ᠵᠠᠮ ᠬᠠᠷᠢᠯᠴᠠᠭᠠᠨ ᠤ ᠲᠤᠪᠴᠢᠶ᠎ᠠ
ᠨᠡᠶᠢᠲᠡᠯᠡᠭᠰᠡᠨ ᠴᠠᠭ᠄
2024/3/10
ᠭᠤᠤᠯ ᠡᠬᠦᠷᠭᠡ ᠴᠢᠳᠠᠪᠤᠷᠢ᠄      ᠨᠢᠭᠡ᠂ ᠵᠠᠮ ᠲᠡᠭᠡᠭᠡᠪᠦᠷᠢ ᠶᠢᠨ ᠲᠤᠬᠠᠢ ᠤᠯᠤᠰ ᠪᠠ ᠦᠪᠡᠷᠳᠡᠭᠡᠨ ᠵᠠᠰᠠᠬᠤ ᠤᠷᠤᠨ᠂ ᠬᠤᠲᠠ ᠶᠢᠨ ᠬᠠᠤᠯᠢ ᠴᠠᠭᠠᠵᠠ ᠬᠠᠤᠯᠢ ᠲᠤᠭᠳᠠᠭᠠᠯ ᠪᠠ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ᠂ ᠪᠠᠷᠢᠮᠵᠢᠶ᠎ᠠ᠂ ᠲᠦᠯᠦᠪᠵᠢᠬᠦᠯᠭᠡ ᠶᠢ ᠲᠤᠤᠱᠯᠠᠭᠤᠯᠤᠨ ᠬᠡᠷᠡᠭᠵᠢᠬᠦᠯᠦᠨ᠎ᠡ︔ ᠪᠦᠬᠦ ᠰᠢᠶᠠᠨ ᠤ ᠵᠠᠮ ᠬᠠᠷᠢᠯᠴᠠᠭᠠᠨ ᠤ ᠬᠦᠭᠵᠢᠯᠳᠡ ᠶᠢᠨ ᠲᠦᠯᠦᠪᠵᠢᠬᠦᠯᠭᠡ᠂ ᠲᠦᠯᠦᠪᠯᠡᠭᠡ ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ      ᠬᠤᠶᠠᠷ᠂ ᠪᠦᠬᠦ ᠰᠢᠶᠠᠨ‌‍ᠤ ᠶᠡᠷᠦᠩᠭᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠲᠠᠢ ᠬᠤᠯᠪᠤᠭᠳᠠᠬᠤ ᠲᠦᠯᠤᠪᠵᠢᠭᠦᠯᠭᠡ ᠶᠢ ᠵᠤᠬᠢᠴᠠᠭᠤᠯᠬᠤ ᠠᠵᠢᠯ ᠢ ᠡᠬᠦᠷᠭᠡᠯᠡᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠶᠡᠷᠦᠩᠭᠡᠶᠢᠯᠡᠭᠰᠡᠨ ᠲᠡᠭᠡᠭᠡᠪᠤᠷᠢ ᠶᠢᠨ ᠰᠢᠰᠲ᠋ᠧᠮ ᠤᠨ ᠲᠦᠯᠦᠪᠵᠢᠬᠦᠯᠭᠡ ᠶᠢ ᠵᠤᠬᠢᠶᠠᠵᠤ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠵᠠᠩᠬᠢᠯᠠᠭ᠎ᠠ ᠶᠢᠨ ᠲᠦᠯᠦᠪᠵᠢᠬᠦᠯᠭᠡ ᠪᠤᠯᠤᠨ ᠬᠠᠮᠢᠶᠠᠷᠤᠯᠳᠠ ᠶᠢ ᠵᠤᠬᠢᠶᠠᠨ ᠪᠠᠶᠢᠭᠤᠯᠤᠨ᠎ᠠ᠃      ᠭᠤᠷᠪᠠ᠂ ᠪᠦᠬᠦ ᠰᠢᠶᠠᠨ ᠤ ᠵᠠᠮ ᠲᠡᠭᠡᠭᠡᠪᠦᠷᠢ ᠶᠢᠨ ᠵᠠᠬ᠎ᠠ ᠲᠡᠯᠭᠡᠬᠦᠷ ᠤᠨ ᠬᠢᠨᠠᠯᠳᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠶᠢ ᠡᠬᠦᠷᠭᠡᠯᠡᠵᠤ᠂ ᠵᠠᠰᠠᠮᠠᠯ ᠵᠠᠮ᠂ ᠤᠰᠤᠨ ᠵᠠᠮ ᠤᠨ ᠲᠡᠭᠡᠭᠡᠪᠦᠷᠢ ᠶᠢᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ᠂ ᠨᠡᠪᠳᠡᠷᠡᠬᠦ ᠶᠢ ᠵᠦᠪᠰᠢᠶᠡᠷᠡᠬᠦ ᠲᠦᠷᠢᠮ᠂ ᠮᠡᠷᠭᠡᠵᠢᠯ ᠤᠨ ᠪᠠᠷᠢᠮᠵᠢᠶ᠎ᠠ ᠪᠠ ᠲᠡᠭᠡᠬᠡᠪᠤᠷᠢ ᠶᠢ ᠵᠢᠷᠤᠮᠵᠢᠭᠤᠯᠬᠤ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ︔ ᠰᠢᠶᠠᠨ ᠤ ᠠᠷᠠᠳ ᠤᠨ ᠵᠠᠰᠠᠭ ᠤᠨ ᠤᠷᠳᠤᠨ ᠤ ᠨᠢᠭᠡᠳᠤᠯᠳᠠᠢ ᠤᠳᠤᠷᠢᠳᠤᠯᠭ᠎ᠠ ᠲᠤᠤᠷ᠎ᠠ᠂ ᠬᠤᠳᠠ ᠬᠦᠳᠡᠭᠡ ᠶᠢᠨ ᠠᠶᠠᠨᠴᠢᠨ ᠤ ᠲᠡᠭᠡᠭᠡᠪᠦᠷᠢ ︵ᠲᠦᠷᠢᠶᠡᠰᠤᠨ ᠮᠠᠰᠢᠨ ᠢ ᠪᠠᠭᠳᠠᠭᠠᠨ᠎ᠠ︶ ᠲᠡᠭᠡᠭᠡᠪᠤᠷᠢᠯᠡᠨ ᠡᠵᠡᠩᠨᠡᠬᠦ ᠶᠢ ᠬᠠᠷᠢᠭᠤᠴᠠᠨ᠎ᠠ᠃ ᠬᠤᠳᠠ ᠬᠦᠳᠡᠭᠡ ᠶᠢᠨ ᠠᠶᠠᠨᠴᠢᠨ ᠤ ᠲᠡᠭᠡᠭᠡᠪᠦᠷᠢ ︵ᠲᠦᠷᠢᠶᠡᠰᠤᠨ ᠮᠠᠰᠢᠨ ᠢ ᠪᠠᠭᠳᠠᠭᠠᠨ᠎ᠠ︶ ᠶᠢᠨ ᠬᠠᠮᠢᠶᠠᠷᠤᠯᠲᠠ ᠲᠥᠯᠥᠪᠵᠢᠭᠦᠯᠭᠡ᠂ ᠲᠥᠷᠥ ᠶᠢᠨ ᠪᠤᠳᠤᠯᠭ᠎ᠠ᠂ ᠲᠥᠷᠢᠮ ᠲᠤᠬᠳᠠᠭᠠᠯ᠂ ᠪᠠᠷᠢᠮᠵᠢᠶ᠎ᠠ ᠶᠢ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ︔ ᠵᠠᠮ ᠲᠡᠭᠡᠭᠡᠪᠦᠷᠢ ᠶᠢᠨ ᠠᠵᠢᠯ ᠲᠦᠷᠦᠯ ᠤᠨ ᠬᠠᠮᠢᠶᠠᠷᠤᠯᠳᠠ ᠶᠢᠨ ᠠᠵᠢᠯ ᠢ ᠡᠬᠦᠷᠭᠡᠯᠡᠵᠤ᠂ ᠪᠦᠬᠦ ᠰᠢᠶᠠᠨ ᠤ ᠭᠤᠤᠯᠳᠠᠯᠭ᠎ᠠ ᠲᠠᠢ ᠡᠳ᠋ ᠪᠤᠳᠠᠰ ᠤᠨ ᠲᠡᠭᠡᠭᠡᠪᠦᠷᠢ ᠪᠤᠯᠤᠨ ᠪᠠᠴᠢᠮ ᠠᠶᠠᠨᠴᠢᠨ ᠬᠢᠭᠡᠳ ᠪᠠᠷᠠᠭ᠎ᠠ ᠲᠡᠭᠡᠬᠡᠪᠤᠷᠢ ᠶᠢ ᠲᠤᠬᠢᠷᠠᠭᠤᠯᠤᠨ ᠡᠵᠡᠮᠳᠡᠬᠦ ᠶᠢ ᠬᠠᠷᠢᠭᠤᠴᠠᠨ᠎ᠠ᠃      ᠲᠦᠷᠪᠡ᠂ ᠪᠦᠬᠦ ᠰᠢᠶᠠᠨ ᠤ ᠵᠠᠰᠠᠮᠠᠯ ᠵᠠᠮ᠂ ᠤᠰᠤᠨ ᠵᠠᠮ ᠤᠨ ᠪᠦᠳᠦᠭᠡᠨ ᠪᠠᠶᠢᠭᠤᠯᠤᠯᠳᠠ ᠶᠢᠨ ᠵᠠᠬ᠎ᠠ ᠲᠡᠯᠭᠡᠬᠦᠷ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠬᠦᠷᠭᠡᠯᠡᠵᠤ᠂ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ᠂ ᠵᠠᠮ ᠬᠠᠮᠠᠭᠠᠯᠠᠬᠤ᠂ ᠵᠠᠮ ᠤᠨ ᠶᠠᠪᠤᠳᠠᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠲᠦᠷᠢᠮ ᠪᠤᠯᠤᠨ ᠮᠡᠷᠭᠡᠵᠢᠯ ᠤᠨ ᠪᠠᠷᠢᠮᠵᠢᠶ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ︔ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠬᠦ ᠪᠠ ᠪᠠᠷᠢᠯᠭ᠎ᠠ ᠶᠢᠨ ᠶᠠᠰᠤ ᠴᠢᠨᠠᠷ᠂ ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠠᠵᠢᠯ ᠢ ᠵᠤᠬᠢᠶᠠᠨ ᠪᠠᠶᠢᠭᠤᠯᠤᠨ᠎ᠠ︔ ᠵᠠᠮ ᠬᠠᠷᠢᠯᠴᠠᠭ᠎ᠠ ᠲᠡᠭᠡᠭᠡᠪᠤᠷᠢ ᠶᠢᠨ ᠰᠠᠭᠤᠷᠢ ᠪᠡᠯᠡᠳᠭᠡᠮᠵᠢ ᠶᠢ ᠬᠠᠮᠢᠶᠠᠷᠬᠤ ᠪᠠ ᠬᠠᠮᠠᠭᠠᠯᠠᠬᠤ ᠶᠢ ᠵᠢᠯᠤᠭᠤᠳᠤᠨ᠎ᠠ᠃      ᠲᠠᠪᠤ᠂ ᠪᠦᠬᠦ ᠰᠢᠶᠠᠨ ᠤ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠬᠤ ᠬᠡᠪᠴᠢᠶ᠎ᠡ ᠪᠠ ᠴᠢᠭᠯᠡᠯ ᠤᠨ ᠰᠠᠨᠠᠯ᠂ ᠰᠠᠨᠠᠭᠤᠯᠭ᠎ᠠ ᠶᠢ ᠰᠤᠳᠤᠯᠤᠨ ᠲᠤᠷᠠᠳᠤᠨ᠎ᠠ᠃      ᠵᠢᠷᠭᠤᠭ᠎ᠠ᠂ ᠵᠠᠮ ᠬᠠᠷᠢᠯᠴᠠᠭᠠᠨ ᠤ ᠠᠵᠢᠯ ᠦᠢᠯᠡᠰ ᠲᠤ ᠬᠡᠷᠡᠭᠰᠡᠬᠦ ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠬᠦ ᠪᠠ ᠲᠤᠰᠬᠠᠢ ᠲᠦᠷᠦᠯ ᠤᠨ ᠪᠡᠯᠡ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠲᠦᠰᠦᠪ ᠤᠨ ᠰᠠᠨᠠᠯ ᠢ ᠰᠤᠳᠤᠯᠤᠨ ᠲᠤᠷᠠᠳᠤᠨ᠎ᠠ︔ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢᠨ ᠲᠦᠷᠦᠯ ᠤᠨ ᠲᠤᠳᠤᠭᠠᠳᠤ ᠶᠢᠨ ᠬᠢᠨᠠᠨ ᠪᠤᠳᠤᠬᠤ ᠠᠵᠢᠯ ᠢ ᠵᠤᠬᠢᠶᠠᠨ ᠪᠠᠶᠢᠭᠤᠯᠤᠨ᠎ᠠ︔ ᠵᠠᠮ ᠬᠠᠷᠢᠯᠴᠠᠭᠠᠨ ᠤ ᠲᠤᠭᠳᠠᠭᠠᠯ ᠢᠶᠠᠷ ᠰᠦᠢᠳᠭᠡᠯ ᠬᠤᠷᠢᠶᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠷᠪᠢ᠊ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠤᠨ᠂ ᠡᠳ᠋ ᠤᠨ ᠵᠠᠰᠠᠭ᠂ ᠭᠠᠵᠠᠷ ᠰᠢᠷᠦᠢ᠂ ᠦᠨ᠎ᠡ ᠬᠠᠩᠰᠢ ᠵᠡᠷᠭᠡ ᠬᠠᠮᠢᠶ᠎ᠠ ᠪᠦᠬᠦᠢ ᠲᠠᠯ᠎ᠠ ᠶᠢᠨ ᠠᠰᠠᠭᠤᠳᠠᠯ ᠳᠤ ᠲᠦᠷᠦ ᠶᠢᠨ ᠪᠤᠳᠤᠯᠭ᠎ᠠ ᠶᠢᠨ ᠰᠠᠨᠠᠯ ᠲᠤᠷᠠᠳᠤᠨ᠎ᠠ᠃      ᠲᠤᠯᠤᠭ᠎ᠠ᠂ ᠤᠰᠤᠨ ᠵᠠᠮ ᠤᠨ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ᠂ ᠬᠠᠮᠠᠭᠠᠯᠠᠯᠳᠠ ᠶᠢ ᠵᠤᠬᠢᠶᠠᠨ ᠪᠠᠶᠢᠭᠤᠯᠤᠨ ᠵᠤᠬᠢᠴᠠᠭᠤᠯᠵᠤ᠂ ᠪᠦᠬᠦ ᠰᠢᠶᠠᠨ ᠤ ᠤᠰᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠤᠰᠤᠨ ᠵᠠᠮ ᠬᠠᠷᠢᠯᠴᠠᠭᠠᠨ ᠢ ᠵᠠᠬᠢᠷᠤᠨ ᠬᠠᠮᠢᠶᠠᠷᠬᠤ᠂ ᠤᠩᠭᠤᠴᠠ ᠰᠡᠯ ᠵᠢᠴᠢ ᠤᠰᠤᠨ ᠲᠡᠭᠡᠷᠡᠬᠢ ᠬᠠᠮᠢᠶ᠎ᠠ ᠪᠦᠬᠦᠢ ᠪᠡᠯᠡᠳᠭᠡᠮᠵᠢ ᠶᠢ ᠰᠢᠯᠭᠠᠨ ᠪᠠᠶᠢᠴᠠᠭᠠᠬᠤ᠂ ᠲᠠᠩᠰᠠᠯᠠᠬᠤ ᠪᠠ ᠪᠤᠬᠢᠷᠳᠤᠯ ᠢ ᠰᠡᠷᠭᠡᠶᠢᠯᠡᠬᠦ᠂ ᠠᠪᠤᠷᠠᠨ ᠲᠤᠰᠠᠯᠠᠬᠤ ᠱᠦᠬᠦᠬᠦ᠂ ᠴᠢᠮᠡᠭᠡ ᠨᠡᠪᠳᠠᠷᠡᠯᠭᠡ ᠪᠠᠷ ᠵᠠᠯᠠᠵᠦ ᠬᠦᠳᠦᠯᠬᠦ᠂ ᠤᠩᠭᠤᠴᠠ ᠰᠡᠯ ᠬᠢᠭᠡᠳ ᠭᠠᠷᠠᠮ ᠤᠨ ᠪᠡᠯᠡᠳᠭᠡᠮᠵᠢ ᠶᠢᠨ ᠠᠮᠤᠷ ᠢ ᠬᠠᠮᠠᠭᠠᠯᠠᠬᠤ ᠵᠢᠴᠢ ᠠᠶᠤᠯᠳᠠᠢ ᠪᠤᠳᠠᠰ ᠲᠡᠭᠡᠭᠡᠪᠤᠷᠢᠯᠡᠬᠦ ᠶᠢ ᠬᠢᠨᠠᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ︔ ᠤᠰᠤᠴᠢᠨ ᠤ ᠬᠠᠮᠢᠶᠠᠷᠤᠯᠳᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ᠨᠠᠢᠮᠠ᠂ ᠪᠦᠬᠦ ᠰᠢᠶᠠᠨ ᠤ ᠵᠠᠮ ᠬᠠᠷᠢᠯᠴᠠᠭᠠᠨ ᠤ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ︔ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠤᠰᠤᠭᠠᠷ ᠵᠤᠬᠢᠶᠠᠨ ᠪᠠᠶᠢᠭᠤᠯᠬᠤ ᠪᠤᠶᠤ ᠲᠡᠭᠦᠨ ᠳᠤ ᠤᠷᠤᠯᠴᠠᠨ᠎ᠠ᠃      ᠶᠢᠰᠦ᠂ ᠰᠢᠶᠠᠨ ᠤ ᠵᠠᠮ ᠬᠠᠷᠢᠯᠴᠠᠭᠠᠨ ᠤ ᠲᠠᠶᠢᠨ ᠤ ᠪᠠᠯᠡᠳᠭᠡᠯ ᠤᠨ ᠠᠯᠪᠠᠨ ᠭᠡᠷ ᠤᠨ ᠡᠳᠤᠷ ᠲᠤᠳᠤᠮ ᠤᠨ ᠠᠵᠢᠯ ᠪᠤᠯᠤᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠵᠦᠪᠯᠡᠯ ᠤᠨ ᠬᠤᠯᠪᠤᠭᠳᠠᠯ ᠪᠦᠬᠦᠢ ᠠᠵᠢᠯ ᠢ ᠡᠬᠦᠷᠭᠡᠯᠡᠨ᠎ᠡ᠃      ᠠᠷᠪᠠ᠂ ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠬᠠᠷᠢᠭᠤᠴᠠᠨ ᠬᠦᠢᠴᠡᠳᠭᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1