ᠵᠠᠰᠠᠭ ᠤᠨ ᠣᠷᠳᠣᠨ ᠪᠠᠩᠬᠢ ᠶᠢᠨ ᠬᠠᠮᠲᠤᠷᠠᠯᠴᠠᠭᠠᠨ ᠤ ᠰᠢᠨ᠎ᠡ ᠵᠠᠭᠪᠤᠷ ᠨᠢ ᠠᠵᠤ ᠠᠬᠤᠶᠢᠯᠠᠯ ᠢ ᠨᠡᠭᠡᠭᠡᠨ ᠡᠷᠬᠢᠯᠡᠬᠦ ᠳᠤ ᠨᠡᠩ ᠲᠦᠭᠦᠮ ᠪᠤᠯᠭᠠᠪᠠ
ᠨᠡᠶᠢᠲᠡᠯᠡᠭᠰᠡᠨ ᠴᠠᠭ᠄
2024/3/11
      ︽︿ᠲᠣᠬᠢᠲᠠᠢ ᠰᠠᠶᠢᠬᠠᠨ ᠭᠦᠢᠴᠡᠳᠬᠡᠬᠦ﹀ ᠴᠤᠩᠬᠤᠪᠴᠢ ᠪᠣᠯ ᠦᠨᠡᠬᠡᠷ ᠳᠥᠭᠦᠮ ᠶᠤᠮ᠂ ᠨᠢᠭᠡ ᠴᠤᠩᠬᠤᠪᠴᠢ ᠨᠢ ᠡᠵᠡᠩᠨᠡᠯᠲᠡ ᠶᠢᠨ ᠦᠨᠡᠮᠯᠡᠯ ᠠᠪᠴᠤ ᠪᠣᠯᠬᠤ ᠮᠥᠷᠲᠡᠭᠡᠨ ᠪᠠᠰᠠ ᠪᠠᠩᠬᠢ ᠶᠢᠨ ᠳᠠᠩᠰᠠ ᠨᠡᠭᠡᠭᠡᠬᠦ ᠭᠠᠷ ᠭᠦᠢᠴᠡᠳᠬᠡᠯ ᠢ ᠳᠠᠭᠠᠤ ᠳᠤᠨᠢ ᠬᠢᠵᠦ ᠪᠣᠯᠬᠤ ᠪᠥᠭᠡᠳ ᠮᠥᠩᠭᠦᠨ ᠭᠦᠢᠯᠭᠡᠭᠡᠨ ᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠴᠤ ᠠᠰᠠᠭᠤᠨ ᠯᠠᠪᠯᠠᠵᠤ ᠪᠣᠯᠣᠨ᠎ᠠ᠂ ᠡᠨᠡ ᠪᠣᠯ ᠦᠨᠡᠬᠡᠷ ᠳᠥᠭᠦᠮ ᠶᠤᠮ᠂ ᠡᠨᠡ ᠨᠢ ᠮᠢᠨᠤ ᠴᠠᠭ ᠪᠣᠯᠣᠨ ᠥᠪᠡᠷ ᠤᠨ ᠥᠷᠲᠡᠭ ᠢ ᠶᠡᠭᠡ ᠪᠠᠷ ᠠᠷᠪᠢᠯᠠᠭᠰᠠᠨ ᠶᠠᠪᠤᠳᠠᠯ ᠮᠥᠨ︾ ᠭᠡᠵᠤ ᠰᠢᠨ᠎ᠡ ᠪᠠᠷ ᠭᠦᠢᠴᠡᠳᠬᠡᠭᠰᠡᠨ ᠡᠵᠡᠩᠨᠡᠯᠲᠡ ᠶᠢᠨ ᠦᠨᠡᠮᠯᠡᠯ ᠢᠶᠠᠨ ᠠᠪᠤᠭᠰᠠᠨ ᠵᠠᠩ ᠠᠪᠠᠭ᠋ᠠᠢ ᠪᠠᠶᠠᠷᠲᠠᠢ ᠪᠠᠷ ᠬᠡᠯᠡᠪᠡ᠃
     ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠡᠵᠡᠩᠨᠡᠯᠲᠡ ᠶᠢᠨ ᠦᠨᠡᠮᠯᠡᠯ ᠢ ᠭᠦᠢᠴᠡᠳᠬᠡᠬᠦ ᠪᠠ ᠪᠠᠩᠬᠢ ᠶᠢᠨ ᠲᠠᠩᠰᠠᠨ ᠡᠷᠦᠬᠡ ᠨᠡᠭᠡᠭᠡᠬᠦ ᠳᠤ ᠲᠦᠬᠦᠮ ᠦᠵᠡᠭᠦᠯᠬᠦ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠦᠪᠤᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠵᠠᠰᠠᠭ ᠪᠠᠩᠬᠢ ᠶᠢᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠭᠠᠷᠭᠠᠵᠤ᠂ ᠮᠠᠨ ᠤ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠬᠢᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ᠃ ᠨᠢᠭᠡ ᠳᠤ᠂ ᠬᠤᠳᠠᠯᠳᠤᠭᠠᠨ ᠤ ᠶᠠᠪᠤᠳᠠᠯ ᠤᠨ ᠳᠠᠩᠰᠠᠯᠠᠯᠲᠠ ᠶᠢᠨ ᠦᠢᠯᠡᠴᠢᠯᠡᠭᠡ ᠶᠢ ᠪᠠᠩᠬᠢ ᠶᠢᠨ ᠲᠣᠣᠷ ᠴᠡᠭ ᠲᠤ ᠬᠦᠷᠲᠡᠯ᠎ᠡ ᠤᠷᠲᠤᠳᠬᠠᠵᠤ᠂ ᠬᠤᠳᠠᠯᠳᠤᠭᠠᠨ ᠤ ᠪᠠᠩᠬᠢ ᠶᠢᠨ ᠲᠣᠣᠷ ᠴᠡᠭ ᠣᠯᠠᠨ᠂ ᠬᠠᠲᠠᠭᠤ ᠬᠡᠷᠡᠭᠰᠡᠯ ᠰᠠᠶᠢᠨ᠂ ᠦᠢᠯᠡᠴᠢᠯᠡᠭᠡ ᠰᠢᠯᠢᠳᠡᠭ ᠪᠠᠶᠢᠬᠤ ᠳᠠᠪᠠᠭᠤᠯᠢᠭ ᠢ ᠠᠰᠢᠭᠯᠠᠨ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠤᠨ ᠣᠯᠠᠨ ᠲᠦᠮᠡᠨ ᠳᠤ ᠪᠥᠬᠦ ᠶᠠᠪᠤᠴᠠ ᠶᠢᠨ ᠵᠢᠯᠣᠭᠤᠳᠤᠯᠭ᠎ᠠ ᠪᠦᠬᠦᠢ ᠦᠢᠯᠡᠴᠢᠯᠡᠭᠡᠨ ᠤ ᠵᠠᠭᠪᠤᠷ ᠢ ᠬᠠᠩᠭᠠᠨ᠎ᠠ᠃ ᠬᠤᠶᠠᠷ ᠲᠤ᠂ ᠪᠠᠩᠬᠢ ᠶᠢᠨ ᠲᠠᠩᠰᠠᠨ ᠡᠷᠦᠬᠡ ᠨᠡᠭᠡᠭᠡᠬᠦ ᠦᠢᠯᠡᠴᠢᠯᠡᠭᠡ ᠶᠢ ᠠᠵᠤ ᠠᠬᠤᠶᠢᠯᠠᠯ ᠡᠷᠭᠢᠯᠡᠬᠦ ᠴᠤᠩᠬᠤᠪᠴᠢ ᠳᠤ ᠬᠦᠷᠲᠡᠯ᠎ᠡ ᠥᠷᠭᠡᠳᠬᠡᠨ᠎ᠡ᠃ ᠶᠡᠭᠡ ᠲᠢᠩᠬᠢᠮ ᠤᠨ 1 ᠳ᠋ᠤᠭᠡᠷ ᠳᠠᠪᠬᠤᠷᠯᠢᠭ ᠤᠨ ᠪᠠᠷᠠᠭᠤᠨ ᠲᠠᠯ᠎ᠠ ᠳᠤ ︽ᠵᠦᠢ ᠵᠣᠬᠢᠰᠲᠠᠢ ᠭᠦᠢᠴᠡᠳᠬᠡᠬᠦ︾ ᠵᠠᠰᠠᠭ ᠪᠠᠩᠬᠢ ᠶᠢᠨ ᠬᠠᠮᠲᠤᠷᠠᠯᠴᠠᠭᠠᠨ ᠤ ᠴᠤᠩᠬᠤᠪᠴᠢ ᠭᠠᠷᠭᠠᠵᠤ᠂ ᠪᠠᠩᠬᠢ ᠶᠢᠨ ᠠᠵᠢᠯᠲᠠᠨ ᠣᠷᠣᠵᠤ ᠰᠠᠭᠤᠬᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠴᠤᠩᠬᠤᠪᠴᠢ  ᠨᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠠᠶᠢᠭᠤᠯᠬᠤ᠂ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠵᠡᠷᠭᠡ ᠬᠠᠮᠢᠶ᠎ᠠ ᠪᠦᠬᠦᠢ ᠵᠦᠢᠯᠡᠰ ᠤᠨ ᠦᠢᠯᠡᠴᠢᠯᠡᠭᠡ ᠶᠢ ᠥᠷᠨᠢᠭᠦᠯᠬᠦ ᠶᠢᠨ ᠬᠠᠮᠲᠤ᠂ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠳᠤ ᠪᠠᠩᠬᠢ ᠶᠢᠨ ᠲᠠᠩᠰᠠᠨ ᠡᠷᠦᠬᠡ ᠪᠠᠶᠢᠭᠤᠯᠬᠤ᠂ ᠪᠡᠯᠡ ᠮᠥᠩᠭᠦ ᠲᠣᠬᠢᠷᠠᠭᠤᠯᠬᠤ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠠᠩᠭᠠᠵᠤ ᠪᠣᠯᠣᠨ᠎ᠠ᠃ ᠵᠠᠰᠠᠭ ᠤᠨ ᠣᠷᠳᠣᠨ ᠪᠠᠩᠬᠢ ᠶᠢᠨ ᠬᠠᠮᠲᠤᠷᠠᠯᠴᠠᠭ᠎ᠠ ᠶᠢ ᠬᠠᠮᠵᠢᠯᠴᠠᠨ ᠠᠬᠢᠭᠤᠯᠵᠤ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠴᠠᠭ ᠪᠣᠯᠣᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠳᠥᠭᠦᠮᠴᠢᠯᠡᠯᠲᠡ ᠶᠢ ᠪᠠᠭᠠᠰᠬᠠᠵᠤ᠂ ᠠᠵᠤ ᠠᠬᠤᠶᠢᠯᠠᠯ ᠳᠤ ︽ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ︾ ᠬᠠᠩᠭᠠᠨ᠎ᠠ᠃      ᠵᠠᠰᠠᠭ ᠤᠨ ᠶᠠᠪᠤᠳᠠᠯ ᠤᠨ ᠦᠢᠯᠡᠴᠢᠯᠡᠭᠡ + e ᠦᠢᠯᠡᠴᠢᠯᠡᠭᠡᠨ ᠤ ᠴᠤᠩᠬᠤᠪᠴᠢ ᠨᠡᠭᠡᠭᠡᠭᠳᠡᠭᠰᠡᠨ ᠠᠴᠠ ᠨᠠᠰᠢ᠂ ᠠᠵᠢᠯᠲᠠᠳ ᠣᠯᠠᠨ ᠲᠦᠮᠡᠨ ᠤ ᠠᠰᠠᠭᠤᠨ ᠯᠠᠪᠯᠠᠬᠤ ᠶᠢ 700 ᠭᠠᠷᠤᠢ ᠤᠳᠠᠭ᠎ᠠ ᠭᠥᠯᠢᠶᠡᠨ ᠠᠪᠴᠤ᠂ 221 ᠬᠤᠪᠢ ᠲᠤᠬᠠᠶᠢᠯᠠᠭᠰᠠᠨ ᠠᠵᠢᠯ ᠤᠨ ᠭᠦᠢᠴᠡᠳᠬᠡᠯ ᠢ ᠨᠢᠭᠡᠨᠲᠡ ᠪᠡᠶᠡᠯᠡᠭᠦᠯᠦᠭᠰᠡᠨ ᠪᠠᠶᠢᠨ᠎ᠠ᠃        ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠰᠠᠭ ᠵᠠᠬᠢᠷᠭᠠᠨ ᠤ ᠬᠢᠨᠠᠨ  ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠴᠡᠭ ᠤᠨ ᠪᠠᠶᠢᠭᠤᠯᠤᠯᠲᠠ ᠶᠢ ᠠᠬᠢᠭᠤᠯᠤᠨ᠂ ᠬᠠᠮᠲᠤᠷᠠᠯᠴᠠᠭᠠᠨ ᠤ ᠬᠡᠪᠴᠢᠶ᠎ᠡ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠷᠢᠳᠬᠡᠨ ᠳᠠᠩᠰᠠᠯᠠᠬᠤ ᠲᠤᠬᠠᠶᠢᠯᠠᠭᠰᠠᠨ ᠠᠵᠢᠯ ᠪᠠ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠦᠲᠦᠮᠵᠢᠲᠡᠶ ᠵᠣᠯᠭᠠᠭᠤᠯᠵᠤ᠂ ᠣᠯᠠᠨ ᠲᠦᠮᠡᠨ ᠪᠠ ᠠᠵᠤ ᠠᠬᠤᠶᠢᠯᠠᠯ ᠳᠤ ᠨᠠᠩ ᠴᠢᠨᠠᠷ ᠰᠠᠶᠢᠲᠠᠢ᠂ ᠨᠠᠩ ᠲᠦᠷᠭᠡᠨ᠂ ᠨᠠᠩ ᠥᠨᠳᠥᠷ ᠪᠦᠲᠦᠮᠵᠢᠲᠡᠶ ᠦᠢᠯᠡᠴᠢᠯᠡᠭᠡ ᠶᠢ ᠡᠳ᠋ᠯᠡᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1