ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠣᠯᠣᠳᠤᠭᠠᠷ | ᠪᠦᠯᠦᠭ ᠤᠨ ︽ᠥᠪᠥᠷ ᠮᠣᠩᠭᠤᠯ ᠤᠨ ᠬᠠᠭᠤᠴᠢᠨ ᠨᠠᠷᠠᠲᠤ ᠲᠡᠮᠳᠡᠭᠳᠦ︾ ᠶᠢᠨ ᠨᠡᠷᠡᠰ ᠢ ᠨᠡᠶᠢᠲᠡᠯᠡᠵᠦ᠂ ᠥᠪᠥᠷ | ᠮᠣᠩᠭᠤᠯ ᠤᠨ ᠳ᠋ᠠ ᠲᠠᠩ ᠡᠮ ᠤᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠴᠠᠩ ᠷᠧᠨ ᠲᠠᠩ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠶᠦᠨ ᠵᠥᠩ ᠠᠷᠢᠬᠢᠨ ᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠦᠷᠢᠨ | ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 4 ᠠᠵᠤ ᠠᠬᠤᠶᠢᠯᠠᠯ ᠦᠨᠡᠯᠡᠭᠳᠡᠪᠡ᠃ | ᠣᠶᠢᠷ᠎ᠠ ᠶᠢᠨ ᠵᠢᠯ ᠳᠤ᠂ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠥᠬᠡᠬᠤᠲᠠ ᠶᠢᠨ | ᠬᠠᠭᠤᠴᠢᠨ ᠨᠠᠷᠠᠲᠤ ᠲᠥᠷᠥᠯ ᠲᠡᠮᠳᠡᠭᠲᠦ ᠶᠢᠨ ᠡᠬᠢ ᠪᠠᠶᠠᠯᠢᠭ ᠢ ᠢᠳᠡᠪᠬᠢᠲᠡᠢ ᠪᠠᠷ ᠠᠭᠤᠳᠠᠯᠵᠤ᠂ ᠬᠠᠭᠤᠴᠢᠨ ᠨᠠᠷᠠᠲᠤ | ᠲᠥᠷᠥᠯ ᠲᠡᠮᠳᠡᠭᠲᠦ ᠶᠢ ᠤᠯᠠᠮᠵᠢᠯᠠᠨ ᠬᠠᠮᠠᠭᠠᠯᠠᠬᠤ ᠪᠠ ᠬᠥᠭᠵᠢᠭᠦᠯᠬᠦ ᠶᠢ ᠲᠦᠯᠬᠢᠨ ᠠᠬᠢᠭᠤᠯᠵᠤ᠂ ᠬᠠᠭᠤᠴᠢᠨ | ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠱᠠᠲᠤ ᠳᠠᠷᠠᠭᠠᠯᠠᠨ ᠮᠠᠭᠠᠳᠯᠠᠨ ᠲᠣᠭᠲᠠᠭᠠᠬᠤ᠂ | ᠱᠠᠲᠤ ᠱᠠᠲᠤ ᠪᠠᠷ ᠪᠣᠶᠢᠵᠢᠭᠤᠯᠬᠤ ᠬᠠᠭᠤᠴᠢᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠷᠢᠰᠢᠯ ᠢ | ᠪᠣᠶ ᠪᠣᠯᠭᠠᠪᠠ᠃ ᠣᠲᠣ ᠪᠣᠯᠲᠠᠯ᠎ᠠ᠂ ᠬᠥᠬᠡᠬᠤᠲᠠ ᠶᠢᠨ 13 ᠠᠵᠤ ᠠᠬᠤᠶᠢᠯᠠᠯ ᠨᠢ ︽ᠥᠪᠥᠷ ᠮᠣᠩᠭᠤᠯ ᠤᠨ | ᠬᠠᠭᠤᠴᠢᠨ ᠨᠠᠷᠠᠲᠤ ᠲᠡᠮᠳᠡᠭᠳᠦ︾ ᠪᠠᠷ ᠦᠨᠡᠯᠡᠭᠳᠡᠵᠦ᠂ ᠡᠭᠦᠨ ᠳᠤ 3 ᠠᠵᠤ ᠠᠬᠤᠶᠢᠯᠠᠯ ᠨᠢ ︽ᠳᠤᠮᠳᠠᠳᠤ ᠶᠢᠨ | ᠬᠠᠭᠤᠴᠢᠨ ᠨᠠᠷᠠᠲᠤ ᠲᠡᠮᠳᠡᠭᠳᠦ︾ ᠶᠢᠨ ᠴᠣᠯᠠ ᠶᠢ ᠵᠡᠷᠭᠡ ᠪᠠᠷ ᠭᠥᠷᠳᠡᠪᠡ᠃ | ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ | ᠬᠠᠭᠤᠴᠢᠨ ᠨᠠᠷᠠᠲᠤ ᠲᠡᠮᠳᠡᠭᠳᠦ︾ ᠠᠵᠤ ᠠᠬᠤᠶᠢᠯᠠᠯ ᠢ ᠠᠭᠤᠳᠠᠯᠬᠤ᠂ ᠤᠯᠠᠮᠵᠢᠯᠠᠬᠤ ᠪᠠ ᠬᠠᠮᠠᠭᠠᠯᠠᠬᠤ ᠠᠵᠢᠯ ᠢ | ᠦᠷᠭᠦᠯᠵᠢᠯᠡᠨ ᠴᠢᠩᠭᠠᠳᠬᠠᠵᠤ᠂ ᠬᠠᠭᠤᠴᠢᠨ ᠨᠠᠷᠠᠲᠤ ᠲᠡᠮᠳᠡᠭᠳᠦ ᠠᠵᠤ ᠠᠬᠤᠶᠢᠯᠠᠯ ᠤᠨ ᠠᠷᠠᠯᠵᠢᠶ᠎ᠠ | ᠬᠤᠳᠠᠯᠳᠤᠭᠠᠨ ᠤ ᠭᠦᠢᠯᠭᠡᠭᠡ᠂ ᠬᠡᠷᠡᠭᠯᠡᠭᠡ ᠶᠢ ᠠᠬᠢᠭᠤᠯᠬᠤ᠂ ᠮᠡᠷᠭᠡᠵᠢᠯ ᠤᠨ ᠰᠢᠨ᠎ᠡ ᠶᠢ ᠡᠭᠦᠳᠬᠦ᠂ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ᠂ ᠰᠣᠶᠣᠯ ᠤᠨ ᠤᠯᠠᠮᠵᠢᠯᠠᠯ ᠵᠡᠷᠭᠡ ᠲᠠᠯ᠎ᠠ ᠪᠠᠷ ᠵᠢᠱᠢᠶ᠎ᠡ ᠦᠵᠡᠭᠦᠯᠦᠨ ᠬᠥᠲᠥᠯᠥᠨ | ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠡᠭᠦᠨ ᠤ ᠬᠠᠮᠲᠤ᠂ ︽ᠬᠠᠭᠤᠴᠢᠨ ᠨᠠᠷᠠᠲᠤ ᠲᠡᠮᠳᠡᠭᠳᠦ︾ | ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠬᠠᠭᠤᠴᠢᠨ ᠨᠠᠷᠠᠲᠤ ᠲᠡᠮᠳᠡᠭᠲᠦ︾ ︽ᠨᠠᠷᠠᠲᠤ ᠲᠡᠮᠳᠡᠭᠲᠦ | ᠳᠤᠮᠳᠠᠳᠤ ᠶᠢᠨ ᠠᠶᠠᠯᠠᠯ︾ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠬᠠᠭᠤᠴᠢᠨ ᠨᠠᠷᠠᠲᠤ ᠲᠡᠮᠳᠡᠭᠲᠦ ᠶᠢᠨ | ᠭᠦᠢᠯᠭᠡᠭᠡᠨ ᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠨ᠂ ᠬᠡᠷᠡᠭᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ | ᠬᠡᠷᠡᠭᠯᠡᠭᠡᠨ ᠤ ᠲᠠᠰ ᠳᠡᠪᠰᠢᠬᠦ ᠶᠢ ᠠᠬᠢᠭᠤᠯᠤᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |