ᠲᠣᠭᠲᠠᠬᠤ ᠰᠢᠶᠠᠨ ᠠᠩᠬ᠎ᠠ ᠤᠳᠠᠭ᠎ᠠ︕
ᠨᠡᠶᠢᠲᠡᠯᠡᠭᠰᠡᠨ ᠴᠠᠭ᠄
2024/3/11
     ᠠᠭᠠᠷ ᠤᠨ ᠳᠤᠯᠠᠭᠠᠨ ᠤ ᠳᠡᠭᠡᠭᠰᠢᠯᠡᠬᠦ ᠶᠢ ᠳᠠᠭᠠᠯᠳᠤᠨ᠂ ᠮᠥᠰᠥ ᠴᠠᠰᠤ ᠬᠠᠶᠢᠯᠤᠨ᠎ᠠ᠃ ᠲᠦᠷᠦᠭᠦᠬᠡᠨ᠂ ᠥᠪᠥᠷ ᠮᠣᠩᠭᠤᠯ ᠤᠨ ᠬᠥᠬᠡᠬᠤᠲᠠ ᠶᠢᠨ ᠲᠣᠭᠲᠠᠬᠤ ᠰᠢᠶᠠᠨ ᠤ ᠬᠠᠲᠤᠨ ᠭᠤᠣᠯ ᠤᠨ ᠴᠢᠭᠢᠭᠯᠢᠭ ᠭᠠᠵᠠᠷ ᠲᠤ ᠬᠤᠨ ᠭᠠᠯᠠᠭᠤ᠂ ᠤᠯᠠᠭᠠᠨ ᠣᠯᠣᠰᠤ ᠨᠤᠭᠤᠰᠤ᠂ ᠬᠠᠯᠢᠭᠤᠨ ᠭᠠᠯᠠᠭᠤ᠂ ᠪᠣᠷᠣ ᠲᠣᠭᠤᠷᠤᠤ ᠵᠡᠷᠭᠡ ᠣᠯᠠᠨ ᠨᠡᠭᠦᠳᠡᠯ ᠤᠨ ᠰᠢᠪᠠᠭᠤᠳ ᠤᠭᠲᠤᠨ ᠠᠪᠴᠢᠷᠠᠯ᠎ᠠ᠂ ᠬᠠᠪᠤᠷ ᠤᠨ ᠠᠭᠤᠷ ᠠᠮᠢᠰᠬᠤᠯ ᠢᠶᠠᠷ ᠪᠢᠯᠬᠠᠮ᠎ᠠ ᠠᠮᠢ ᠠᠬᠤᠢ ᠶᠢᠨ ᠵᠢᠷᠤᠭ ᠰᠢᠭ᠋ ᠬᠠᠷᠠᠭᠳᠠᠨ᠎ᠠ᠃
     ᠠᠩᠬᠠᠷᠤᠭᠤᠰᠢᠲᠠᠢ ᠵᠦᠢᠯ ᠭᠡᠪᠡᠯ᠂ ᠰᠤᠷᠪᠤᠯᠵᠢᠯᠠᠭᠴᠢ ᠨᠡᠭᠦᠳᠡᠯ ᠤᠨ ᠰᠢᠪᠠᠭᠤ   ᠶᠢᠨ ᠣᠷᠣᠰᠢᠨ ᠠᠮᠢᠳᠤᠷᠠᠬᠤ ᠶᠠᠪᠤᠴᠠ ᠳᠤ ᠰᠠᠨᠠᠮᠰᠠᠷ ᠦᠭᠡᠢ ᠪᠠᠷ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠳᠤ ᠪᠠᠶᠢᠭ᠎ᠠ ᠨᠢᠭᠡᠨ ᠠᠯ ᠰᠡᠭᠦᠯ   ᠢ ᠲᠡᠮᠳᠡᠭᠯᠡᠵᠦ ᠠᠪᠴᠠᠢ᠂ ᠰᠢᠪᠠᠭᠤᠨ ᠤ ᠲᠥᠷᠥᠯ ᠤᠨ ᠭᠡᠷᠡᠯ ᠵᠢᠷᠤᠭ ᠠᠪᠬᠤ ᠳᠤᠷᠠᠲᠠᠢ ᠵᠠᠩ ᠵᠢᠶᠠᠨ ᠫᠢᠩ ᠤᠨ ᠲᠠᠨᠢᠯᠴᠠᠭᠤᠯᠤᠭᠰᠠᠨ ᠢᠶᠠᠷ᠄ ︽ᠲᠣᠭᠲᠠᠬᠤ ᠰᠢᠶᠠᠨ ᠤ ᠬᠡᠭᠡᠷ᠎ᠡ ᠭᠠᠳᠠᠨ᠎ᠠ ᠠᠯ ᠰᠡᠭᠦᠯ ᠢ ᠠᠩᠬ᠎ᠠ ᠤᠳᠠᠭ᠎ᠠ ᠲᠡᠮᠳᠡᠭᠯᠡᠵᠦ ᠪᠠᠶᠢᠨ᠎ᠠ︾᠃ ᠣᠶᠢᠷ᠎ᠠ ᠶᠢᠨ ᠵᠢᠯ ᠤᠳ ᠲᠤ᠂ ᠲᠣᠭᠲᠠᠬᠤ ᠰᠢᠶᠠᠨ ᠤ ᠡᠳᠦᠷ ᠢᠷᠡᠬᠦᠶ᠎ᠡ ᠰᠠᠶᠢᠵᠢᠷᠠᠵᠤ ᠪᠠᠶᠢᠭ᠎ᠠ ᠠᠮᠢ ᠠᠬᠤᠢ ᠶᠢᠨ ᠣᠷᠴᠢᠨ ᠲᠣᠭᠤᠷᠢᠨ ᠪᠠ ᠴᠢᠭᠢᠭᠯᠢᠭ ᠭᠠᠵᠠᠷ ᠤᠨ ᠡᠯᠪᠡᠭ ᠪᠠᠶᠠᠯᠢᠭ ᠡᠬᠢ ᠪᠠᠶᠠᠯᠢᠭ ᠨᠢ ᠨᠡᠭᠦᠳᠡᠯ ᠤᠨ ᠰᠢᠪᠠᠭᠤᠨ ᠤ ᠲᠥᠷᠥᠯ ᠵᠦᠢᠯ ᠪᠠ ᠲᠤᠭ᠎ᠠ ᠬᠡᠮᠵᠢᠶ᠎ᠡ ᠨᠢ ᠵᠢᠯ ᠳᠠᠷᠠᠭᠠᠯᠠᠨ ᠨᠡᠮᠡᠭᠳᠡᠵᠦ᠂ ᠨᠡᠭᠦᠳᠡᠯ ᠤᠨ ᠰᠢᠪᠠᠭᠤᠨ ᠤ ᠨᠡᠭᠦᠳᠡᠯ ᠤᠨ ᠵᠠᠮ ᠳᠡᠭᠡᠷᠡᠬᠢ ᠴᠢᠬᠤᠯᠠ ᠥᠷᠲᠡᠭᠡ ᠪᠣᠯᠤᠭᠰᠠᠨ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1