ᠲᠤᠭᠳᠠᠬᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ  ᠮᠢᠩᠭᠠᠨ ᠲᠣᠰᠬᠤᠨ ᠲᠦᠮᠡᠨ ᠡᠷᠦᠬᠡ ᠳᠤ ᠲᠥᠷᠥ ᠶᠢᠨ ᠪᠣᠳᠣᠯᠭ᠎ᠠ ᠬᠦᠷᠭᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/11
      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠨᠡᠶᠢᠭᠡᠮ ᠤᠨ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ᠂ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠡᠷᠬᠡ ᠠᠰᠢᠭ ᠢ ᠨᠠᠩ ᠰᠠᠶᠢᠨ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠲᠤᠭᠳᠠᠬᠤ ᠰᠢᠶᠠᠨ ᠤ ᠨᠡᠶᠢᠭᠡᠮ ᠤᠨ ᠳᠠᠭᠠᠳᠬᠠᠯ ᠤᠨ ᠲᠥᠪ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ︽ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ  ᠮᠢᠩᠭᠠᠨ ᠲᠣᠰᠬᠤᠨ ᠲᠦᠮᠡᠨ ᠡᠷᠦᠬᠡ ᠳᠤ ᠲᠥᠷᠥ ᠶᠢᠨ ᠪᠣᠳᠣᠯᠭ᠎ᠠ ᠬᠦᠷᠭᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠠᠬᠤᠢ ᠲᠠᠯᠠᠪᠠᠶ ᠳᠤ᠂ ᠬᠥᠨᠳᠡᠯᠡᠨ ᠪᠢᠴᠢᠭᠡᠰᠦ ᠪᠠᠷ ᠤᠬᠠᠭᠤᠯᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠣᠯᠭᠤᠮᠵᠢ ᠠᠪᠬᠤ᠂ ᠣᠨ ᠤ ᠭᠡᠷᠡᠴᠢᠯᠡᠭᠡ ᠬᠢᠬᠦ᠂ ᠣᠷᠣᠰᠢᠭᠤᠯᠭ᠎ᠠ ᠶᠢᠨ ᠨᠥᠬᠦᠪᠦᠷᠢ ᠮᠥᠩᠭᠦ ᠪᠠ ᠨᠡᠶᠢᠭᠡᠮ ᠤᠨ ᠳᠠᠭᠠᠳᠬᠠᠯ ᠤᠨ ᠺᠠᠷᠲ ᠵᠡᠷᠭᠡ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠬᠤ ᠶᠢᠨ ᠬᠠᠮᠲᠤ ᠣᠯᠠᠨ ᠲᠦᠮᠡᠨ ᠳᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ ᠂ ᠣᠯᠠᠨ ᠲᠦᠮᠡᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠶᠢᠨ ᠵᠣᠪᠠᠨᠢᠯ ᠢ ᠠᠷᠢᠯᠭᠠᠵᠤ᠂ ᠠᠷᠠᠳ ᠣᠯᠠᠨ ᠤ ᠮᠠᠭᠲᠠᠭᠠᠯ ᠰᠠᠶᠢᠰᠢᠶᠠᠯ ᠢ ᠣᠯᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠲᠤᠭᠳᠠᠬᠤ ᠰᠢᠶᠠᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠠᠵᠢᠯᠲᠠᠳ ᠣᠯᠠᠨ ᠲᠦᠮᠡᠨ ᠲᠠᠢ ᠣᠶᠢᠷ᠎ᠠ ᠵᠠᠢ ᠠᠴᠠ ᠬᠠᠷᠢᠯᠴᠠᠵᠤ᠂ ᠠᠷᠠᠳ ᠣᠯᠠᠨ ᠤ ᠲᠤᠯᠭᠠᠮ᠎ᠠ ᠠᠩᠬᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ ᠠᠰᠠᠭᠤᠳᠠᠯ ᠢ ᠦᠨᠡᠨ ᠬᠦ ᠣᠶᠢᠯᠠᠭᠠᠭᠰᠠᠨ ᠪᠥᠭᠡᠳ ᠪᠠᠰᠠ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠲᠤᠬᠠᠢ ᠰᠡᠵᠢᠭ ᠢ ᠨᠢ ᠬᠠᠷᠢᠭᠤᠯᠵᠤ᠂ ᠣᠯᠠᠨ ᠲᠦᠮᠡᠨ ᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠯᠲᠠ ᠶᠢ ᠨᠢ ᠳᠡᠭᠡᠭᠰᠢᠯᠡᠭᠦᠯᠵᠦ᠂ ᠣᠯᠠᠨ ᠲᠦᠮᠡᠨ ᠲᠠᠢ ᠣᠶᠢᠷᠠᠲᠤᠭᠤᠯᠤᠭᠰᠠᠨ ᠪᠠᠶᠢᠨ᠎ᠠ᠃ ᠲᠤᠭᠳᠠᠬᠤ ᠰᠢᠶᠠᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠬᠢᠨ ᠣᠯᠠᠨ ᠲᠦᠮᠡᠨ ᠳᠤ ᠦᠨᠡᠨᠬᠦ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ   ᠢ ᠰᠢᠢᠳᠪᠦᠷᠢᠯᠡᠨ ᠥᠭᠴᠦ᠂ ᠪᠦᠬᠦ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠤᠨ ᠡᠷᠡᠭᠦᠯ ᠢᠶᠠᠷ ᠬᠥᠭᠵᠢᠬᠦ   ᠶᠢ ᠠᠬᠢᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1