1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ︽ᠬᠥᠬᠡᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠢ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/3/1
      2023 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ︽ᠬᠥᠬᠡᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠢ ᠡᠬᠢᠯᠡᠨ ᠬᠡᠷᠡᠭᠵᠢᠭᠦᠯᠦᠨ᠎ᠡ᠃ ᠡᠨᠡ ᠨᠢ ᠮᠥᠨ ᠴᠦ ᠪᠥᠬᠦ ᠤᠯᠤᠰ ᠤᠨ ᠠᠩᠬᠠᠳᠠᠭᠴᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠢ ᠬᠠᠤᠯᠢ ᠲᠣᠭᠲᠠᠭᠠᠯ ᠪᠣᠯᠣᠨ᠎ᠠ᠃      ︽ᠳᠦᠷᠢᠮ︾ ᠳᠤ ᠶᠡᠷᠦᠩᠬᠡᠢ ᠳᠦᠷᠢᠮ᠂ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ᠪᠠᠲᠤᠯᠠᠭ᠎ᠠ᠂ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ᠬᠠᠮᠢᠶᠠᠷᠤᠯᠲᠠ᠂ ᠬᠠᠤᠯᠢ ᠶᠢᠨ ᠬᠠᠷᠢᠭᠤᠴᠠᠯᠭ᠎ᠠ᠂ ᠳᠠᠭᠠᠯᠳᠤᠭᠤᠯᠤᠭᠰᠠᠨ ᠳᠦᠷᠢᠮ ᠵᠡᠷᠭᠡ ᠲᠠᠪᠤᠨ ᠲᠠᠯ᠎ᠠ ᠶᠢᠨ ᠭᠤᠴᠢᠨ ᠨᠢᠭᠡᠨ ᠵᠦᠢᠯ ᠤᠨ ᠠᠭᠤᠯᠭ᠎ᠠ ᠶᠢ ᠪᠠᠭᠲᠠᠭᠠᠵᠠᠢ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠨᠢᠭᠡᠴᠡ ᠬᠤᠪᠢ ᠬᠥᠮᠥᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠴᠠᠭᠠᠵᠠ ᠶᠢᠨ ᠲᠠᠰ ᠳᠠᠪᠬᠤᠷᠭ᠎ᠠ  ᠠᠴᠠ ᠪᠣᠳᠠᠲᠠᠶᠢᠵᠢᠭᠤᠯᠵᠤ᠂ ᠲᠦᠷᠭᠡᠨ ᠬᠦᠷᠭᠡᠯᠳᠡ᠂ ᠵᠠᠬᠢᠶᠠᠯᠠᠭ᠎ᠠ ᠶᠢᠨ ᠬᠤᠭᠤᠯᠠ ᠵᠡᠷᠭᠡ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠠᠷ ᠡᠵᠡᠩᠨᠡᠯᠲᠡ ᠶᠢᠨ ᠠᠵᠢᠯᠯᠠᠭ᠎ᠠ ᠬᠢᠬᠦ ᠠᠵᠤ ᠠᠬᠤᠶᠢᠯᠠᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠢᠨᠲ᠋ᠧᠷ ᠰᠦᠯᠵᠢᠶ᠎ᠡ ᠪᠠᠷ ᠲᠦᠷᠢᠶᠡᠰᠦᠯᠡᠬᠦ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃      ︽ᠳᠦᠷᠢᠮ︾ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠬᠠᠮᠢᠶ᠎ᠠ ᠪᠦᠬᠦᠢ ᠡᠵᠡᠩᠨᠡᠯᠲᠡ ᠶᠢᠨ ᠠᠵᠢᠯᠯᠠᠭ᠎ᠠ᠂ ᠬᠡᠷᠡᠭᠯᠡᠯᠲᠡ ᠶᠢᠨ ᠠᠵᠢᠯᠯᠠᠭ᠎ᠠ ᠳᠤ ᠬᠢᠵᠠᠭᠠᠷᠯᠠᠬᠤ ᠴᠢᠨᠠᠷᠲᠠᠢ ᠵᠢᠷᠤᠮᠵᠢᠯ ᠶᠠᠪᠤᠭᠤᠯᠵᠤ᠂ ᠥᠩᠭᠡᠷᠡᠭᠰᠡᠨ ᠤ ᠭᠤᠣᠯᠳᠠᠯᠭ᠎ᠠ ᠲᠠᠢ ᠬᠡᠷᠡᠭᠯᠡᠬᠦ ᠭᠤᠭᠴᠣᠭᠠᠨ ᠳᠠᠬᠢ ᠲᠠᠩ ᠴᠤᠯᠭᠤᠢ ᠴᠢᠨᠠᠷᠲᠠᠢ ᠬᠠᠮᠢᠶᠠᠷᠤᠯᠲᠠ ᠪᠠᠶᠢᠭᠰᠠᠨ ᠠᠴᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠬᠦ᠂ ᠪᠣᠷᠣᠯᠠᠭᠤᠯᠬᠤ᠂ ᠰᠡᠯᠪᠢᠨ ᠵᠠᠰᠠᠬᠤ᠂ ᠵᠣᠭᠰᠤᠭᠠᠬᠤ ᠂ ᠴᠠᠬᠢᠯᠭᠠᠨ ᠴᠡᠨᠡᠭᠯᠡᠬᠦ ᠵᠡᠷᠭᠡ ᠭᠤᠭᠴᠣᠭᠠᠨ ᠤ ᠪᠥᠬᠦ ᠬᠡᠯᠬᠢᠶᠡᠨ ᠤ ᠬᠠᠮᠢᠶᠠᠷᠤᠯᠲᠠ ᠪᠣᠯᠭᠠᠨ ᠬᠤᠪᠢᠷᠠᠭᠤᠯᠪᠠ᠃ ᠡᠭᠦᠨ ᠠᠴᠠ ᠭᠠᠳᠠᠨ᠎ᠠ᠂ ︽ᠳᠦᠷᠢᠮ︾ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠣᠭᠰᠤᠭᠠᠬᠤ᠂ ᠴᠠᠬᠢᠯᠭᠠᠨ ᠴᠡᠨᠡᠭᠯᠡᠬᠦ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠣᠭᠲᠠᠭᠠᠯ ᠠᠴᠠ ᠵᠥᠷᠢᠴᠡᠨ ᠥᠭᠡᠷᠡᠴᠢᠯᠡᠨ ᠤᠭᠰᠠᠷᠠᠵᠤ ᠰᠡᠯᠪᠢᠨ ᠵᠠᠰᠠᠭᠰᠠᠨ᠂ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠭᠰᠡᠨ ᠦᠶᠯᠡ ᠠᠵᠢᠯᠯᠠᠭ᠎ᠠ ᠪᠠ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠲᠣᠷᠭᠠᠭᠤᠯᠢ ᠶᠢᠨ ᠳᠦᠷᠢᠮ ᠢ ᠨᠡᠮᠡᠵᠦ᠂ ᠰᠢᠢᠳᠭᠡᠯ ᠢ ᠬᠡᠷᠡᠭᠵᠢᠭᠦᠯᠬᠦ  ᠭᠤᠤᠯ ᠴᠣᠭᠴᠠ ᠪᠠ ᠪᠣᠳᠠᠲᠠᠢ ᠲᠤᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠵᠠᠢ᠃      ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠲᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠠᠶᠤᠯ ᠪᠠᠶᠢᠨ ᠳᠠᠬᠢᠨ ᠭᠠᠷᠴᠤ᠂ ᠬᠥᠬᠡᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ ᠶᠡᠭᠡ ᠪᠠᠶᠢᠵᠤ᠂ ᠲᠣᠭᠲᠠᠭᠠᠯ ᠠᠴᠠ ᠵᠥᠷᠢᠴᠡᠨ ᠠᠵᠢᠯᠯᠠᠭᠰᠠᠨ ᠠᠴᠠ ᠪᠣᠯᠵᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠠᠶᠤᠯ ᠤᠨ ᠠᠳᠡᠯ ᠴᠦ ᠪᠠᠶᠢᠨ ᠪᠠᠶᠢᠨ ᠭᠠᠷᠴᠤ ᠪᠠᠶᠢᠨ᠎ᠠ᠃ 2022 ᠣᠨ ᠤ ᠡᠬᠢ ᠪᠠᠷ᠂ ᠬᠥᠬᠡᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ︽ᠬᠤᠶᠠᠷ ᠬᠤᠷᠠᠯ︾ ᠤᠨ ᠰᠠᠨᠠᠯ ᠳᠤᠷᠠᠳᠤᠯᠭ᠎ᠠ ᠶᠢᠨ ᠰᠠᠨᠠᠭᠤᠯᠭ᠎ᠠ ᠪᠠᠷ ᠳᠠᠮᠵᠢᠭᠤᠯᠤᠨ᠂ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠠᠷᠢᠭᠤ ᠮᠡᠳᠡᠭᠦᠯᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢ ᠵᠣᠬᠢᠴᠠᠭᠤᠯᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠣᠷᠣᠨ ᠨᠤᠲᠤᠭ ᠤᠨ ᠬᠠᠤᠯᠢ ᠲᠣᠭᠲᠠᠭᠠᠬᠤ ᠠᠬᠢᠴᠠ ᠶᠢ ᠢᠳᠡᠪᠬᠢᠲᠡᠢ ᠠᠬᠢᠭᠤᠯᠪᠠ᠃      2022 ᠣᠨ ᠤ 12  ᠳ᠋ᠤᠭᠠᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢ ᠶᠢᠰᠦᠳᠦᠭᠡᠷ ᠬᠤᠷᠠᠯᠳᠤᠭᠠᠨ ᠠᠴᠠ ︽ᠬᠥᠬᠡᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠢ ᠪᠠᠳᠤᠯᠠᠪᠠ᠃ ᠢᠷᠡᠯᠳᠡ᠄ ᠲᠤᠭᠳᠠᠬᠤ ᠰᠢᠶᠠᠨ ᠤ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1