ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠡᠮᠡᠭᠲᠡᠶᠢᠴᠦᠳ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠲᠣᠬᠤᠨᠢᠭᠤᠯᠬᠤ ᠵᠢᠴᠢ ︽3 · 8︾ ᠤ ᠪᠠᠶᠠᠷ ᠤᠨ ᠤᠷᠠᠨ ᠰᠠᠶᠢᠬᠠᠨ ᠤ ᠲᠣᠭᠯᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2024/3/11
      ᠬᠠᠪᠤᠷ ᠤᠨ ᠡᠬᠢᠨ ᠤ ᠤᠶᠠᠬᠠᠨ ᠰᠠᠯᠬᠢᠨ ᠤ ᠠᠶᠠᠰ ᠢᠶᠠᠷ ᠬᠠᠮᠤᠭ ᠤᠨ ᠰᠠᠶᠢᠬᠠᠨ ᠪᠠᠶᠠᠷ ᠤᠨ ᠡᠳᠦᠷ ︱ 114 ᠳ᠋ᠤᠭᠡᠷ ︽3·8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠪᠤᠯᠤᠯ᠎ᠠ᠂ 3 ᠳ᠋ᠤᠭᠠᠷ ᠰᠠᠷ᠎ᠠ ᠶᠢᠨ 7  ᠤ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ︽3·8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ︽ᠡᠮᠡᠭᠲᠡᠶᠢᠴᠦᠳ ᠨᠠᠮ ᠲᠠᠢ ᠪᠠᠨ ᠬᠦᠰᠡᠯ ᠵᠡᠭᠦᠳᠦ ᠪᠠᠨ ᠲᠡᠷᠭᠡᠯᠰᠢᠭᠦᠯᠵᠦ ᠦᠨᠳᠦᠰᠦᠲᠡᠨ ᠨᠦᠭᠦᠳ ᠪᠦᠯᠬᠦᠮᠳᠡᠯ ᠲᠠᠢ ᠨᠢᠭᠡ ᠭᠡᠷ ᠤᠨ ᠬᠥᠮᠥᠰ︾ ᠭᠡᠬᠦ ᠤᠷᠠᠨ ᠰᠠᠶᠢᠬᠠᠨ ᠤ ᠲᠣᠭᠯᠠᠯᠲᠠ  ᠡᠷᠬᠢᠯᠡᠪᠡ᠃ ᠪᠦᠬᠦ ᠰᠢᠶᠠᠨ ᠤ ᠦᠨᠳᠦᠰᠦᠨ ᠱᠠᠲᠤᠨ ᠠᠴᠠ ᠢᠷᠡᠭᠰᠡᠨ 50 ᠭᠠᠷᠤᠢ ᠡᠮᠡᠭᠲᠡᠢ ᠺᠠᠳ᠋ᠷ ᠪᠣᠯᠣᠨ ᠰᠢᠯᠢᠳᠡᠭ ᠡᠮᠡᠭᠲᠡᠢ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠳᠤᠮᠳᠠ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ ᠪᠣᠯᠣᠨ ᠡᠮᠡᠭᠲᠡᠶᠢᠴᠦᠳ ᠤᠨ ᠲᠡᠷᠢᠭᠦᠨ ᠤ ᠨᠡᠶᠢᠲᠡᠯᠢᠭ ᠲᠥᠯᠥᠭᠡᠯᠡᠭᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠣᠶᠢᠯᠠᠭᠠᠬᠤ ᠣᠷᠳᠣᠨ᠂ ᠬᠠᠲᠤᠨ ᠭᠤᠣᠯ ᠤᠨ ᠤᠷᠠᠨ ᠵᠢᠷᠤᠭ ᠤᠨ ᠣᠷᠳᠣᠨ ᠢ ᠲᠣᠭᠤᠷᠢᠨ ᠦᠵᠡᠪᠡ᠃ ᠲᠤᠬᠠᠢ ᠶᠢᠨ ᠲᠠᠯᠠᠪᠠᠢ ᠶᠢ ᠲᠣᠭᠤᠷᠢᠨ ᠦᠵᠡᠬᠦ ᠠᠭᠤᠷ ᠠᠮᠢᠰᠬᠤᠯ ᠬᠦᠷ ᠬᠥᠭᠵᠢᠶᠡᠨᠲᠡᠢ ᠪᠠᠶᠢᠵᠤ᠂ ᠤᠯᠠᠨ ᠤ ᠰᠤᠷᠤᠯᠴᠠᠬᠤ ᠤᠷᠮ᠎ᠠ ᠵᠣᠷᠢᠭ ᠢ ᠲᠤᠶᠢᠯ ᠤᠨ ᠶᠡᠭᠡ ᠪᠠᠷ ᠬᠥᠭᠵᠢᠭᠡᠵᠡᠢ᠃ ᠠᠵᠢᠯᠯᠠᠭ᠎ᠠ ᠳᠤ ᠣᠷᠣᠯᠴᠠᠭᠰᠠᠨ ᠦᠨᠳᠦᠰᠦᠨ ᠱᠠᠲᠤᠨ ᠤ ᠡᠮᠡᠭᠲᠡᠢ ᠺᠠᠳ᠋ᠷ ᠢᠯᠡᠷᠬᠡᠶᠢᠯᠡᠬᠦ ᠳᠡᠭᠡᠨ᠂ ᠬᠤᠶᠢᠰᠢᠳᠠ ᠶᠢᠨ ᠠᠵᠢᠯ ᠪᠠ ᠠᠮᠢᠳᠤᠷᠠᠯ ᠤᠨ ᠳᠤᠮᠳᠠ ᠪᠠᠨ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠣᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠬᠥᠭ ᠠᠶᠠᠰ ᠢ ᠤᠯᠠᠮ ᠨᠢᠭᠡ ᠠᠯᠬᠤᠮ ᠬᠠᠩᠭᠢᠨᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠨ ᠪᠠᠶᠢᠭᠤᠯᠬᠤ ᠤᠬᠠᠮᠰᠠᠷ ᠢ ᠢᠯᠡ ᠲᠣᠳᠣ᠂ ᠲᠥᠷᠥᠭᠳᠡᠯ ᠲᠠᠢ᠂ ᠪᠦᠲᠦᠮᠵᠢᠲᠡᠶ ᠪᠣᠯᠭᠠᠨ᠎ᠠ ᠭᠡᠵᠡᠢ᠃      ᠲᠣᠭᠯᠠᠯᠲᠠ ᠶᠢᠨ ᠠᠬᠤᠢ ᠲᠠᠯᠠᠪᠠᠢ ᠳᠤ᠂ ᠣᠶᠢᠷ᠎ᠠ ᠶᠢᠨ ᠵᠢᠯ ᠳᠤ᠂ ᠳᠡᠭᠡᠳᠦ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠥᠬᠢᠭᠦᠯᠦᠯ ᠰᠠᠶᠢᠰᠢᠶᠠᠯ ᠢ ᠣᠯᠣᠭᠰᠠᠨ ᠬᠡᠰᠡᠭ ᠰᠢᠯᠢᠳᠡᠭ ᠡᠮᠡᠭᠲᠡᠢ ᠲᠥᠯᠥᠭᠡᠯᠡᠭᠴᠢ ᠲᠠᠶᠢᠰᠠᠨ ᠳᠤ ᠭᠠᠷᠴᠤ᠂ ᠤᠯᠠᠨ ᠤ ᠰᠣᠷᠭᠤᠭ ᠴᠡᠴᠡᠭ ᠪᠣᠯᠣᠨ ᠢᠷᠦᠭᠡᠯ ᠢ ᠬᠦᠯᠢᠶᠡᠨ ᠠᠪᠴᠠᠢ᠃ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠲᠦᠷᠪᠡᠨ ᠵᠦᠩ ᠨᠠᠢᠮᠠᠨ ᠵᠣᠪᠬᠢᠰ ᠤᠨ ᠵᠣᠴᠢᠳ ᠢ ᠪᠠᠶᠠᠷᠯᠠᠨ ᠤᠭᠲᠤᠬᠤ ᠳᠦᠷᠢ ᠪᠠᠶᠢᠳᠠᠯ ᠢ ᠳᠡᠯᠭᠡᠨ ᠦᠵᠡᠭᠦᠯᠵᠡᠢ᠃ ᠭᠤᠶᠢᠳᠠ ᠰᠠᠶᠢᠬᠠᠨ ᠲᠣᠭᠯᠠᠯᠲᠠ ᠨᠢ ᠮᠠᠨ ᠤ ᠰᠢᠶᠠᠨ ᠤ ᠦᠨᠳᠦᠰᠦᠨ ᠱᠠᠲᠤᠨ ᠤ ᠡᠮᠡᠭᠲᠡᠢ ᠺᠠᠳ᠋ᠷ ᠤᠯᠠᠨ ᠲᠦᠮᠡᠨ ᠤ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠦ᠂ ᠠᠭᠤᠤ ᠶᠡᠭᠡ ᠨᠠᠮ ᠤᠨ ᠰᠡᠳᠬᠢᠯ ᠤᠨ ᠳᠠᠭᠤᠨ ᠢ ᠮᠠᠭᠲᠠᠨ ᠰᠠᠶᠢᠰᠢᠶᠠᠭᠰᠠᠨ ᠰᠡᠳᠬᠢᠯ ᠤᠨ ᠳᠠᠭᠤᠨ ᠢ ᠢᠯᠡᠳᠬᠡᠵᠡᠢ᠃      2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠭᠦᠨᠵᠡᠭᠡᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠨᠢ ᠪᠦᠬᠦ ᠰᠢᠶᠠᠨ ᠤ ᠥᠷᠭᠡᠨ ᠣᠯᠠᠨ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠪᠣᠯᠣᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ   ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠶ ᠪᠣᠯᠭᠠᠬᠤ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠪᠦᠬᠦ ᠰᠢᠶᠠᠨ ᠤ ᠡᠯ᠎ᠡ ᠹᠷᠣᠨᠲ᠂ ᠡᠯ᠎ᠡ ᠠᠵᠢᠯ ᠤᠨ ᠪᠠᠶᠢᠷᠢ ᠳᠡᠭᠡᠷ᠎ᠡ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠪᠦᠬᠦ ᠬᠦᠴᠦᠨ ᠢᠶᠠᠨ ᠵᠣᠷᠢᠭᠤᠯᠵᠤ᠂ ᠵᠣᠷᠢᠭᠲᠠᠢ ᠪᠠᠷ ᠤᠷᠤᠰᠬᠠᠯ ᠤᠨ ᠲᠦᠷᠦᠭᠦᠨ ᠳᠤ ᠵᠣᠭᠰᠣᠵᠤ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠲᠠᠢ ᠬᠠᠮᠲᠤ ᠰᠢᠨ᠎ᠡ ᠠᠶᠠᠨ ᠵᠠᠮ᠂ ᠡᠮᠡᠭᠲᠡᠶᠢᠴᠦᠳ ᠤᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠭᠰᠠᠨ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠵᠦ᠂ ᠲᠣᠭᠲᠠᠬᠤ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠪᠠᠶᠢᠭᠤᠯᠤᠭᠳᠠᠭᠰᠠᠨ 75 ᠵᠢᠯ ᠤᠨ ᠤᠢ ᠳᠤ ᠪᠡᠯᠡᠭ ᠬᠦᠷᠭᠡᠶ᠎ᠡ︕ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1