ᠲᠣᠭᠲᠠᠬᠤ ᠰᠢᠶᠠᠨ ᠤ ᠲᠠᠩᠰᠠ ᠡᠪᠬᠡᠮᠡᠯ ᠤᠨ ᠲᠤᠪᠴᠢᠶ᠎ᠠ ᠣᠷᠣᠨ ᠨᠤᠲᠤᠭ ᠤᠨ ᠣᠶᠢᠯᠠᠯᠭ᠎ᠠ ᠵᠢᠴᠢ ᠶᠡᠷᠦᠩᠬᠡᠶᠢᠯᠡᠭᠰᠡᠨ ᠣᠨ ᠤ ᠦᠢᠯᠡᠪᠦᠷᠢ ᠨᠠᠶᠢᠷᠠᠭᠤᠯᠬᠤ ᠠᠵᠢᠯ ᠢ ᠢᠳᠡᠪᠬᠢᠲᠡᠢ ᠠᠬᠢᠭᠤᠯᠪᠠ
ᠨᠡᠶᠢᠲᠡᠯᠡᠭᠰᠡᠨ ᠴᠠᠭ᠄
2024/3/1
      ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠬᠤ ᠳᠠᠭᠠᠨ᠄ ︽ᠲᠡᠦᠬᠡ ᠪᠠᠷ ᠲᠣᠯᠢ ᠪᠣᠯᠭᠠᠪᠠᠯ᠂ ᠮᠠᠨᠳᠤᠵᠤ  ᠪᠠᠭᠤᠷᠠᠬᠤ ᠶᠢ ᠮᠡᠳᠡᠵᠦ ᠪᠣᠯᠣᠨ᠎ᠠ᠂ ᠪᠢᠳᠡ ᠲᠡᠦᠬᠡ ᠪᠠᠷ ᠪᠣᠳᠠᠲᠤ ᠠᠬᠤᠢ ᠶᠢ ᠲᠤᠰᠬᠠᠵᠤ᠂ ᠢᠷᠡᠭᠡᠳᠦᠢ ᠶᠢ ᠠᠯᠤᠰ ᠠᠴᠠ ᠠᠵᠢᠭᠯᠠᠬᠤ ᠬᠡᠷᠡᠭᠲᠡᠢ︾ ᠭᠡᠵᠡᠢ᠃ ᠲᠣᠭᠲᠠᠬᠤ ᠰᠢᠶᠠᠨ ᠤ ᠲᠠᠩᠰᠠ ᠡᠪᠬᠡᠮᠡᠯ ᠤᠨ ᠲᠤᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠨᠠᠮ ᠤᠨ ᠲᠥᠯᠥᠭᠡ ᠦᠭᠡ ᠬᠡᠯᠡᠬᠦ᠂ ᠤᠯᠤᠰ ᠤᠨ ᠲᠥᠯᠥᠭᠡ ᠲᠡᠦᠬᠡ ᠪᠠᠨ ᠬᠠᠳᠠᠭᠠᠯᠠᠬᠤ᠂ ᠠᠷᠠᠳ ᠤᠨ ᠲᠥᠯᠥᠭᠡ ᠵᠣᠷᠢᠭ ᠰᠠᠨᠠᠭ᠎ᠠ ᠶᠢ ᠰᠤᠷᠤᠯᠴᠠᠬᠤ︾ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠰᠣᠷᠣᠭᠰᠠᠨ ᠢᠶᠠᠨ ᠬᠡᠷᠡᠭᠯᠡᠬᠦ᠂ ᠲᠥᠪ ᠶᠣᠰᠣ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠨ᠂ ᠪᠣᠳᠠᠲᠠᠢ ᠪᠥᠭᠡᠳ ᠨᠠᠷᠢᠯᠢᠭ ᠠᠷᠭ᠎ᠠ ᠬᠡᠮᠵᠢᠶ᠎ᠡ ᠶᠢ ᠠᠳᠬᠤᠵᠤ᠂ ᠣᠨ ᠤ ᠦᠢᠯᠡᠪᠦᠷᠢ ᠵᠢᠴᠢ ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠤᠨ ᠪᠢᠴᠢᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠪᠠ᠃
     ᠪᠠᠶᠢᠷᠢᠯᠠᠭᠤᠯᠤᠯᠲᠠ ᠪᠠᠨ ᠴᠢᠩᠭᠠᠳᠬᠠᠵᠤ᠂ ᠴᠠᠭ ᠢ ᠠᠮᠵᠢᠨ ᠬᠢᠬᠦ ᠬᠡᠷᠡᠭᠲᠡᠢ᠃ ᠣᠷᠣᠨ ᠨᠤᠲᠤᠭ ᠤᠨ ᠶᠡᠷᠦᠩᠬᠡᠶᠢᠯᠡᠭᠰᠡᠨ ᠣᠨ ᠤ ᠦᠢᠯᠡᠪᠦᠷᠢ ᠳᠤ ᠬᠤᠯᠪᠣᠭᠳᠠᠬᠤ ᠬᠡᠪᠴᠢᠶ᠎ᠡ ᠨᠢ ᠥᠷᠭᠡᠨ᠂ ᠮᠡᠳᠡᠭᠡ ᠵᠠᠩᠭᠢ ᠶᠢᠨ ᠬᠡᠮᠵᠢᠶ᠎ᠡ ᠶᠡᠭᠡ᠂ ᠮᠠᠲ᠋ᠧᠷᠢᠶᠠᠯ ᠤᠯᠠᠨ ᠪᠠᠶᠢᠳᠠᠭ᠃ ᠴᠢᠨᠠᠷ ᠰᠠᠶᠢᠲᠠᠢ ᠣᠨ ᠤ ᠦᠢᠯᠡᠪᠦᠷᠢ ᠶᠢ ᠪᠦᠬᠦ ᠬᠦᠴᠦᠨ ᠢᠶᠠᠷ ᠢᠶᠠᠨ ᠨᠠᠶᠢᠷᠠᠭᠤᠯᠤᠨ ᠵᠣᠬᠢᠶᠠᠬᠤ ᠳᠤ᠂ ᠰᠢᠶᠠᠨ ᠤ ᠳᠠᠩᠰᠠ ᠡᠪᠬᠡᠮᠡᠯ ᠤᠨ ᠭᠠᠵᠠᠷ ᠤᠨ ᠬᠢᠨ ᠤᠷᠢᠳᠴᠢᠯᠠᠨ ᠠᠷᠭ᠎ᠠ ᠰᠦᠪᠡᠭᠴᠢᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠲᠣᠬᠢᠷᠠᠭᠤᠯᠤᠯᠲᠠ᠂ ᠠᠭᠤᠯᠭ᠎ᠠ ᠶᠢᠨ ᠠᠵᠢᠯ ᠤᠨ ᠬᠤᠪᠢᠶᠠᠷᠢᠯᠠᠯ᠂ ᠶᠠᠰᠤ ᠴᠢᠨᠠᠷ ᠤᠨ ᠬᠢᠨᠠᠨ ᠬᠠᠷᠭᠤᠭᠤᠯᠤᠯᠲᠠ᠂ ᠠᠬᠢᠴᠠ ᠶᠢᠨ ᠲᠣᠬᠢᠷᠠᠭᠤᠯᠤᠯᠲᠠ ᠵᠡᠷᠭᠡ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠵᠤ᠂ ᠶᠡᠭᠡ ᠪᠠᠷ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠭᠤᠣᠯ ᠬᠠᠷᠢᠭᠤᠴᠠᠯᠭᠠᠲᠠᠨ ᠲᠦᠷᠦᠭᠦᠯᠡᠨ ᠶᠡᠷᠦᠩᠬᠡᠶᠢᠯᠡᠨ ᠠᠳᠬᠤᠬᠤ᠂ ᠭᠤᠣᠯ ᠨᠠᠶᠢᠷᠠᠭᠤᠯᠤᠭᠴᠢ ᠵᠣᠬᠢᠴᠠᠭᠤᠯᠤᠨ ᠬᠠᠮᠵᠢᠯᠴᠠᠬᠤ᠂ ᠡᠬᠡ ᠪᠢᠴᠢᠭ ᠪᠢᠴᠢᠭᠴᠢ ᠳᠣᠲᠣᠭᠠᠳᠤ ᠭᠠᠳᠠᠭᠠᠳᠤ ᠳᠤ ᠬᠠᠮᠲᠤᠷᠠᠨ ᠬᠥᠳᠡᠯᠦᠯᠴᠡᠬᠦ︾ ᠣᠨ ᠤ ᠦᠢᠯᠡᠪᠦᠷᠢ ᠨᠠᠶᠢᠷᠠᠭᠤᠯᠤᠨ ᠪᠢᠴᠢᠬᠦ ᠠᠵᠢᠯ ᠤᠨ ᠲᠣᠭᠲᠠᠴᠠ ᠶᠢ ᠪᠣᠶ ᠪᠣᠯᠭᠠᠵᠤ᠂ ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠠᠵᠢᠯᠯᠠᠭ᠎ᠠ ᠵᠡᠷᠭᠡ ᠲᠦᠷᠦᠭᠦᠯᠡᠨ ᠬᠢᠬᠦ ᠰᠠᠯᠠᠭ᠎ᠠ ᠮᠥᠴᠢᠷ ᠯᠦᠭᠡ ᠢᠳᠡᠪᠬᠢᠲᠡᠢ ᠵᠣᠯᠭᠠᠭᠤᠯᠤᠨ ᠨᠡᠪᠲᠡᠷᠡᠯᠴᠡᠵᠦ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠮᠠᠲ᠋ᠧᠷᠢᠶᠠᠯ ᠢ ᠪᠥᠬᠦ ᠲᠠᠯ᠎ᠠ ᠪᠠᠷ᠂ ᠣᠯᠠᠨ ᠠᠷᠭ᠎ᠠ ᠵᠠᠮ ᠢᠶᠠᠷ ᠴᠤᠭᠯᠠᠭᠤᠯᠵᠤ᠂ ᠣᠨ ᠤ ᠦᠢᠯᠡᠪᠦᠷᠢ ᠶᠢᠨ ᠮᠠᠲ᠋ᠧᠷᠢᠶᠠᠯ ᠢ ᠴᠠᠭ ᠲᠤᠬᠠᠢ ᠳᠤᠨᠢ᠂ ᠵᠢᠷᠤᠮᠵᠢᠯ ᠲᠠᠢ᠂ ᠪᠥᠬᠦ ᠲᠠᠯ᠎ᠠ ᠪᠠᠷ ᠴᠤᠭᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃      ᠬᠠᠭᠤᠴᠢᠨ ᠢ ᠤᠷᠬᠢᠵᠤ ᠰᠢᠨ᠎ᠡ ᠶᠢ ᠡᠭᠦᠳᠴᠦ᠂ ᠠᠭᠤᠯᠭ᠎ᠠ ᠶᠢ ᠪᠣᠳᠠᠲᠠᠢ ᠪᠠᠷ ᠠᠳᠬᠤᠪᠠ᠃ ᠡᠯ᠎ᠡ ᠠᠵᠢᠯ ᠲᠦᠷᠦᠯ ᠤᠨ ᠲᠤᠰᠢᠶᠠᠯ ᠬᠠᠷᠢᠭᠤᠴᠠᠯᠭ᠎ᠠ ᠡᠭᠦᠷᠭᠡ ᠴᠢᠳᠠᠪᠬᠢ ᠶᠢᠨ ᠠᠵᠢᠯ ᠤᠨ ᠲᠣᠭᠤᠷᠢᠨ ᠳᠤ᠂ ᠰᠢᠶᠠᠨ ᠤ ᠨᠠᠮ ᠤᠨ ᠬᠤᠷᠢᠶ᠎ᠠ ᠰᠢᠶᠠᠨ ᠤ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ᠂ ᠪᠦᠬᠦ ᠰᠢᠶᠠᠨ ᠤ ᠣᠷᠣᠨ ᠪᠦᠰᠡ ᠶᠢᠨ ᠣᠨᠴᠠᠯᠢᠭ ᠪᠣᠯᠣᠨ ᠡᠨᠡ ᠵᠢᠯ ᠤᠨ ᠰᠢᠨ᠎ᠡ ᠶᠢ ᠡᠭᠦᠳᠬᠦ ᠬᠢᠯᠠᠰ ᠴᠡᠭ ᠤᠨ ᠠᠵᠢᠯ ᠵᠡᠷᠭᠡ ᠲᠠᠢ ᠤᠶᠠᠯᠳᠤᠭᠤᠯᠵᠤ᠂ ᠦᠰᠦᠭ ᠪᠢᠴᠢᠭ ᠤᠨ ᠶᠡᠷᠦᠩᠬᠡᠢ ᠬᠡᠮᠵᠢᠶ᠎ᠡ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠤᠷᠢᠲᠠᠯ ᠳᠣᠣᠷ᠎ᠠ᠂ ᠵᠣᠬᠢᠶᠠᠯ ᠤᠨ ᠭᠠᠷᠴᠠᠭ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠵᠣᠬᠢᠶᠠᠯ ᠤᠨ ᠭᠠᠷᠴᠠᠭ᠂ ᠵᠤᠷᠪᠤᠰ ᠤᠨ ᠪᠦᠲᠦᠴᠡ ᠶᠢ ᠲᠣᠬᠢᠷᠠᠭᠤᠯᠤᠨ᠎ᠠ︔ ᠭᠦᠨᠵᠡᠭᠡᠢ ᠰᠤᠳᠤᠯᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨᠴᠢ ᠵᠢᠷᠤᠮᠵᠢᠭᠰᠠᠨ ᠪᠣᠷᠣ ᠲᠥᠯᠥᠪ ᠤᠨ ᠪᠦᠲᠦᠴᠡ ᠪᠠ ᠵᠣᠬᠢᠶᠠᠯ ᠤᠨ ᠭᠠᠷᠴᠠᠭ ᠢ ᠥᠷᠭᠡᠨ ᠢᠶᠠᠷ ᠴᠤᠭᠯᠠᠭᠤᠯᠤᠨ ᠲᠣᠬᠢᠷᠠᠭᠤᠯᠤᠨ᠎ᠠ︔ ᠳᠤᠭᠤᠶᠢᠯᠠᠩ ᠤᠨ ᠨᠣᠣᠷᠠᠭ ᠤᠨ ᠠᠭᠤᠯᠭ᠎ᠠ ᠶᠢ ᠬᠢᠨᠠᠮᠠᠭᠠᠢ ᠴᠢᠩᠭ᠎ᠠ ᠬᠢᠨᠠᠨ ᠬᠠᠷᠭᠤᠭᠤᠯᠵᠤ᠂ ᠠᠵᠢᠯ ᠲᠥᠷᠥᠯ ᠤᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠠᠷ ᠠᠮᠢᠳᠤᠯᠢᠭ ᠢᠶᠠᠷ ᠬᠡᠰᠡᠭ ᠲᠥᠷᠥᠯ ᠵᠦᠢᠯ᠂ ᠵᠤᠷᠪᠤᠰ ᠢ ᠨᠡᠮᠡᠵᠦ ᠬᠠᠰᠤᠬᠤ ᠪᠤᠶᠤ ᠲᠣᠬᠢᠷᠠᠭᠤᠯᠤᠨ᠎ᠠ᠃ ᠣᠨ ᠤ ᠦᠢᠯᠡᠪᠦᠷᠢ ᠶᠢᠨ ᠠᠭᠤᠯᠭ᠎ᠠ ᠶᠢᠨ ᠡᠯᠪᠡᠭ ᠪᠠᠶᠠᠯᠢᠭ ᠨᠠᠷᠢᠨ ᠪᠣᠳᠠᠲᠠᠢ ᠪᠠᠶᠢᠬᠤ ᠶᠢ ᠦᠨᠡᠨᠬᠦ ᠪᠠᠲᠤᠯᠠᠵᠤ᠂ ᠣᠨ ᠤ ᠦᠢᠯᠡᠪᠦᠷᠢ ᠶᠢᠨ ᠶᠡᠷᠦᠩᠬᠡᠶᠢᠯᠡᠭᠰᠡᠨ ᠮᠠᠲ᠋ᠧᠷᠢᠶᠠᠯ ᠤᠨ ᠬᠡᠷᠡᠭᠯᠡᠭᠡᠨ ᠤ ᠴᠢᠨᠠᠷ᠂ ᠠᠪᠴᠠᠯᠳᠤᠩᠭᠤᠢ ᠴᠢᠨᠠᠷ ᠪᠠ ᠪᠦᠷᠢᠨ ᠪᠦᠲᠦᠨ ᠴᠢᠨᠠᠷ ᠢ ᠦᠨᠡᠨᠬᠦ ᠴᠢᠩᠭᠠᠳᠬᠠᠬᠤ ᠬᠡᠷᠡᠭᠲᠡᠢ᠃      ᠪᠣᠭᠤᠮᠲᠠ ᠶᠢ ᠱᠠᠲᠤ ᠱᠠᠲᠤ ᠪᠠᠷ ᠠᠳᠬᠤᠵᠤ᠂ ᠪᠠᠷᠢᠮᠵᠢᠶ᠎ᠠ ᠶᠢ ᠴᠢᠩᠭ᠎ᠠ ᠠᠳᠬᠤᠨ᠎ᠠ᠃ ᠡᠬᠡ ᠪᠢᠴᠢᠭ ᠵᠣᠬᠢᠶᠠᠨ ᠪᠠᠶᠢᠭᠤᠯᠬᠤ ᠶᠠᠰᠤ ᠴᠢᠨᠠᠷ ᠪᠣᠯ ᠣᠨ ᠤ ᠦᠢᠯᠡᠪᠦᠷᠢ ᠶᠢᠨ ᠶᠡᠷᠦᠩᠬᠡᠶᠢᠯᠡᠭᠰᠡᠨ ᠠᠮᠢᠨ ᠰᠤᠳᠠᠰᠤ ᠮᠥᠨ᠃ ᠣᠨ ᠤ ᠦᠢᠯᠡᠪᠦᠷᠢ ᠶᠢᠨ ᠠᠭᠤᠯᠭ᠎ᠠ ᠶᠢᠨ ᠠᠵᠢᠯ ᠤᠨ ᠬᠤᠪᠢᠶᠠᠷᠢᠯᠠᠯ ᠵᠢᠴᠢ ᠠᠬᠢᠴᠠ ᠶᠢᠨ ᠲᠣᠬᠢᠷᠠᠭᠤᠯᠤᠯᠲᠠ ᠶᠣᠰᠣᠭᠠᠷ᠂ ᠨᠠᠶᠢᠷᠠᠭᠤᠯᠬᠤ ᠳᠤᠭᠤᠶᠢᠯᠠᠩ ᠤᠨ ᠳᠡᠭᠡᠳᠦ ᠳᠣᠣᠷᠠᠳᠤ ᠱᠠᠲᠤᠨ ᠤ ᠬᠢᠨ ᠨᠠᠶᠢᠷᠠᠭᠤᠯᠵᠤ ᠬᠠᠷᠭᠤᠭᠤᠯᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠰᠢᠪᠠᠳᠠᠨ ᠰᠢᠢᠳᠪᠦᠷᠢᠯᠡᠭᠦᠯᠵᠦ᠂ ︽ᠨᠠᠶᠢᠷᠠᠭᠤᠯᠤᠭᠴᠢ ᠶᠢᠨ ᠠᠩᠬᠠᠨ ᠤ ᠬᠢᠨᠠᠯᠲᠠ᠂ ᠶᠡᠷᠦᠩᠬᠡᠢ ᠨᠠᠶᠢᠷᠠᠭᠤᠯᠤᠭᠴᠢ ᠶᠢᠨ ᠳᠠᠬᠢᠨ ᠬᠢᠨᠠᠯᠲᠠ᠂ ᠭᠤᠣᠯ ᠤᠳᠤᠷᠢᠳᠤᠯᠭ᠎ᠠ ᠶᠢᠨ ᠡᠴᠦᠰ ᠤᠨ ᠰᠢᠭᠦᠯᠲᠡ︾ ᠭᠡᠬᠦ ᠭᠤᠷᠪᠠᠨ ᠱᠠᠲᠤ ᠪᠠᠷ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠬᠠᠮᠢᠶ᠎ᠠ ᠪᠦᠬᠦᠢ ᠵᠣᠬᠢᠶᠠᠯ᠂ ᠡᠯ᠎ᠡ ᠵᠤᠷᠪᠤᠰ ᠢ ᠨᠢᠭᠡᠳ ᠨᠢᠭᠡ ᠪᠠᠷ ᠬᠠᠷᠭᠤᠭᠤᠯᠵᠤ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠡᠬᠡ ᠪᠢᠴᠢᠭ ᠬᠠᠩᠭᠠᠬᠤ ᠰᠠᠯᠠᠭ᠎ᠠ ᠮᠥᠴᠢᠷ ᠲᠠᠢ ᠬᠠᠷᠢᠯᠴᠠᠨ ᠨᠡᠪᠲᠡᠷᠡᠯᠴᠡᠵᠦ᠂ ᠣᠨ ᠤ ᠤᠶᠢᠯᠠᠪᠦᠷᠢ ᠶᠢᠨ ᠡᠬᠡ ᠪᠢᠴᠢᠭ ᠢ ᠵᠣᠬᠢᠶᠠᠨ ᠪᠠᠶᠢᠭᠤᠯᠬᠤ ᠲᠠᠯ᠎ᠠ ᠪᠠᠷ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠨᠠᠷᠢᠨ ᠨᠢᠮᠪᠠᠢ᠂ ᠣᠨᠣᠪᠴᠢᠲᠠᠢ᠂ ᠪᠤᠰᠤᠳᠴᠢ᠂ ᠦᠨᠡᠨ ᠪᠣᠳᠠᠲᠠᠢ ᠪᠠᠶᠢᠬᠤ ᠶᠢ ᠪᠠᠲᠤᠯᠠᠵᠤ᠂ ᠪᠦᠬᠦ ᠰᠢᠶᠠᠨ ᠤ ᠪᠠᠶᠢᠭᠠᠯᠢ ᠤᠯᠤᠰ ᠲᠦᠷᠦ ᠠᠵᠤ ᠠᠬᠤᠢ ᠨᠡᠶᠢᠭᠡᠮ ᠰᠣᠶᠣᠯ ᠵᠡᠷᠭᠡ ᠡᠯ᠎ᠡ ᠬᠦᠷᠢᠶᠡᠨ ᠤ ᠬᠥᠭᠵᠢᠯᠲᠡ ᠶᠢᠨ ᠪᠣᠳᠠᠲᠤ ᠠᠮᠵᠢᠯᠲᠠ ᠶᠢ ᠪᠦᠬᠦ ᠲᠠᠯ᠎ᠠ ᠪᠠᠷ ᠲᠤᠰᠬᠠᠵᠤ᠂ ᠲᠣᠭᠲᠠᠬᠤ  ᠶᠢᠨ ᠦᠯᠢᠭᠡᠷ ᠢ ᠰᠠᠶᠢᠲᠤᠷ ᠶᠠᠷᠢᠵᠤ᠂ ᠲᠣᠭᠲᠠᠬᠤ  ᠶᠢᠨ ᠳᠦᠷᠢ ᠲᠥᠷᠬᠦ ᠶᠢ ᠳᠡᠯᠭᠡᠨ ᠦᠵᠡᠭᠦᠯᠬᠦ ᠬᠡᠷᠡᠭᠲᠡᠢ᠃ ᠢᠷᠡᠯᠳᠡ᠄ ᠲᠤᠭᠳᠠᠬᠤ ᠰᠢᠶᠠᠨ ᠤ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1