ᠬᠥᠬᠡᠬᠤᠲᠠ ᠶᠢᠨ ᠲᠣᠭᠲᠠᠬᠤ ᠰᠢᠶᠠᠨ᠄ ︽ᠲᠠᠪᠤᠨ ᠠᠯᠬᠤᠮ ᠤᠨ ᠠᠷᠭ᠎ᠠ︾ ᠪᠠᠷ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠩᠨᠡᠭᠡ ᠶᠢ ᠬᠦᠴᠦᠷᠬᠡᠭᠵᠢᠭᠦᠯᠦᠨ᠎ᠡ
ᠨᠡᠶᠢᠲᠡᠯᠡᠭᠰᠡᠨ ᠴᠠᠭ᠄
2024/3/11
      ᠬᠥᠬᠡᠬᠤᠲᠠ ᠶᠢᠨ ᠲᠣᠭᠲᠠᠬᠤ ᠰᠢᠶᠠᠨ ᠢᠮᠠᠭᠲᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠢᠯᠡᠳᠦᠯ ᠢᠶᠠᠨ ᠪᠠᠳᠠᠷᠠᠭᠤᠯᠬᠤ ᠶᠢ ᠦᠨᠳᠦᠰᠦᠨ ᠱᠠᠲᠤᠨ ᠤ ᠵᠠᠰᠠᠯᠲᠠ ᠶᠢ ᠪᠠᠲᠤᠳᠬᠠᠬᠤ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠰᠢᠯᠢᠳᠡᠭ ᠢ ᠨᠢ ᠰᠣᠩᠭᠤᠬᠤ᠂ ᠬᠦᠴᠦᠷᠬᠡᠭ ᠢ ᠨᠢ ᠪᠣᠯᠪᠠᠰᠤᠷᠠᠭᠤᠯᠬᠤ᠂ ᠴᠢᠩᠭ᠎ᠠ ᠬᠠᠮᠢᠶᠠᠷᠬᠤ᠂ ᠰᠠᠶᠢᠲᠤᠷ ᠬᠡᠷᠡᠭᠯᠡᠬᠦ ᠲᠠᠯ᠎ᠠ ᠪᠠᠷ ᠬᠦᠴᠦᠯᠡᠨ ᠴᠢᠷᠮᠠᠶᠢᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠪᠠᠷ ᠴᠠᠭᠠᠷᠠᠭᠰᠠᠨ᠂ ᠣᠪᠣᠷ ᠰᠤᠷᠲᠠᠯ ᠢᠶᠠᠷ ᠴᠠᠭᠠᠷᠠᠭᠰᠠᠨ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠩᠨᠡᠭᠡ ᠶᠢ ᠬᠦᠴᠦᠯᠡᠨ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠪᠠ᠃      ᠠᠯᠬᠤᠮ ᠠᠯᠬᠤᠮ ᠢᠶᠠᠷ ︽ᠰᠣᠩᠭᠤᠬᠤ︾ ᠪᠠᠷ ᠭᠠᠷᠳᠠᠴᠠ ᠪᠣᠯᠭᠠᠵᠤ᠂ ᠬᠥᠮᠥᠨ ᠬᠡᠷᠡᠭᠯᠡᠬᠦ ᠠᠷᠭ᠎ᠠ ᠵᠠᠮ ᠢ ᠥᠷᠭᠡᠳᠬᠡᠨ᠎ᠡ᠃ ᠪᠠᠶᠠᠵᠢᠯ ᠤᠨ ᠴᠢᠳᠠᠪᠤᠷᠢᠲᠠᠨ᠂ ᠶᠡᠭᠡ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠪᠠᠭᠤᠭᠰᠠᠳ᠂ ᠬᠤᠳᠠᠯᠳᠤᠭ᠎ᠠ ᠡᠷᠭᠢᠯᠡᠨ ᠨᠤᠲᠤᠭ ᠲᠠᠭᠠᠨ ᠪᠤᠴᠠᠭᠰᠠᠳ ᠤᠨ ᠳᠤᠮᠳᠠ ᠠᠴᠠ ᠴᠢᠳᠠᠪᠤᠷᠢᠲᠠᠨ ᠢᠯᠡᠷᠡᠭᠦᠯᠬᠦ ᠶᠢ ᠴᠢᠬᠤᠯᠠᠴᠢᠯᠠᠵᠤ᠂ ᠪᠡᠯᠡᠳᠬᠡᠯ ᠺᠠᠳ᠋ᠷ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠂ ︽ᠨᠢᠭᠡ ᠬᠥᠮᠥᠨ ᠳᠤ ᠨᠢᠭᠡ ᠲᠠᠩᠰᠠ ᠡᠪᠬᠡᠮᠡᠯ︾ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠨᠠᠷᠢᠯᠢᠭᠵᠢᠭᠤᠯᠤᠭᠰᠠᠨ᠂ ᠨᠠᠷᠢᠯᠢᠭ ᠣᠨᠣᠴᠠᠲᠠᠢ ᠬᠠᠮᠢᠶᠠᠷᠤᠯᠲᠠ ᠶᠢ ᠪᠡᠶᠡᠯᠡᠭᠦᠯᠦᠨ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠪᠠ ᠪᠡᠯᠡᠳᠬᠡᠯ ᠺᠠᠳ᠋ᠷ ᠤᠨ ᠢᠷᠡᠯᠲᠡ ᠶᠢ ᠥᠷᠭᠡᠳᠬᠡᠵᠦ᠂ ︽ᠪᠡᠯᠡᠳᠬᠡᠯ ᠬᠦᠴᠦᠨ︾ ᠢ  ᠴᠢᠩᠭᠠᠳᠬᠠᠨ᠎ᠠ᠃ ︽ᠳᠤᠲᠠᠭᠳᠠᠪᠠᠯ ᠳᠠᠷᠤᠢ ᠲᠣᠬᠢᠷᠠᠭᠤᠯᠬᠤ︾ ᠶᠢ ᠪᠠᠷᠢᠮᠲᠠᠯᠠᠵᠤ᠂ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷ ᠳᠤᠲᠠᠭᠳᠠᠪᠠᠯ ᠨᠥᠬᠦᠵᠦ ᠰᠣᠩᠭᠤᠬᠤ ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠪᠦᠬᠦ ᠶᠠᠪᠤᠴᠠ ᠳᠤ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠬᠢᠨᠠᠨ ᠪᠠᠶᠢᠴᠠᠭᠠᠬᠤ ᠶᠠᠪᠤᠴᠠ ᠶᠢ ᠴᠢᠩᠳᠠᠯᠠᠵᠤ᠂ ᠺᠠᠳ᠋ᠷ ᠤᠨ ᠡᠩᠨᠡᠭᠡᠨ ᠤ ᠴᠡᠪᠡᠷ ᠴᠢᠨᠠᠷ ᠪᠠ ᠬᠡᠷᠡᠭᠯᠡᠭᠡᠨ ᠤ ᠴᠢᠨᠠᠷ ᠢ ᠪᠠᠲᠤᠯᠠᠬᠤ ᠬᠡᠷᠡᠭᠲᠡᠢ᠃ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠢ ᠲᠣᠮᠢᠯᠠᠨ ᠬᠡᠷᠡᠭᠯᠡᠬᠦ ᠪᠠᠷᠢᠮᠵᠢᠶ᠎ᠠ ᠲᠠᠢ ᠴᠢᠩᠭ᠎ᠠ ᠬᠠᠷᠢᠴᠠᠭᠤᠯᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ   ᠠᠴᠠ ᠲᠠᠨᠢᠯᠴᠠᠭᠤᠯᠬᠤ᠂ ᠣᠯᠠᠨ ᠲᠦᠮᠡᠨ ᠲᠠᠨᠢᠯᠴᠠᠭᠤᠯᠬᠤ᠂ ᠬᠤᠪᠢ ᠬᠥᠮᠥᠨ ᠥᠪᠡᠷ ᠢ ᠪᠠᠨ ᠲᠠᠨᠢᠯᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠮᠡᠳᠡᠷᠡᠮᠵᠢ ᠪᠠᠷ ᠥᠨᠳᠥᠷ᠂ ᠠᠵᠢᠯ ᠤᠨ ᠢᠳᠡᠪᠬᠢᠵᠢᠯ ᠢᠶᠠᠷ ᠴᠢᠩᠭ᠎ᠠ᠂ ᠦᠨᠳᠦᠰᠦᠨ ᠱᠠᠲᠤᠨ ᠳᠤ ᠦᠢᠯᠡᠴᠢᠯᠡᠬᠦ ᠳᠤᠷᠠᠲᠠᠢ ᠰᠢᠯᠢᠳᠡᠭ ᠵᠠᠯᠠᠭᠤᠴᠤᠳ ᠢ ᠰᠣᠩᠭᠤᠵᠤ ᠲᠣᠰᠬᠤᠨ ᠤ ᠱᠠᠲᠤᠨ ᠤ ᠪᠡᠯᠡᠳᠬᠡᠯ ᠺᠠᠳ᠋ᠷ ᠤᠨ ᠡᠩᠨᠡᠭᠡ ᠳᠤ ᠤᠷᠤᠭᠤᠯᠤᠨ᠎ᠠ᠃      ᠬᠤᠶᠠᠳᠤᠭᠠᠷ ᠠᠯᠬᠤᠮ ᠳᠤ ︽ᠰᠢᠭᠦᠬᠦ︾ ᠪᠠᠷ ᠵᠠᠩᠭᠢᠯᠠᠭ᠎ᠠ ᠶᠢᠨ ᠴᠡᠭ ᠪᠣᠯᠭᠠᠵᠤ᠂ ᠰᠣᠩᠭᠤᠨ ᠬᠡᠷᠡᠭᠯᠡᠬᠦ ᠶᠠᠪᠤᠴᠠ ᠶᠢ ᠵᠢᠷᠤᠮᠵᠢᠭᠤᠯᠤᠨ᠎ᠠ᠃ ᠵᠢᠱᠢᠭᠳᠡᠭᠴᠢ ᠶᠢᠨ ᠣᠷᠣᠬᠤ ᠪᠣᠭᠤᠮᠲᠠ ᠶᠢ ᠴᠢᠩᠭ᠎ᠠ ᠠᠳᠬᠤᠵᠤ᠂ ᠵᠣᠷᠢᠭᠲᠠᠢ ᠪᠠᠷ ᠡᠭᠦᠷᠭᠡᠯᠡᠬᠦ᠂ ᠵᠣᠷᠢᠭᠲᠠᠢ ᠪᠠᠷ ᠬᠦᠴᠢᠷ ᠢ ᠲᠤᠭᠤᠯᠬᠤ᠂ ᠵᠣᠷᠢᠭᠲᠠᠢ ᠪᠠᠷ ᠰᠢᠨ᠎ᠡ ᠶᠢ ᠡᠭᠦᠳᠬᠦ ᠰᠢᠯᠢᠳᠡᠭ ᠴᠢᠳᠠᠪᠤᠷᠢᠲᠠᠨ ᠢ ᠶᠡᠬᠡᠪᠡᠷ ᠰᠢᠯᠢᠨ‌‍ᠰᠤᠩᠭᠤᠨ᠎ᠠ︔ 17 ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠪᠠᠶᠢᠴᠠᠭᠠᠵᠤ ᠪᠣᠭᠤᠮᠲᠠ ᠰᠠᠬᠢᠵᠤ᠂ ᠡᠷᠡᠭᠦᠦ ᠰᠢᠢᠳᠭᠡᠯ ᠣᠯᠵᠤ ᠥᠩᠭᠡᠷᠡᠭᠰᠡᠨ ᠪᠤᠶᠤ ᠵᠣᠭᠤᠰ ᠨᠠᠭᠠᠳᠬᠤ᠂ ᠵᠣᠳᠣᠭᠠᠨ ᠬᠢᠭᠰᠡᠨ ᠠᠴᠠ ᠪᠣᠯᠵᠤ ᠵᠠᠰᠠᠭ ᠵᠠᠬᠢᠷᠭᠠᠨ ᠢᠶᠠᠷ ᠲᠦᠷ ᠬᠤᠷᠢᠭᠳᠠᠭᠰᠠᠨ ᠵᠡᠷᠭᠡ ᠶᠠᠯ᠎ᠠ ᠬᠢᠵᠦ ᠥᠩᠭᠡᠷᠡᠭᠰᠡᠨ ᠮᠠᠭᠤ ᠶᠠᠪᠤᠳᠠᠯ ᠲᠠᠢ ᠬᠥᠮᠥᠰ ᠢ ᠡᠭᠦᠳᠡᠨ ᠭᠠᠳᠠᠨ᠎ᠠ ᠡᠷᠡᠰ ᠢᠶᠠᠷ ᠬᠠᠰᠢᠨ᠎ᠠ︔ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠬᠠᠢ ᠶᠢᠨ ᠬᠤᠭᠤᠴᠠᠭᠠᠨ ᠤ ᠳᠤᠮᠳᠠ ᠲᠣᠬᠢᠷᠠᠭᠤᠯᠤᠯᠲᠠ ᠬᠢᠵᠦ ᠳᠠᠩᠰᠠᠯᠠᠬᠤ ᠲᠡᠰ ᠳᠠᠷᠠᠭᠠᠯᠠᠯ ᠢᠶᠠᠷ ᠳᠦᠷᠢᠮᠵᠢᠭᠦᠯᠦᠨ ᠠᠬᠢᠭᠤᠯᠬᠤ᠂ ᠪᠠᠷᠢᠮᠵᠢᠶᠠᠵᠢᠭᠤᠯᠤᠨ ᠬᠡᠷᠡᠭᠵᠢᠭᠦᠯᠬᠦ ᠠᠵᠢᠯ ᠤᠨ ᠪᠠᠶᠢᠷᠢᠰᠢᠯ ᠢ  ᠪᠦᠷᠢᠯᠳᠦᠭᠦᠯᠦᠨ᠎ᠡ᠃       ᠭᠤᠷᠪᠠᠳᠤᠭᠠᠷ ᠠᠯᠬᠤᠮ ᠳᠤ ︽ᠬᠥᠮᠥᠵᠢᠭᠦᠯᠬᠦ︾ ᠪᠠᠷ ᠬᠦᠴᠦᠯᠡᠬᠦ ᠴᠡᠭ ᠪᠣᠯᠭᠠᠵᠤ᠂ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠬᠥᠮᠦᠵᠢᠯ ᠪᠣᠯᠪᠠᠰᠤᠷᠠᠯ ᠢ ᠴᠢᠩᠭᠠᠳᠬᠠᠬᠤ ᠶᠢ ᠲᠣᠰᠬᠤᠨ ᠤ ︽ᠬᠤᠶᠠᠷ ᠵᠥᠪᠯᠡᠯ︾ ᠤᠨ ᠺᠠᠳ᠋ᠷᠴᠤᠳ ᠤᠨ ᠬᠡᠪ ᠴᠢᠨᠠᠷ ᠪᠣᠯᠣᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠭᠠᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ  ᠡᠳᠦᠷᠯᠢᠭ ᠵᠡᠷᠭᠡ ᠠᠵᠢᠯᠯᠠᠭ᠎ᠠ ᠳᠤ ᠲᠦᠰᠢᠭᠯᠡᠵᠦ᠂ ᠬᠡᠷᠡᠭ ᠤᠨ ᠵᠢᠱᠢᠶ᠎ᠡ ᠪᠠᠷ ᠵᠢᠭᠠᠨ ᠰᠤᠷᠭᠠᠬᠤ᠂ ᠤᠬᠠᠭᠤᠯᠤᠨ ᠲᠠᠶᠢᠯᠪᠤᠷᠢᠯᠠᠬᠤ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ ᠸᠢᠳᠢᠤ᠋ ᠪᠠᠷ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠲᠣᠰᠬᠤᠨ ᠤ ︽ᠬᠤᠶᠠᠷ ᠵᠥᠪᠯᠡᠯ︾ ᠤᠨ ᠺᠠᠳ᠋ᠷᠴᠤᠳ ᠢ ᠵᠣᠬᠢᠶᠠᠨ ᠪᠠᠶᠢᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠲᠠᠢ ᠨᠢᠭᠲᠠ ᠤᠶᠠᠯᠳᠤᠭᠤᠯᠤᠨ ᠰᠤᠷᠤᠯᠴᠠᠯᠭ᠎ᠠ ᠦᠷᠨᠢᠭᠦᠯᠦᠨ᠎ᠡ ᠃ ᠰᠤᠷᠤᠯᠴᠠᠯᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠵᠤ᠂ ᠰᠦᠯᠵᠢᠶᠡᠨ ᠳᠡᠭᠡᠷ᠎ᠡ ᠡᠪ ᠬᠠᠮᠲᠤ ᠨᠠᠮ ᠤᠨ ᠭᠡᠰᠢᠭᠦᠨ ᠤ ᠵᠢᠷᠭᠢᠶ᠎ᠡ᠂ ᠤᠮᠠᠷᠠᠲᠤ ᠬᠢᠯᠢ ᠶᠢᠨ ᠬᠤᠰᠢᠭᠤᠴᠢ᠂ ᠬᠥᠬᠡᠬᠤᠲᠠ ᠶᠢᠨ ᠬᠤᠰᠢᠭᠤᠴᠢ᠂  ᠶᠦᠨ ᠵᠦᠩ ᠬᠤᠰᠢᠭᠤᠴᠢ ᠵᠡᠷᠭᠡ ᠬᠤᠰᠢᠭᠤᠴᠢ ᠰᠢᠷᠢᠰ ᠲᠠᠪᠴᠠᠩ ᠳᠤ ᠲᠦᠰᠢᠭᠯᠡᠨ ᠬᠤᠪᠢ ᠬᠥᠮᠥᠨ ᠤ ᠥᠪᠡᠷ ᠢᠶᠠᠨ ᠰᠤᠷᠤᠯᠴᠠᠬᠤ ᠶᠢ ᠥᠷᠨᠢᠭᠦᠯᠦᠨ᠎ᠡ︔ ᠰᠦᠯᠵᠢᠶᠡᠨ ᠠᠴᠠ ᠭᠠᠳᠠᠨ᠎ᠠ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ᠂ ᠲᠤᠰᠬᠠᠢ ᠲᠥᠷᠥᠯ ᠤᠨ ᠲᠤᠬᠠᠶᠢᠯᠠᠭᠰᠠᠨ ᠠᠵᠢᠯ ᠤᠨ  ᠪᠤᠯᠪᠠᠰᠤᠷᠠᠯ ᠬᠢᠬᠦ᠂ ᠬᠤᠷᠠᠯ ᠢᠶᠠᠷ ᠪᠤᠯᠪᠠᠰᠤᠷᠠᠯ ᠢ ᠣᠷᠣᠯᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠨᠠᠮ ᠤᠨ ᠪᠠᠶᠢᠭᠤᠯᠤᠯᠲᠠ᠂ ᠨᠠᠮ ᠤᠨ ᠰᠠᠬᠢᠯᠭ᠎ᠠ ᠪᠠᠲᠤ ᠬᠠᠤᠯᠢ ᠲᠣᠭᠲᠠᠭᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠥᠷᠨᠢᠭᠦᠯᠵᠦ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷᠴᠤᠳ ᠤᠨ ᠶᠡᠷᠦᠩᠬᠡᠢ ᠬᠡᠪ ᠴᠢᠨᠠᠷ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠲᠦᠷᠪᠡᠳᠦᠭᠡᠷ ᠠᠯᠬᠤᠮ ᠳᠤ ︽ᠬᠠᠮᠢᠶᠠᠷᠬᠤ︾ ᠪᠠᠷ ᠬᠦᠴᠦᠯᠡᠬᠦ ᠴᠡᠭ ᠪᠣᠯᠭᠠᠵᠤ᠂ ᠡᠩᠨᠡᠭᠡ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠨ᠎ᠠ᠃ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷᠴᠤᠳ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷᠴᠤᠳ ᠤᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠬᠢᠨᠠᠯᠲᠠ ᠲᠠᠯᠪᠢᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ︽ᠭᠤᠷᠪᠠᠨ ᠶᠠᠪᠤᠳᠠᠯ ᠢ ᠢᠯᠡ ᠪᠣᠯᠭᠠᠬᠤ︾ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠣᠰᠬᠤᠨ ᠤ ᠱᠠᠲᠤᠨ ᠤ ᠴᠢᠬᠤᠯᠠ ᠶᠡᠭᠡ ᠬᠡᠷᠡᠭ ᠶᠠᠪᠤᠳᠠᠯ ᠤᠨ ᠰᠢᠢᠳᠪᠦᠷᠢᠲᠦ ᠪᠣᠳᠣᠯᠭ᠎ᠠ ᠶᠢ ᠳᠦᠷᠢᠮᠵᠢᠭᠦᠯᠬᠦ᠂ ᠠᠷᠠᠳᠴᠢᠯᠠᠬᠤ᠂ ᠵᠢᠷᠤᠮᠵᠢᠭᠤᠯᠬᠤ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ︔ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠤᠨ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠢᠯ ᠤᠨ ᠪᠦᠲᠦᠮᠵᠢ ᠲᠣᠪᠣᠶᠢᠮ᠎ᠠ ᠨᠥᠬᠦᠳ ᠢ ᠰᠠᠶᠢᠰᠢᠶᠠᠵᠤ᠂ ᠠᠵᠢᠯ ᠤᠨ ᠪᠠᠶᠢᠳᠠᠯ ᠨᠢ ᠪᠠᠷᠤᠭᠲᠠᠢ᠂ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠨᠢ ᠠᠨᠠᠢ ᠨᠥᠬᠦᠳ ᠢ ᠴᠠᠭ ᠲᠤᠬᠠᠢ ᠳᠤᠨᠢ ᠰᠠᠨᠠᠭᠤᠯᠤᠨ ᠶᠠᠷᠢᠯᠴᠠᠵᠤ᠂ ︽ᠶᠠᠭᠠᠬᠢᠪᠠᠯ ᠰᠠᠶ᠋ᠢ ᠰᠠᠶᠢᠲᠤᠷ ᠬᠢᠵᠦ ᠴᠢᠳᠠᠬᠤ︾ ᠠᠰᠠᠭᠤᠳᠠᠯ ᠢ ᠦᠨᠡᠨᠬᠦ ᠰᠢᠢᠳᠪᠦᠷᠢᠯᠡᠨ᠎ᠡ︔ ᠲᠣᠰᠬᠤᠨ ᠤ ︽ᠬᠤᠶᠠᠷ ᠵᠥᠪᠯᠡᠯ︾ ᠤᠨ ᠺᠠᠳ᠋ᠷᠴᠤᠳ ᠤᠨ ᠠᠵᠢᠯ ᠬᠢᠬᠦ ᠤᠷᠮ᠎ᠠ ᠵᠣᠷᠢᠭ ᠢ ᠬᠥᠭᠵᠢᠭᠡᠵᠦ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷᠴᠤᠳ ᠤᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠶᠢ ᠠᠬᠢᠭᠤᠯᠤᠨ᠎ᠠ᠃      ᠲᠠᠪᠤᠳᠤᠭᠠᠷ ᠠᠯᠬᠤᠮ ᠳᠤ ︽ᠬᠡᠷᠡᠭᠯᠡᠬᠦ︾ ᠪᠠᠷ ᠵᠣᠭᠰᠣᠴᠠ ᠪᠣᠯᠭᠠᠵᠤ᠂ ᠬᠥᠲᠥᠯᠥᠨ ᠵᠢᠯᠤᠭᠤᠳᠴᠤ ᠤᠷᠮᠠᠰᠢᠭᠤᠯᠬᠤ ᠶᠢ ᠴᠢᠩᠭᠠᠳᠬᠠᠨ᠎ᠠ᠃ ᠣᠯᠭᠤᠮᠵᠢ ᠶᠢᠨ ᠪᠠᠲᠤᠯᠠᠭ᠎ᠠ ᠶᠢ ᠲᠠᠰᠤᠷᠠᠯᠲᠠ ᠦᠭᠡᠢ ᠴᠢᠩᠭᠠᠷᠠᠭᠤᠯᠬᠤ ᠶᠢᠨ ᠵᠡᠷᠭᠡ ᠳᠤ᠂ ᠤᠷᠮᠠᠰᠢᠭᠤᠯᠵᠤ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠱᠠᠩᠨᠠᠯ ᠤᠨ ᠨᠡᠮᠡᠭᠳᠡᠯ ᠤᠨ ᠬᠡᠮᠵᠢᠶ᠎ᠡ︾ ᠶᠢ ︽ᠦᠯᠡᠳᠡᠭᠡᠯ ᠬᠡᠮᠵᠢᠶ᠎ᠡ ᠶᠢ ᠱᠠᠩᠨᠠᠬᠤ︾ ᠦᠭᠡᠢ ᠪᠠᠶᠢᠬᠤ ᠶᠢ ᠪᠠᠷᠢᠮᠲᠠᠯᠠᠨ᠂ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠴᠢᠬᠤᠯᠠᠴᠢᠯᠠᠬᠤ ᠪᠠᠷ ᠪᠠᠷᠠᠬᠤ ᠦᠭᠡᠢ ᠪᠠᠰᠠ ᠪᠠᠶᠢᠭ᠎ᠠ ᠲᠣᠰᠬᠤᠨ ᠤ ᠠᠵᠢᠯ ᠤᠨ ᠰᠠᠭᠤᠷᠢ ᠬᠢᠭᠡᠳ ᠨᠥᠬᠦᠴᠡᠯ ᠤᠨ ᠠᠳᠠᠯᠢ ᠪᠤᠰᠤ ᠶᠢ ᠭᠦᠢᠴᠡᠳ ᠪᠤᠳᠤᠯᠬᠢᠯᠠᠨ᠎ᠠ᠃ ᠨᠡᠮᠡᠭᠳᠡᠯ ᠤᠨ ᠬᠡᠮᠵᠢᠶ᠎ᠡ ᠨᠢ ᠢᠯᠡᠷᠬᠡᠢ ᠪᠠᠶᠢᠪᠠᠯ᠂ ᠤᠷᠢᠳ ᠢᠶᠠᠷ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢᠶᠠᠷ ᠲᠠᠨᠢᠯᠴᠠᠭᠤᠯᠤᠨ᠎ᠠ᠃ ᠳᠡᠮᠡᠢ ᠶᠡᠭᠡ ᠬᠤᠪᠢᠷᠠᠯᠲᠠ ᠦᠭᠡᠢ ᠪᠣᠯ ᠰᠢᠶᠠᠩ ᠪᠠᠯᠭᠠᠰᠤᠨ ᠤ ᠱᠦᠵᠢ ᠰᠠᠨᠠᠭᠤᠯᠤᠨ ᠶᠠᠷᠢᠯᠴᠠᠨ᠎ᠠ︔ ᠠᠵᠢᠯ ᠠᠴᠠ ᠪᠠᠨ ᠪᠠᠭᠤᠬᠤ ᠦᠭᠡᠢ ᠪᠣᠯ ᠵᠣᠬᠢᠶᠠᠨ ᠪᠠᠶᠢᠭᠤᠯᠬᠤ ᠬᠡᠯᠲᠡᠰ ᠠᠴᠠ ᠪᠣᠯᠵᠣᠨ ᠶᠠᠷᠢᠯᠴᠠᠨ᠎ᠠ᠂ ᠦᠢᠯᠡ ᠪᠠᠶᠢᠳᠠᠯ ᠨᠢ ᠬᠦᠨᠳᠦ ᠨᠣᠴᠢᠲᠠᠢ᠂ ᠦᠷᠭᠦᠯᠵᠢᠯᠡᠨ ᠲᠤᠰᠢᠶᠠᠯ ᠬᠠᠷᠢᠭᠤᠴᠠᠬᠤ ᠳᠤ ᠲᠣᠬᠢᠷᠠᠮᠵᠢ ᠦᠭᠡᠢ ᠶᠢ ᠨᠢ ᠡᠷᠡᠰ ᠢᠶᠠᠷ ᠲᠣᠬᠢᠷᠠᠭᠤᠯᠵᠤ ᠤᠭᠴᠠᠷᠠᠭᠤᠯᠤᠨ ᠰᠣᠯᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1