠤᠭᠤᠷᠢᠨ ᠤ ᠶᠠᠮᠤᠨ ᠤ ᠰᠠᠶᠢᠰᠢᠶᠠᠯ ᠢ ᠣᠯᠤᠭᠰᠠᠨ ᠪᠠᠶᠢᠨ᠎ᠠ᠃ ③ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠴᠢᠩᠭ᠎ᠠ ᠬᠠᠮᠠᠭᠠᠯᠠᠪᠠ᠃ ᠬᠥᠷᠥᠰᠥ ᠰᠢᠷᠣᠶ ᠶᠢᠨ ᠪᠣᠬᠢᠷᠲᠤᠯ ᠢ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠢ 17 ᠣᠷᠣᠭᠤᠯᠪᠠ︔ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠭᠠᠵᠠᠷ ᠳᠣᠤᠷᠠᠬᠢ ᠤᠰᠤᠨ ᠤ ᠣᠷᠴᠢᠨ ᠲᠣᠭᠤᠷᠢᠨ ᠤ ᠠᠩᠬ᠎ᠠ ᠠᠯᠬᠤᠮ ᠤᠨ ᠪᠠᠶᠢᠴᠠᠭᠠᠯᠲᠠ ᠶᠢ ᠪᠡᠶᠡᠯᠡᠭᠦᠯᠵᠦ᠂ ᠪᠥᠬᠦ ᠤᠯᠤᠰ ᠤᠨ ᠠᠩᠬᠠᠳᠠᠭᠴᠢ ᠪᠦᠯᠦᠭ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠵᠠᠷ ᠳᠣᠤᠷᠠᠬᠢ ᠤᠰᠤ ᠶᠢ ᠬᠠᠮᠢᠶᠠᠷᠤᠨ ᠡᠵᠡᠮᠳᠡᠵᠦ ᠵᠠᠰᠠᠨ ᠰᠡᠷᠭᠦᠭᠡᠬᠦ ᠲᠤᠷᠰᠢᠯᠲᠠ ᠶᠢᠨ ᠴᠡᠭ ᠲᠤ ᠠᠮᠵᠢᠯᠲᠠ ᠲᠠᠢ ᠪᠠᠷ ᠰᠣᠩᠭᠤᠭᠳᠠᠪᠠ︔ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠲᠣᠰᠬᠤᠨ ᠢ 20 ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠪᠡ︔ ︽ᠬᠥᠬᠡᠬᠤᠲᠠ ᠶᠢᠨ ᠮᠠᠯ ᠵᠢᠭᠦᠷᠲᠡᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ︾ ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ︔ ᠬᠠᠲᠤᠨ ᠭᠤᠣᠯ ᠤᠨ 52 ᠰᠠᠪᠠ ᠭᠠᠵᠠᠷ ᠤᠨ ︽ᠬᠠᠶᠠᠭᠳᠠᠮᠠᠯ ᠪᠣᠳᠠᠰ ᠢ ᠠᠷᠢᠯᠭᠠᠬᠤ ᠠᠵᠢᠯᠯᠠᠭ᠎ᠠ︾ ᠶᠢᠨ ᠠᠰᠠᠭᠤᠳᠠᠯ ᠤᠨ ᠴᠡᠭ ᠪᠠᠶᠢᠷᠢ ᠶᠢᠨ ᠴᠡᠭᠴᠡᠯᠡᠨ ᠥᠭᠡᠷᠡᠴᠢᠯᠡᠯᠲᠡ ᠶᠢ ᠪᠡᠶᠡᠯᠡᠭᠦᠯᠪᠡ᠃      ᠭᠤᠷᠪᠠ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠳᠦᠯᠬᠢᠨ ᠠᠬᠢᠭᠤᠯᠪᠠ᠃ ① ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ  ᠰᠢᠮᠳᠠᠭᠤᠯᠤᠨ ᠪᠠᠶᠢᠴᠠᠭᠠᠬᠤ 26 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠢᠭᠡᠨᠲᠡ 15 ᠵᠦᠢᠯ ᠢ ᠪᠡᠶᠡᠯᠡᠭᠦᠯᠵᠦ᠂ ᠦᠯᠡᠳᠡᠭᠰᠡᠨ ᠴᠡᠭᠴᠡᠯᠡᠨ ᠰᠠᠶᠢᠵᠢᠷᠠᠭᠤᠯᠬᠤ ᠡᠭᠦᠷᠭᠡ ᠨᠢ ᠴᠥᠮ ᠴᠠᠭ ᠤᠨ ᠳᠠᠷᠠᠭᠠᠯᠠᠯ ᠤᠨ ᠠᠬᠢᠴᠠ ᠳᠤ ᠬᠦᠷᠴᠡᠢ᠃ ② ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ 47 ᠵᠦᠢᠯ ᠢ ᠰᠢᠮᠳᠠᠭᠤᠯᠤᠨ ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠭᠠᠵᠠᠷ ᠤᠨ ᠭᠠᠳᠠᠷᠭᠤ ᠶᠢᠨ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠰᠢᠮᠳᠠᠭᠤᠯᠤᠨ ᠪᠠᠶᠢᠴᠠᠭᠠᠯᠲᠠ ᠶᠢᠨ 17 ᠵᠦᠢᠯ ᠤᠨ ᠴᠡᠭᠴᠡᠯᠡᠨ ᠥᠭᠡᠷᠡᠴᠢᠯᠡᠬᠦ ᠡᠭᠦᠷᠭᠡ ᠶᠢ ᠪᠦᠬᠦᠨ ᠢ ᠢᠯᠭᠠᠷᠠᠭᠤᠯᠤᠨ ᠲᠢᠭᠯᠡᠪᠡ᠃      ᠲᠦᠷᠪᠡ ᠳᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠪᠡ᠃ ① ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ  ᠦᠢᠯᠡᠴᠢᠯᠡᠭᠡᠨ ᠤ ︽ᠭᠤᠷᠪᠠᠨ ᠳᠡᠰ ᠤᠨ ᠦᠰᠦᠷᠦᠯᠲᠡ︾ ᠶᠢᠨ ᠦᠢᠯᠡᠴᠢᠯᠡᠭᠡ ᠪᠠᠷ ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠯᠡᠯ︾ ᠤᠨ ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ ᠨᠥᠬᠦᠪᠥᠷᠢᠯᠡᠬᠦ᠂ ᠬᠡᠯᠬᠢᠶᠡᠵᠢᠯ ᠢ ᠥᠷᠭᠡᠳᠬᠡᠬᠦ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠨᠥᠯᠥᠭᠡᠯᠡᠯ ᠢᠶᠠᠷ ᠨᠡᠯᠢᠶᠡᠳ ᠬᠥᠩᠭᠡᠨ 662 ᠭᠤᠤᠯᠳᠠᠯᠭ᠎ᠠ ᠲᠠᠢ ᠲᠥᠷᠥᠯ  ᠵᠦᠢᠯ ᠳᠤ ᠬᠠᠤᠯᠢ ᠲᠣᠭᠲᠠᠭᠠᠯ ᠶᠣᠰᠣᠭᠠᠷ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠬᠠᠮᠢᠶᠠᠷᠤᠯᠲᠠ ᠶᠢ ᠬᠡᠯᠲᠦᠷᠢᠭᠦᠯᠪᠡ᠃ ② ᠠᠵᠢᠯ ᠤᠨ ᠶᠠᠪᠤᠴᠠ ᠶᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠪᠠ᠃ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠮᠡᠳᠡᠭᠦᠯᠦᠯᠲᠡ ᠶᠢᠨ ᠪᠢᠴᠢᠭ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠦᠬᠦᠨ ᠢ ᠤᠤᠯ ᠤᠨ ᠬᠠᠭᠠᠰ ᠬᠦᠷᠲᠡᠯ᠎ᠡ ᠪᠠᠭᠠᠰᠬᠠᠵᠤ᠂ ᠴᠢᠬᠤᠯᠠ ᠶᠡᠭᠡ ᠲᠦᠷᠦᠯ ᠵᠦᠢᠯ ᠤᠨ ᠬᠢᠨᠠᠨ ᠵᠥᠪᠰᠢᠶᠡᠷᠡᠬᠦ ᠴᠠᠭ ᠢ ᠤᠯᠠᠮ ᠨᠢᠭᠡ ᠠᠯᠬᠤᠮ ᠴᠤᠮᠬᠠᠳᠬᠠᠪᠠ᠃ ᠭᠤᠤᠯᠳᠠᠯᠭ᠎ᠠ ᠲᠠᠢ ᠲᠥᠷᠥᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢ ᠮᠡᠳᠡᠭᠦᠯᠦᠨ ᠬᠦᠷᠭᠡᠵᠦ ᠭᠦᠢᠴᠡᠳᠭᠡᠭᠰᠡᠨ ᠨᠣᠷᠮ᠎ᠠ100% ᠳᠤ ᠬᠦᠷᠪᠡ᠃      4. ᠬᠥᠲᠥᠯᠥᠭᠴᠢ      ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠪᠣᠯ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠮᠠᠨ ᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠰᠢᠰᠲ᠋ᠧᠮ ᠳᠤ ᠡᠨᠡ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠢ︖ ᠦᠷ᠎ᠡ ᠳ᠋ᠦᠩ ᠨᠢ ᠶᠠᠮᠠᠷ ᠪᠤᠢ︖      5. ᠵᠣᠴᠢᠨ / ᠬᠥᠬᠡᠬᠤᠲᠠ ᠶᠢᠨ ᠠᠮᠢ ᠠᠬᠤᠶ ᠶᠢᠨ ᠣᠷᠴᠢᠨ ᠲᠤᠭᠤᠷᠢᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ      ᠪᠢᠳᠡ ︽ᠠᠭᠤᠴᠢᠯᠠᠨ ᠰᠢᠢᠳᠭᠡᠬᠦ ᠪᠠ ᠴᠢᠩᠭ᠎ᠠ ᠰᠢᠢᠳᠭᠡᠬᠦ ᠶᠢ ᠬᠤᠣᠰᠯᠠᠭᠤᠯᠬᠤ᠂ ᠴᠢᠩᠭ᠎ᠠ ᠬᠠᠮᠢᠶᠠᠷᠴᠤ ᠬᠠᠶᠢᠷᠠᠯᠠᠬᠤ︾ ᠬᠠᠪᠰᠤᠷᠤᠨ ᠲᠡᠳᠬᠦᠬᠦ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠶᠢ ᠨᠡᠩ ︽ᠲᠤᠯᠠᠭᠠᠴᠠ︾ ᠲᠠᠢ ᠪᠣᠯᠭᠠᠪᠠ᠃ ① ᠠᠶᠤᠯᠲᠠᠶ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠬᠠᠤᠯᠢ ᠬᠡᠷᠡᠭᠵᠢᠭᠦᠯᠦᠯᠲᠡ ᠶᠢᠨ 8 ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠤᠶᠠᠨ ᠬᠠᠲᠠᠨ ᠬᠠᠤᠯᠢ ᠬᠡᠷᠡᠭᠵᠢᠭᠦᠯᠦᠯᠲᠡ ᠶᠢᠨ ᠭᠤᠷᠪᠠᠨ ᠬᠠᠭᠤᠳᠠᠰᠤ ᠨᠠᠷᠢᠨ ᠲᠠᠩᠰᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ  ᠰᠢᠢᠳᠭᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠡᠯ᠎ᠡ ᠲᠥᠷᠥᠯ ᠤᠨ ᠠᠵᠤ ᠠᠬᠤᠶᠢᠯᠠᠯ ᠢ ᠨᠡᠶᠢᠲᠡ 2210 ᠭᠠᠷᠤᠶ ᠵᠢᠭᠰᠠᠭᠠᠨ ᠪᠠᠶᠢᠴᠠᠭᠠᠵᠤ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠬᠡᠷᠡᠭ ᠢ ᠨᠡᠶᠢᠲᠡ 73 ᠪᠠᠶᠢᠴᠠᠭᠠᠨ ᠰᠢᠢᠳᠪᠦᠷᠢᠯᠡᠵᠦ᠂ 382.305 ᠲᠦᠮᠡᠨ ᠲᠥᠭᠦᠷᠢᠭ ᠢᠶᠠᠷ ᠲᠣᠷᠭᠠᠵᠤ᠂ ᠠᠮᠢ ᠠᠬᠤᠶ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ 4 ᠨᠡᠶᠢᠲᠡᠯᠢᠭ ᠬᠡᠷᠡᠭ ᠢ ᠨᠡᠶᠢᠲᠡᠯᠡᠵᠦ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠦᠴᠦᠲᠡᠶ ᠰᠦᠷᠳᠡᠭᠦᠯᠦᠯ ᠪᠣᠯᠪᠠ᠃ ② ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠵᠦ᠂ ᠣᠷᠴᠢᠨ  ᠲᠤᠭᠤᠷᠢᠨ ᠤ ᠬᠥᠩᠭᠡᠨ ᠠᠰᠠᠭᠤᠳᠠᠯ ᠣᠷᠣᠰᠢᠵᠤ ᠪᠠᠶᠢᠭ᠎ᠠ 13 ᠬᠡᠷᠡᠭ ᠲᠤ ᠰᠢᠢᠳᠭᠡᠯ ᠥᠭᠬᠦ ᠥᠬᠡᠶ᠂ ᠡᠭᠦᠨ ᠳᠤ 210.13 ᠲᠦᠮᠡᠨ ᠲᠥᠭᠦᠷᠢᠭ ᠤᠨ ᠲᠣᠷᠭᠠᠭᠤᠯᠢ ᠶᠢᠨ ᠮᠥᠩᠭᠦ ᠬᠤᠯᠪᠣᠭᠳᠠᠨ᠎ᠠ᠃      6. ᠬᠥᠲᠥᠯᠥᠭᠴᠢ      ᠣᠳᠣᠬᠠᠨ ᠳᠤ᠂ ︽ᠬᠠᠶᠠᠭᠳᠠᠮᠠᠯ ᠥᠬᠡᠶ ᠬᠤᠲᠠ︾ ᠨᠢ ᠨᠢᠭᠡᠨᠲᠡ ᠨᠢᠭᠡ ᠵᠦᠢᠯ ᠤᠨ ᠲᠡᠷᠢᠭᠦᠨ ᠤ ᠬᠤᠲᠠ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠪᠣᠯᠵᠣ᠂ ᠤᠯᠠᠮ ᠠᠴᠠ ᠤᠯᠠᠮ ᠬᠥᠮᠦᠰ ᠤᠨ ᠠᠩᠬᠠᠷᠤᠯ ᠢ ᠲᠠᠲᠠᠵᠤ ᠪᠠᠶᠢᠨ᠎ᠠ᠂ ᠮᠠᠨ ᠤ ᠬᠤᠲᠠ ︽ᠬᠠᠶᠠᠭᠳᠠᠮᠠᠯ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠬᠡᠷᠬᠢᠨ ᠠᠬᠢᠭᠤᠯᠵᠤ ᠪᠠᠶᠢᠬᠤ ᠪᠣᠶ︖      7. ᠵᠣᠴᠢᠨ / ᠬᠥᠬᠡᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ      ᠪᠥᠬᠦ ᠬᠤᠲᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠮᠠᠨ ᠤ ᠬᠤᠲᠠ ᠠᠮᠢ ᠠᠬᠤᠶ ᠣᠷᠴᠢᠨ ᠲᠤᠭᠤᠷᠢᠨ ᠤ ᠶᠠᠮᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ︽ᠬᠠᠶᠠᠭᠳᠠᠮᠠᠯ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢᠨ ᠨᠡᠷᠡᠰ ᠲᠤ ᠠᠮᠵᠢᠯᠲᠠ ᠲᠠᠢ ᠪᠠᠷ ᠰᠣᠩᠭᠤᠭᠳᠠᠪᠠ᠃ ᠡᠭᠦᠨ ᠢᠶᠠᠷ ᠠᠵᠠ ᠲᠣᠬᠢᠶᠠᠯ ᠪᠣᠯᠭᠠᠵᠤ᠂ ᠪᠢᠳᠡ ︽ᠬᠠᠶᠠᠭᠳᠠᠮᠠᠯ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠬᠤ ᠶᠡᠷᠦᠩᠬᠡᠶ ᠭᠠᠷᠳᠠᠴᠠ ᠪᠣᠯᠭᠠᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠨᠢᠭᠡ ᠴᠤᠭᠴᠠᠵᠢᠭᠤᠯᠤᠨ ᠠᠬᠢᠭᠤᠯᠪᠠ᠃ ᠭᠤᠤᠯᠳᠠᠯᠭ᠎ᠠ ᠨᠢ ᠭᠤᠷᠪᠠᠨ ᠲᠠᠯ᠎ᠠ ᠪᠠᠷ ᠬᠦᠴᠦᠯᠡᠪᠡ᠄ ① ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠨᠢᠭᠡᠨᠲᠡ ᠪᠣᠯᠪᠠᠰᠤᠷᠠᠩᠭᠤᠶ ᠠᠵᠢᠯᠯᠠᠭᠰᠠᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠤᠳᠤᠷᠢᠳᠬᠤ ᠳᠤᠭᠤᠶᠢᠯᠠᠩ ᠳᠤ ᠲᠦᠰᠢᠭᠯᠡᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠬᠤᠲᠠ ᠶᠢᠨ ᠲᠠᠰ ᠤᠨ 10 ᠰᠠᠯᠠᠭ᠎ᠠ ᠮᠥᠴᠢᠷ ᠢᠶᠠᠷ ᠭᠤᠤᠯᠳᠠᠯᠭ᠎ᠠ ᠪᠣᠯᠭᠠᠵᠤ᠂ ᠠᠵᠢᠯ ᠤᠨ ᠲᠤᠰᠬᠠᠶ ᠠᠩᠭᠢ ᠶᠢ ᠪᠠᠶᠢᠭᠤᠯᠤᠨ ᠬᠦᠴᠦᠷᠬᠡᠭᠵᠢᠭᠦᠯᠪᠡ᠃ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ ︿ᠬᠠᠶᠠᠭᠳᠠᠮᠠᠯ ᠥᠬᠡᠶ ᠬᠤᠲᠠ﹀ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ ︽ᠬᠠᠶᠠᠭᠳᠠᠮᠠᠯ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢᠨ 49 ᠵᠦᠢᠯ ᠤᠨ ᠭᠦᠢᠴᠡᠳᠭᠡᠯ ᠲᠤᠭ᠎ᠠ ᠶᠢ ᠨᠠᠷᠢᠯᠢᠬᠵᠢᠭᠤᠯᠤᠨ ᠵᠠᠳᠠᠯᠵᠤ᠂ ᠠᠵᠢᠯ ᠤᠨ ᠲᠦᠷᠢᠮ ᠪᠠ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠶᠢ ᠢᠵᠢ ᠪᠥᠷᠢᠳᠦᠭᠦᠯᠦᠨ ᠲᠤᠭᠲᠠᠭᠠᠪᠠ᠃ ︽ᠬᠠᠶᠠᠭᠳᠠᠮᠠᠯ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ︽ᠭᠠᠷᠠᠭ ᠢᠶᠠᠷ ᠳᠣᠭᠢᠷᠠᠭᠤᠯᠬᠤ᠂ ᠰᠠᠷ᠎ᠠ ᠪᠠᠷ ᠬᠤᠷᠢᠶᠠᠩᠭᠤᠶᠢᠯᠠᠬᠤ᠂ ᠤᠯᠠᠷᠢᠯ ᠢᠶᠠᠷ ᠮᠡᠳᠡᠭᠡᠯᠡᠬᠦ︾ ᠠᠵᠢᠯ ᠤᠨ ᠲᠣᠭᠲᠠᠴᠠ ᠶᠢ ᠬᠡᠷᠡᠭᠵᠢᠭᠦᠯᠦᠨ᠂ ᠨᠠᠶᠢᠳᠠᠪᠤᠷᠢᠵᠢᠭᠤᠯᠤᠨ ᠬᠡᠷᠡᠭᠵᠢᠭᠦᠯᠬᠦ ᠬᠦᠴᠦᠨ ᠢ ᠴᠢᠩᠭᠠᠷᠠᠭᠤᠯᠪᠠ᠃ ② ᠲᠥᠷᠥᠯ ᠵᠦᠢᠯ ᠢᠶᠠᠷ ᠳᠠᠶᠢᠴᠢᠯᠠᠬᠤ ᠶᠢ ᠳᠤᠪᠤᠶᠢᠯᠭᠠᠪᠠ᠃ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠡᠮᠴᠢᠯᠡᠭᠡᠨ ᠤ ᠬᠤᠭ ᠨᠣᠪᠰᠢ ᠶᠢ ᠰᠢᠢᠳᠪᠦᠷᠢᠯᠡᠬᠦ᠂ ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠨ ᠠᠪᠴᠤ ᠶᠡᠷᠦᠩᠬᠡᠶᠢᠯᠡᠨ ᠠᠰᠢᠭᠯᠠᠬᠤ ᠵᠡᠷᠭᠡ ᠳᠤᠲᠠᠭᠤᠳᠠᠯ ᠤᠨ ᠲᠣᠭᠤᠷᠢᠨ ᠳᠤ᠂ ᠭᠤᠤᠯᠳᠠᠯᠭ᠎ᠠ ᠲᠠᠢ ᠲᠥᠷᠥᠯ ᠵᠦᠢᠯ ᠢ 42 ᠪᠠᠶᠢᠷᠢᠯᠠᠭᠤᠯᠤᠨ ᠬᠡᠷᠡᠭᠵᠢᠭᠦᠯᠵᠦ᠂ 32 ᠲᠥᠷᠥᠯ  ᠵᠦᠢᠯ ᠢ ᠪᠡᠶᠡᠯᠡᠭᠦᠯᠬᠦ ᠶᠢ ᠳᠥᠯᠭᠢᠨ ᠠᠬᠢᠭᠤᠯᠵᠤ᠂ ᠨᠡᠶᠢᠲᠡ 31.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠵᠦ ᠠᠰᠢᠭᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ③ ᠪᠦᠬᠦ ᠠᠷᠠᠳ ᠢ ᠳᠠᠶᠢᠴᠢᠯᠠᠨ  ᠤᠷᠤᠯᠴᠠᠭᠤᠯᠪᠠ᠃ ︽ᠬᠠᠶᠠᠭᠳᠠᠮᠠᠯ ᠦᠭᠡᠢ ᠡᠰ︾ ᠤᠨ ᠪᠠᠶᠢᠭᠤᠯᠤᠯᠲᠠ ᠶᠢ ᠡᠬᠢᠯᠡᠭᠦᠯᠵᠦ᠂ ᠬᠤᠶᠠᠷ ᠪᠦᠯᠦᠭ 58 ︽ᠬᠠᠶᠠᠭᠳᠠᠮᠠᠯ ᠦᠭᠡᠢ ᠡᠰ︾ ᠢ ᠡᠭᠦᠳᠦᠨ ᠪᠠᠶᠢᠭᠤᠯᠬᠤ ᠨᠡᠷᠡᠰ ᠢ ᠨᠡᠶᠢᠲᠡᠯᠡᠪᠡ᠃ ︽ᠬᠠᠶᠠᠭᠳᠠᠮᠠᠯ ᠥᠭᠡᠢ ᠬᠤᠳᠠ︾ ᠶᠢᠨ ᠪᠥᠳᠥᠭᠡᠨ ᠪᠠᠶᠢᠭᠤᠯᠤᠯᠲᠠ ᠶᠢᠨ logo ᠵᠢᠴᠢ ᠤᠬᠠᠭᠤᠯᠭ᠎ᠠ ᠶᠢᠨ ᠤᠷᠢᠶ᠎ᠠ ᠯᠣᠽᠦ᠋ᠩ ᠴᠤᠭᠯᠠᠭᠤᠯᠬᠤ ᠠᠵᠢᠯᠯᠠᠭ᠎ᠠ ᠶᠢ ᠥᠷᠨᠢᠭᠦᠯᠵᠦ᠂ ︽ᠬᠠᠶᠠᠭᠳᠠᠮᠠᠯ ᠥᠭᠡᠢ ᠬᠤᠳᠠ︾ ᠶᠢᠨ ᠪᠥᠳᠥᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠣᠯᠠᠨ ᠨᠡᠶᠢᠲᠡ ᠶᠢᠨ ᠮᠡᠳᠡᠬᠦ ᠨᠤᠷᠮ᠎ᠠ ᠪᠠ ᠣᠷᠣᠯᠴᠠᠬᠤ ᠨᠤᠷᠮ᠎ᠠ ᠶᠢ ᠳᠡᠭᠡᠭᠰᠢᠯᠡᠭᠦᠯᠪᠡ᠃ 2023 ᠣᠨ ᠳᠤ᠂ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 57% ᠳᠤ ᠬᠦᠷᠦᠭᠦᠯᠪᠡ᠃      8. ᠬᠥᠲᠥᠯᠥᠭᠴᠢ      ᠣᠳᠣᠬᠠᠨ ᠳᠤ ᠮᠠᠨ ᠤ ᠬᠤᠲᠠ ᠶᠢᠨ ᠠᠮᠢ ᠠᠬᠤᠶ ᠶᠢᠨ ᠣᠷᠴᠢᠨ ᠲᠤᠭᠤᠷᠢᠨ ᠤ ᠲᠠᠯ᠎ᠠ ᠪᠠᠷ ᠪᠠᠰᠠ ᠶᠠᠮᠠᠷ ᠶᠠᠮᠠᠷ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠬᠤ ᠪᠣᠶ︖ ᠪᠢᠳᠡ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠪᠣᠶ︖      9.ᠵᠣᠴᠢᠨ / ᠬᠥᠬᠡᠬᠤᠲᠠ ᠶᠢᠨ ᠠᠮᠢ ᠠᠬᠤᠶ ᠶᠢᠨ ᠣᠷᠴᠢᠨ ᠲᠤᠭᠤᠷᠢᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ
     ᠠᠮᠵᠢᠯᠲᠠ ᠪᠠᠨ ᠳ᠋ᠦᠩᠨᠡᠬᠦ ᠶᠢᠨ ᠵᠡᠷᠭᠡ ᠳᠤ᠂ ᠪᠢᠳᠡ ᠪᠠᠰᠠ ᠠᠵᠢᠯ ᠤᠨ ᠲᠠᠯ᠎ᠠ ᠪᠠᠷ ᠮᠥᠨ ᠬᠦ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠬᠤ ᠶᠢ ᠲᠠᠨᠢᠵᠤ ᠣᠯᠤᠭᠰᠠᠨ ᠪᠠᠶᠢᠨ᠎ᠠ᠄ ᠨᠢᠭᠡ ᠳᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢᠨ ᠬᠦᠴᠢᠷᠳᠡᠯ ᠶᠡᠬᠡᠰᠴᠦ᠂ ᠣᠽᠣᠨ ᠤ ᠪᠠᠷᠢᠮᠵᠢᠶ᠎ᠠ ᠠᠴᠠ ᠬᠡᠲᠦᠷᠡᠭᠰᠡᠨ ᠠᠴᠠ ᠪᠣᠯᠤᠭᠰᠠᠨ ᠪᠣᠬᠢᠷᠲᠤᠯᠳᠤ ᠴᠠᠭ ᠠᠭᠤᠷ ᠤᠨ ᠪᠥᠬᠦ ᠵᠢᠯ ᠤᠨ ᠪᠣᠬᠢᠷᠲᠤᠯᠳᠤ ᠡᠳᠦᠷ ᠤᠨ ᠲᠤᠭ᠎ᠠ ᠳᠠᠬᠢ ᠡᠵᠡᠯᠡᠬᠦ ᠬᠠᠷᠢᠴᠠᠯ ᠵᠢᠯ ᠳᠠᠷᠠᠭᠠᠯᠠᠨ ᠨᠡᠮᠡᠭᠳᠡᠵᠦ᠂ ᠣᠽᠣᠨ ᠨᠢ ᠮᠠᠨ ᠤ ᠬᠤᠲᠠ ᠶᠢᠨ ᠵᠣᠨ ᠤ ᠤᠯᠠᠷᠢᠯ ᠤᠨ ᠥᠨᠳᠥᠷ ᠬᠠᠯᠠᠭᠤᠨ ᠴᠠᠭ ᠠᠭᠤᠷ ᠤᠨ ᠠᠭᠠᠷ ᠤᠨ ᠶᠠᠰᠤ ᠴᠢᠨᠠᠷ ᠢ ᠬᠢᠵᠠᠭᠠᠷᠯᠠᠬᠤ ᠭᠤᠤᠯ ᠬᠦᠴᠦᠨ ᠵᠦᠢᠯ ᠪᠣᠯᠵᠣ ᠪᠠᠶᠢᠨ᠎ᠠ᠃ ᠬᠤᠶᠠᠷ ᠲᠤ ᠦᠶᠡᠷ ᠤᠨ ᠬᠤᠭᠤᠴᠠᠭᠠᠨ ᠤ ᠣᠭᠲᠣᠯᠤᠭᠠᠰᠤ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠬᠦ ᠰᠠᠭᠤᠷᠢ ᠮᠥᠨ ᠯᠡ ᠪᠠᠲᠤ ᠪᠠᠬᠢ ᠪᠢᠰᠢ ᠪᠠᠶᠢᠵᠤ᠂ ᠭᠠᠩ ᠬᠠᠭᠤᠷᠠᠶ ᠤᠯᠠᠷᠢᠯ ᠳᠤ ︽ᠭᠬᠢᠷ ᠪᠤᠷᠲᠠᠭ ᠢ ᠬᠠᠳᠠᠭᠠᠯᠠᠬᠤ︾᠂ ᠦᠶᠡᠷ ᠤᠨ ᠬᠤᠭᠤᠴᠠᠭᠠᠨ ᠳᠤ ︽ᠰᠤᠯᠠ ᠬᠠᠳᠠᠭᠠᠯᠠᠵᠤ ᠪᠦᠬᠦᠯᠢ ᠪᠠᠷ ᠠᠪᠬᠤ ︾᠂ ᠪᠣᠷᠣᠭᠠᠨ ᠤ ᠪᠣᠬᠢᠷᠲᠤᠯ ᠤᠨ ᠬᠤᠭᠤᠯᠠᠶ ᠶᠢᠨ ᠲᠣᠣᠷ ᠢ ᠬᠤᠯᠢᠯᠳᠤᠭᠤᠯᠤᠨ ᠵᠠᠯᠭᠠᠬᠤ ᠪᠠ ᠪᠤᠷᠤᠭᠤ ᠵᠠᠯᠭᠠᠬᠤ ᠵᠡᠷᠭᠡ ᠠᠰᠠᠭᠤᠳᠠᠯ ᠢ ᠮᠥᠨ ᠯᠡ ᠲᠦᠢᠯᠪᠤᠷᠢᠲᠠᠶ ᠰᠢᠢᠳᠪᠦᠷᠢᠯᠡᠭᠡᠳᠦᠢ ᠪᠠᠶᠢᠵᠤ᠂ ᠬᠡᠰᠡᠭ ᠣᠭᠲᠣᠯᠤᠭᠠᠰᠤ ᠶᠢᠨ ᠣᠨᠴᠠ ᠵᠠᠷᠢᠮ ᠰᠠᠷ᠎ᠠ ᠳᠤ ᠪᠠᠰᠠ ᠲᠣᠭᠲᠠᠪᠤᠷᠢᠲᠠᠶ ᠪᠠᠷᠢᠮᠵᠢᠶ᠎ᠠ ᠳᠤ ᠬᠦᠷᠭᠡᠵᠦ ᠳᠡᠶᠢᠯᠬᠦ ᠦᠭᠡᠢ ᠪᠠᠶᠢᠨ᠎ᠠ᠃ ᠭᠤᠷᠪᠠ ᠳᠤ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠠᠲᠠᠭᠤ ᠪᠡᠷᠬᠡ ᠪᠠᠶᠢᠨ᠎ᠠ᠃ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠪᠠᠶᠢᠴᠠᠭᠠᠬᠤ᠂ ᠦᠨᠡᠯᠡᠨ ᠵᠢᠱᠢᠬᠦ ᠪᠠ ᠬᠢᠨᠠᠨ ᠬᠡᠮᠵᠢᠬᠦ ᠰᠢᠰᠲ᠋ᠧᠮ ᠲᠡᠭᠦᠯᠳᠡᠷᠵᠢᠭᠡᠳᠦᠶ᠂ ᠡᠰᠢ ᠰᠦᠷᠡᠯ ᠵᠡᠷᠭᠡ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠮᠠᠯ ᠵᠢᠭᠦᠷᠲᠡᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠮᠥᠨ ᠯᠡ ᠬᠦᠴᠦᠯᠡᠬᠦ ᠴᠢᠬᠤᠯᠠᠲᠠᠶ ᠪᠠᠶᠢᠨ᠎ᠠ᠃      ᠲᠠᠷᠠᠭᠠᠴᠢ ᠶᠢᠨ ᠠᠯᠬᠤᠮ ᠳᠤ ᠭᠤᠣᠯᠳᠠᠭᠤ ᠳᠣᠣᠷᠠᠬᠢ ᠭᠤᠷᠪᠠᠨ ᠲᠠᠯ᠎ᠠ ᠠᠴᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃      ᠨᠢᠭᠡ ᠳᠤ᠂ ᠬᠤᠯᠠ ᠤᠢᠢᠷ᠎ᠠ ᠶᠢ ᠤᠶᠠᠯᠳᠤᠭᠤᠯᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠵᠠᠮ ᠢ ᠰᠦᠪᠡᠭᠴᠢᠯᠡᠨ᠎ᠡ᠃ ︽ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠪᠠᠭᠠᠰᠬᠠᠬᠤ ᠪᠠ ᠠᠷᠠᠳ ᠣᠯᠠᠨ ᠤ ᠳᠡᠷᠭᠡᠳᠡᠬᠢ ᠠᠭᠠᠷ ᠮᠠᠨᠳᠠᠯ ᠤᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠵᠢᠵᠢᠭ ᠮᠥᠬᠦᠯᠢᠭᠲᠦ ᠪᠣᠳᠠᠰ ︵PM2.5︶ ᠤᠨ ᠥᠳᠬᠡᠴᠡ ᠶᠢ ᠪᠠᠭᠤᠷᠠᠭᠤᠯᠬᠤ ᠪᠠᠷ ᠭᠤᠣᠯ ᠱᠤᠭᠤᠮ ᠪᠣᠯᠭᠠᠨ᠂ ᠠᠽᠣᠲ ᠤᠨ ᠢᠰᠦᠮᠡᠭ ᠪᠣᠯᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCs︶ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠶᠡᠭᠡ ᠪᠠᠷ ᠲᠦᠯᠬᠢᠨ ᠠᠬᠢᠭᠤᠯᠵᠤ᠂ ᠠᠵᠤ ᠦᠢᠯᠡᠰ᠂ ᠡᠨᠧᠷᠭᠢ᠂ ᠵᠠᠮ ᠬᠠᠷᠢᠯᠴᠠᠭᠠᠨ ᠤ ᠪᠣᠬᠢᠷᠲᠤᠯ ᠦᠭᠡᠢ ᠪᠠᠭ᠎ᠠ ᠨᠡᠭᠦᠷᠡᠰᠦᠳᠦ᠋ᠷᠦᠭᠴᠢᠲᠦ ᠬᠡᠯᠪᠡᠷᠢ ᠶᠢᠨ ᠬᠤᠪᠢᠷᠠᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠠᠨ ᠡᠬᠢᠳᠤ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠳᠦ᠋ᠷᠦᠭᠴᠢᠲᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠪᠴᠢᠯᠡᠨ ᠪᠤᠢ ᠪᠣᠯᠭᠠᠨ᠎ᠠ᠃      ᠬᠤᠶᠠᠷ ᠲᠤ ᠭᠤᠣᠯᠳᠠᠯᠭ᠎ᠠ ᠲᠠᠢ ᠣᠭᠲᠣᠯᠤᠭᠠᠰᠤ ᠶᠢᠨ ᠤᠰᠤᠨ ᠤ ᠴᠢᠨᠠᠷ ᠢ ᠲᠣᠭᠲᠠᠪᠤᠷᠢᠵᠢᠭᠤᠯᠤᠨ ᠪᠠᠷᠢᠮᠵᠢᠶ᠎ᠠ ᠳᠤ ᠬᠦᠷᠭᠡᠬᠦ ᠪᠠᠲᠤᠯᠠᠭ᠎ᠠ ᠶᠢ ᠦᠨᠡᠨ ᠬᠦ ᠴᠢᠩᠭᠠᠳᠬᠠᠨ᠎ᠠ᠃ ︽ᠬᠥᠬᠡᠬᠤᠲᠠ ᠶᠢᠨ ᠭᠤᠤᠯᠳᠠᠯᠭ᠎ᠠ ᠲᠠᠢ ᠣᠭᠲᠣᠯᠤᠭᠠᠰᠤ ᠶᠢᠨ ᠤᠰᠤᠨ ᠤ ᠴᠢᠨᠠᠷ ᠢ ᠲᠣᠭᠲᠠᠪᠤᠷᠢᠵᠢᠭᠤᠯᠤᠨ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠬᠤ ᠲᠥᠰᠦᠯ ︵2023 — 2025︶︾ ᠢ ᠴᠢᠩᠭ᠎ᠠ ᠨᠠᠶᠢᠳᠠᠪᠤᠷᠢᠵᠢᠭᠤᠯᠵᠤ᠂ ᠣᠭᠲᠣᠯᠤᠭᠠᠰᠤ ᠶᠢᠨ ᠤᠰᠤᠨ ᠤ ᠴᠢᠨᠠᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠶᠡᠷ ᠤᠨ ᠬᠤᠭᠤᠴᠠᠭᠠᠨ ᠤ ᠪᠣᠬᠢᠷᠲᠤᠯ ᠤᠨ ᠬᠦᠴᠦᠯᠡᠴᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠬᠠᠲᠤᠨ ᠭᠤᠤᠯ ᠤᠨ ᠰᠠᠪᠠ ᠭᠠᠵᠠᠷ ᠤᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ︽ᠨᠢᠭᠡ ᠠᠮᠠᠰᠠᠷ ᠨᠢᠭᠡ ᠠᠷᠭ᠎ᠠ︾ ᠪᠠᠷ ᠲᠥᠷᠥᠯ ᠬᠤᠪᠢᠶᠠᠨ ᠴᠡᠭᠴᠡᠯᠡᠨ ᠵᠠᠰᠠᠬᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤᠨ ᠤ ᠪᠣᠬᠢᠷᠲᠤᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠣᠭᠲᠣᠯᠤᠭᠠᠰᠤ ᠶᠢᠨ ᠤᠰᠤᠨ ᠤ ᠴᠢᠨᠠᠷ ᠢ ᠲᠣᠭᠲᠠᠪᠤᠷᠢᠵᠢᠭᠤᠯᠤᠨ ᠪᠠᠷᠢᠮᠵᠢᠶ᠎ᠠ ᠳᠤ ᠬᠦᠷᠦᠭᠦᠯᠬᠦ ᠶᠢ ᠠᠬᠢᠭᠤᠯᠤᠨ᠎ᠠ᠃      ᠭᠤᠷᠪᠠ ᠳᠤ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠤᠨ᠎ᠠ᠃ ᠬᠤᠷᠢᠨᠭᠡᠷ ᠰᠢᠶᠠᠨ ᠤ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠬᠢᠨᠠᠨ ᠬᠡᠮᠵᠢᠬᠦ ᠲᠣᠣᠷ ᠰᠦᠯᠵᠢᠶ᠎ᠡ ᠪᠠ ᠪᠣᠬᠢᠷᠲᠤᠯ ᠢ ᠬᠢᠨᠠᠨ ᠬᠡᠮᠵᠢᠵᠦ ᠦᠨᠡᠯᠡᠨ ᠵᠢᠱᠢᠬᠦ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠬᠥᠨᠥᠭᠡᠯ ᠢ ᠬᠢᠵᠠᠭᠠᠷᠯᠠᠬᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠵᠢᠴᠢ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      10. ᠬᠥᠲᠥᠯᠥᠭᠴᠢ      ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠄ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠴᠢᠬᠤᠯᠠᠲᠠᠢ ︿ᠤᠯᠤᠰ ᠤᠨ ᠶᠡᠭᠡ ᠶᠠᠪᠤᠳᠠᠯ﹀ ᠮᠥᠨ︾᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠲᠠᠯ᠎ᠠ ᠪᠠᠷ ᠪᠢᠳᠡᠨ ᠳᠤ ᠶᠠᠮᠠᠷ ᠶᠠᠮᠠᠷ ᠰᠢᠨ᠎ᠡ ᠰᠡᠳᠬᠢᠴᠡ ᠪᠠ ᠠᠷᠭ᠎ᠠ ᠬᠡᠮᠵᠢᠶ᠎ᠡ ᠪᠠᠶᠢᠬᠤ ᠪᠣᠶ︖      11. ᠵᠣᠴᠢᠨ / ᠬᠥᠬᠡᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ      ᠲᠦᠷᠦᠭᠦᠬᠡᠨ ᠬᠤᠷᠠᠯᠳᠤᠭᠰᠠᠨ ᠪᠦᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠬᠤ ᠠᠵᠢᠯ ᠤᠨ ᠬᠤᠷᠠᠯ ᠠᠴᠠ ᠵᠢᠭᠠᠨ ᠭᠠᠷᠭᠠᠭᠰᠠᠨ  ᠨᠢ᠂ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ︽ᠶᠡᠭᠡ ᠠᠮᠢ ᠠᠬᠤᠢ︾ ᠲᠠᠶᠢᠰᠢ ᠬᠡᠯᠪᠡᠷᠢ ᠪᠠᠨ ᠬᠤᠪᠢᠷᠠᠭᠤᠯᠤᠨ ᠵᠡᠷᠭᠡ ᠲᠡᠰ ᠳᠡᠪᠰᠢᠭᠦᠯᠬᠦ ᠶᠢ ᠲᠦᠷᠭᠡᠨ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ᠃ ᠵᠠᠯᠭᠠᠭᠠᠳ ᠪᠢᠳᠡ ︽ᠵᠢᠷᠭᠤᠭ᠎ᠠ ᠶᠢ ᠨᠢᠭᠡᠳᠦᠯᠲᠡᠢ ᠲᠥᠯᠥᠪᠵᠢᠭᠦᠯᠬᠦ︾ ᠪᠠᠷ ᠭᠠᠷᠳᠠᠴᠠ ᠪᠣᠯᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃      ᠨᠢᠭᠡ ᠳᠤ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠨᠢᠭᠡᠳᠦᠯᠲᠡᠶ ᠲᠥᠯᠥᠪᠯᠡᠬᠦ ᠶᠢ   ᠴᠢᠩᠭᠠᠳᠬᠠᠬᠤ ᠬᠡᠷᠡᠭᠲᠡᠢ᠃ ᠲᠤᠰᠬᠠᠶ ᠵᠦᠢᠯ ᠤᠨ ᠳᠤᠭᠤᠶᠢᠯᠠᠩ ᠤᠨ ᠠᠵᠢᠯ ᠢ ᠠᠬᠢᠭᠤᠯᠬᠤ ᠲᠣᠭᠲᠠᠴᠠ ᠪᠠ ᠠᠯᠪᠠᠨ ᠭᠡᠷ ᠤᠨ ᠬᠡᠷᠡᠭ ᠵᠥᠪᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠵᠣᠯᠭᠠᠭᠤᠯᠤᠨ ᠨᠠᠶᠢᠳᠠᠪᠤᠷᠢᠵᠢᠭᠤᠯᠵᠤ᠂ ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠨ᠂ ᠰᠠᠷ᠎ᠠ ᠪᠠᠷ ᠳᠣᠭᠢᠷᠠᠭᠤᠯᠬᠤ᠂ ᠤᠯᠠᠷᠢᠯ ᠢᠶᠠᠷ ᠮᠡᠳᠡᠭᠡᠯᠡᠬᠦ᠂ ᠣᠨ ᠢᠶᠠᠷ ᠳ᠋ᠦᠩᠨᠡᠬᠦ ᠶᠢ ᠬᠡᠷᠡᠭᠵᠢᠭᠦᠯᠵᠦ᠂ ᠬᠤᠰᠢᠭᠤ ᠰᠢᠶᠠᠨ ᠲᠣᠭᠤᠷᠢᠭ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠨ ᠳᠢᠭᠯᠡᠵᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠭᠡᠬᠦ ᠶᠢ ᠴᠢᠩᠭᠠᠳᠬᠠᠨ᠂ ᠴᠠᠭ ᠲᠤᠬᠠᠶ ᠳᠤᠨᠢ ᠬᠤᠷᠠᠯ ᠬᠤᠷᠠᠯᠳᠤᠭᠤᠯᠵᠤ ᠲᠣᠪᠤᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠠᠵᠢᠯ ᠢ ᠣᠷᠭᠠᠨᠢᠭ ᠢᠶᠠᠷ ᠵᠣᠯᠭᠠᠭᠤᠯᠬᠤ᠂ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠣᠷᠣᠨ ᠤ ᠲᠥᠪ ᠬᠤᠲᠠ ᠶᠢ ᠪᠦᠳᠦᠭᠡᠨ ᠪᠠᠶᠢᠭᠤᠯᠬᠤ ᠠᠵᠢᠯᠯᠠᠭ᠎ᠠ ᠶᠢᠨ ᠲᠥᠰᠦᠯ ᠢ ᠨᠠᠶᠢᠷᠠᠭᠤᠯᠤᠨ ᠵᠣᠬᠢᠶᠠᠵᠤ᠂ ᠱᠠᠳᠤ ᠦᠶ᠎ᠡ ᠶᠢᠨ ᠬᠠᠷᠠᠯᠲᠠ ᠶᠢ ᠳᠤᠷᠠᠳᠴᠤ᠂ ᠭᠤᠣᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠤᠲᠤᠷᠬᠠᠶᠢᠯᠠᠬᠤ ᠬᠡᠷᠡᠭᠲᠡᠢ᠃      ᠬᠤᠶᠠᠷ ᠲᠤ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠬᠦ ᠶᠢ  ᠴᠢᠩᠭᠠᠳᠬᠠᠬᠤ ᠬᠡᠷᠡᠭᠲᠡᠢ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ᠂ ᠬᠠᠤᠯᠢ ᠴᠠᠭᠠᠵᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ︽ᠬᠥᠬᠡᠬᠤᠲᠠ ᠶᠢᠨ ᠬᠠᠶᠠᠭᠳᠠᠮᠠᠯ ᠢᠳᠡᠭᠡᠨ ᠤ ᠲᠣᠰᠣᠨ ᠤ ᠬᠠᠮᠢᠶᠠᠷᠤᠯᠲᠠ ᠶᠢᠨ ᠲᠦᠷᠢᠮ︾ ᠢ ᠬᠦᠴᠦᠨ ᠥᠬᠡᠶ ᠪᠣᠯᠭᠠᠵᠤ᠂ ︽ᠬᠥᠬᠡᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠳᠤ ᠵᠠᠰᠠᠪᠤᠷᠢ ᠣᠷᠣᠭᠤᠯᠵᠤ᠂ ᠨᠤᠨᠲᠠᠭ ᠨᠡᠭᠦᠷᠡᠰᠦᠨ ᠤ ᠦᠨᠡᠰᠦ ᠶᠢ ᠠᠰᠢᠭᠯᠠᠨ ᠬᠥᠷᠥᠰᠥ ᠰᠢᠷᠣᠶ ᠢᠳᠡᠭᠳᠡᠭᠰᠡᠨ ᠭᠤᠤ ᠭᠠᠩᠭ᠎ᠠ ᠶᠢᠨ ᠠᠮᠢ ᠠᠬᠤᠶ ᠶᠢ ᠰᠡᠷᠭᠦᠭᠡᠬᠦ ᠮᠡᠷᠭᠡᠵᠢᠯ ᠤᠨ ᠵᠢᠷᠤᠮᠵᠢᠯ ᠢ ᠲᠣᠭᠲᠠᠭᠠᠨ ᠬᠡᠷᠡᠭᠵᠢᠭᠦᠯᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠬᠠᠥᠯᠢᠵᠢᠯ ᠤᠨ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠢ᠃      ᠭᠤᠷᠪᠠ ᠳᠤ ᠬᠢᠨᠠᠨ ᠬᠡᠮᠵᠢᠵᠦ ᠦᠨᠡᠯᠡᠨ ᠵᠢᠱᠢᠬᠦ ᠶᠢ ᠨᠢᠭᠡᠳᠦᠯᠲᠡᠶ ᠲᠥᠯᠥᠪᠯᠡᠬᠦ ᠶᠢ  ᠴᠢᠩᠭᠠᠳᠬᠠᠬᠤ ᠬᠡᠷᠡᠭᠲᠡᠢ᠃ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠬᠢᠨᠠᠨ ᠬᠡᠮᠵᠢᠬᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠮᠢ ᠠᠬᠤᠶ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠶᠢ ᠴᠢᠩᠭᠠᠳᠬᠠᠵᠤ᠂ ᠲᠣᠮᠣ ᠳ᠋ᠠᠶᠢᠲ᠋ᠠ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠵᠣᠯᠭᠠᠭᠤᠯᠬᠤ ᠶᠢ ᠴᠢᠩᠭᠠᠳᠬᠠᠨ᠂ ᠳ᠋ᠠᠶᠢᠲ᠋ᠠ ᠶᠢᠨ ᠡᠬᠢ ᠪᠠᠶᠠᠯᠢᠭ ᠢ ᠲᠥᠪᠯᠡᠷᠡᠭᠦᠯᠦᠨ ᠬᠠᠮᠲᠤᠪᠠᠷ ᠭᠥᠷᠳᠡᠬᠦ ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠲᠦᠷᠭᠡᠳᠬᠡᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠬᠢᠨᠠᠨ ᠬᠡᠮᠵᠢᠬᠦ ᠲᠥᠰᠦᠯ ᠢ ᠲᠣᠭᠲᠠᠭᠠᠵᠤ᠂ ᠣᠷᠴᠢᠨ ᠲᠣᠭᠤᠷᠢᠨ ᠤ ᠶᠠᠰᠤ ᠴᠢᠨᠠᠷ᠂ ᠪᠣᠬᠢᠷᠲᠤᠯ ᠤᠨ ᠡᠬᠢ᠂ ᠪᠠᠶᠢᠭᠠᠯᠢ ᠶᠢᠨ ᠠᠮᠢ ᠠᠬᠤᠶ ᠶᠢᠨ ᠪᠠᠶᠢᠳᠠᠯ ᠵᠡᠷᠭᠡ ᠬᠦᠴᠦᠨ ᠵᠦᠢᠯ ᠢ ᠬᠠᠮᠤᠷᠤᠭᠰᠠᠨ ︽ᠣᠭᠲᠠᠷᠭᠤᠶ ᠭᠠᠵᠠᠷ︾ ᠢ ᠨᠢᠭᠡ ᠴᠤᠭᠴᠠᠵᠢᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠨ ᠬᠡᠮᠵᠢᠬᠦ ᠲᠣᠤᠷ ᠰᠦᠯᠵᠢᠶ᠎ᠡ ᠶᠢ ᠨᠠᠷᠢᠯᠢᠬᠵᠢᠭᠤᠯᠬᠤ ᠬᠡᠷᠡᠭᠲᠡᠶ᠃      ᠲᠦᠷᠪᠡ ᠳᠤ ᠬᠢᠨᠠᠯᠲᠠ ᠲᠠᠯᠪᠢᠬᠤ ᠰᠢᠰᠲ᠋ᠧᠮ ᠢ ᠨᠢᠭᠡᠳᠦᠯᠲᠡᠶ ᠲᠥᠯᠥᠪᠯᠡᠬᠦ ᠶᠢ  ᠴᠢᠩᠭᠠᠳᠬᠠᠬᠤ ᠬᠡᠷᠡᠭᠲᠡᠢ᠃ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠵᠣᠯᠭᠠᠭᠤᠯᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠯᠲᠠ ᠲᠠᠯᠪᠢᠬᠤ ᠶᠢ ᠨᠡᠪᠲᠡᠷᠡᠭᠦᠯᠬᠦ ᠲᠠᠪᠴᠠᠩ ᠪᠠ ᠬᠤᠳᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤ ᠣᠷᠣᠭᠤᠯᠤᠨ᠎ᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠮᠡᠳᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠲᠣᠭᠲᠠᠭᠠᠬᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠴᠢᠩᠭᠠᠳᠬᠠᠨ᠎ᠠ᠃ ᠬᠤᠳᠠ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠤᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠪᠠᠷᠢᠯᠲᠠ ᠶᠢᠨ ᠨᠢᠭᠲᠠ ᠠᠪᠴᠠᠯᠳᠤᠨ ᠬᠠᠮᠵᠢᠯᠴᠠᠬᠤ ᠶᠢ ᠲᠦᠯᠬᠢᠨ ᠠᠬᠢᠭᠤᠯᠵᠤ᠂ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠵᠢᠯᠴᠠᠨ ᠠᠮᠢ ᠠᠬᠤᠶ ᠶᠢᠨ ᠣᠷᠴᠢᠨ ᠲᠤᠭᠤᠷᠢᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠰᠠᠶᠢᠲᠤᠷ ᠬᠢᠬᠦ ᠬᠡᠷᠡᠭᠲᠡᠢ᠃ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢ ᠠᠭᠤᠰᠤᠯᠴᠠᠭᠤᠯᠤᠭᠰᠠᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠬᠢᠨᠠᠯᠲᠠ ᠲᠠᠯᠪᠢᠬᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠤᠨ᠂ ᠨᠡᠶᠢᠯᠡᠮᠡᠯ ᠬᠦᠴᠦᠨ ᠢ ᠪᠣᠶ ᠪᠤᠯᠭᠠᠬᠤ ᠬᠡᠷᠡᠭᠲᠡᠢ᠃      ᠲᠠᠪᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠬᠦ ᠶᠢ ᠴᠢᠩᠭᠠᠷᠠᠭᠤᠯᠬᠤ ᠬᠡᠷᠡᠭᠲᠡᠢ᠃ ᠠᠮᠢ ᠠᠬᠤᠶ ᠶᠢᠨ ᠣᠷᠴᠢᠨ ᠲᠣᠭᠤᠷᠢᠨ ᠤ ᠮᠡᠷᠭᠡᠵᠢᠯ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠤᠯᠠᠷᠢᠭᠤᠯᠬᠤ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠵᠡᠷᠭᠡ ᠠᠵᠢᠯ ᠢ ᠢᠳᠡᠪᠬᠢᠲᠡᠶ ᠪᠠᠷ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠢ ᠭᠦᠨᠵᠡᠭᠡᠶ ᠨᠠᠶᠢᠳᠠᠪᠤᠷᠢᠵᠢᠭᠤᠯᠤᠨ᠂ ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠰᠠᠯᠠᠭ᠎ᠠ ᠮᠥᠴᠢᠷ ᠢ ᠵᠣᠬᠢᠴᠠᠭᠤᠯᠵᠤ᠂ ᠬᠦᠴᠦᠨ ᠢᠶᠠᠨ ᠡᠮᠬᠢᠯᠡᠨ ᠨᠡᠶᠢᠯᠡᠭᠦᠯᠵᠦ᠂ ᠲᠠᠪᠴᠠᠩ ᠪᠠᠶᠢᠭᠤᠯᠤᠨ᠂ ᠲᠤᠰᠬᠠᠶ ᠵᠦᠢᠯ ᠤᠨ ᠪᠠᠯᠠ ᠮᠥᠩᠭᠦ ᠶᠢᠨ ᠲᠥᠷᠥᠯ ᠵᠦᠢᠯ ᠤᠨ ᠬᠥᠮᠥᠷᠭᠡ ᠶᠢ ᠨᠠᠷᠢᠨ ᠬᠢᠨᠠᠮᠠᠭᠠᠶ ᠤᠬᠠᠭᠠᠯᠠᠨ ᠲᠥᠯᠥᠪᠯᠡᠵᠦ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠬᠡᠷᠡᠭᠵᠢᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃      ᠵᠢᠷᠭᠤᠭ᠎ᠠ ᠳᠤ ᠭᠠᠳᠠᠭᠠᠳᠤ ᠲᠠᠢ ᠬᠠᠮᠲᠤᠷᠠᠨ ᠠᠵᠢᠯᠯᠠᠬᠤ ᠶᠢ ᠨᠢᠭᠡᠳᠦᠯᠲᠡᠶ ᠲᠥᠯᠥᠪᠯᠡᠬᠦ ᠶᠢ  ᠴᠢᠩᠭᠠᠳᠬᠠᠬᠤ ᠬᠡᠷᠡᠭᠲᠡᠢ᠃ ᠬᠥᠷᠰᠢ ᠵᠡᠷᠭᠡᠯᠡᠳᠡᠭᠡ ᠠᠶᠢᠮᠠᠭ ᠬᠤᠲᠠ᠂ ᠮᠤᠵᠢ ᠣᠷᠣᠨ ᠯᠤᠭ᠎ᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠢ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠶᠢᠨ ᠮᠡᠷᠭᠡᠵᠢᠯ ᠪᠠ ᠲᠥᠷᠥᠯ ᠵᠦᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠨ᠂ ᠬᠠᠮᠲᠤᠷᠠᠯᠴᠠᠬᠤ ᠲᠥᠰᠦᠯ᠂ ᠭᠠᠳᠠᠭᠠᠳᠤ ᠳᠤ ᠠᠶᠢᠯᠴᠢᠯᠠᠬᠤ ᠲᠥᠯᠥᠪᠯᠡᠭᠡ ᠶᠢ ᠲᠦᠷᠭᠡᠬᠡᠨ ᠲᠤᠭᠲᠠᠭᠠᠬᠤ ᠬᠡᠷᠡᠭᠲᠡᠢ᠃      12. ᠬᠠᠮᠢᠶᠠᠷᠤᠭᠴᠢ      ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ᠂ ᠠᠯᠪᠠᠨ ᠭᠡᠷ ᠤᠨ ᠡᠷᠬᠢᠯᠡᠭᠴᠢ ᠼᠤᠤ ᠬᠤᠢ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠶᠢᠨ ᠲᠥᠪ ᠤᠨ ᠮᠠ ᠹᠠ ᠺᠦᠨ ᠡᠷᠬᠢᠯᠡᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠤᠨ ᠠᠩᠬᠠᠷᠤᠯ ᠲᠠᠯᠪᠢᠵᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠵᠤ ᠪᠠᠶᠢᠨ᠎ᠠ᠃ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1