ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2024/3/11
        ᠳᠣᠲᠣᠭᠠᠳᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ      ︵ᠨᠢᠭᠡ︶ ᠠᠯᠪᠠᠨ ᠭᠡᠷ      ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠲᠤᠭᠤᠷᠪᠢᠬᠤ ᠪᠤᠶᠤ ᠬᠢᠨᠠᠨ ᠬᠠᠷᠭᠤᠭᠤᠯᠬᠤ ᠶᠢ ᠬᠠᠷᠢᠭᠤᠴᠠᠨ᠎ᠠ︔ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠢᠴᠢ ᠠᠵᠢᠯ ᠤᠨ ᠢᠯᠡᠳᠬᠡᠯ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ︔ ᠰᠢᠶᠠᠨ ᠤ ᠵᠠᠰᠠᠭ ᠤᠨ ᠣᠷᠳᠣᠨ ᠤ ᠬᠤᠷᠠᠯ ᠢ ᠵᠣᠬᠢᠶᠠᠨ ᠪᠠᠶᠢᠭᠤᠯᠬᠤ ᠪᠡᠯᠡᠳᠬᠡᠯ ᠠᠵᠢᠯ ᠢ ᠬᠠᠷᠢᠭᠤᠴᠠᠵᠤ᠂ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠤᠨ ᠲᠣᠭᠲᠠᠭᠠᠬᠤ ᠵᠦᠢᠯᠡᠰ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠦᠬᠦ ᠰᠢᠶᠠᠨ ᠤ ᠭᠠᠳᠠᠭᠠᠳᠤ ᠶᠠᠪᠤᠳᠠᠯ ᠤᠨ ᠠᠵᠢᠯ ᠢ ᠬᠠᠷᠢᠭᠤᠴᠠᠨ᠎ᠠ︔ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠠᠪᠴᠤ  ᠭᠦᠢᠴᠡᠳᠬᠡᠨ᠎ᠡ᠃      ︵ᠬᠤᠶᠠᠷ︶ ᠨᠢᠭᠤᠴᠠ ᠴᠢᠬᠤᠯᠠ ᠳᠠᠩᠰᠠ ᠡᠪᠬᠡᠮᠡᠯ ᠤᠨ ᠭᠡᠷ      ᠰᠢᠶᠠᠨ ᠤ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠭᠡᠷ ᠤᠨ ᠪᠢᠴᠢᠭ ᠮᠠᠲ᠋ᠧᠷᠢᠶᠠᠯ  ᠤᠲᠠᠰᠤ ᠶᠢᠨ ᠮᠡᠳᠡᠭᠡ ᠬᠤᠷᠢᠶᠠᠬᠤ ᠪᠠ ᠲᠠᠷᠬᠠᠭᠠᠬᠤ᠂ ᠲᠠᠮᠠᠭ᠎ᠠ ᠪᠣᠯᠣᠨ ᠲᠠᠮᠠᠭᠠᠨ ᠬᠡᠪ ᠤᠨ ᠬᠠᠮᠢᠶᠠᠷᠤᠯᠲᠠ᠂ ᠪᠢᠴᠢᠭ ᠬᠠᠷ᠎ᠠ ᠳᠠᠩᠰᠠ ᠡᠪᠬᠡᠮᠡᠯ᠂ ᠨᠢᠭᠤᠴᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠵᠤ᠂ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠪᠢᠴᠢᠭ ᠰᠢᠢᠳᠪᠦᠷᠢᠯᠡᠬᠦ ᠠᠵᠢᠯ ᠢ ᠵᠢᠯᠣᠭᠤᠳᠤᠨ᠎ᠠ︔ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠠᠪᠴᠤ ᠭᠦᠢᠴᠡᠳᠬᠡᠨ᠎ᠡ᠃      ︵ᠭᠤᠷᠪᠠ︶ ᠡᠯᠧᠺᠲᠷᠣᠨ ᠵᠠᠰᠠᠭ ᠤᠨ ᠶᠠᠪᠤᠳᠠᠯ ᠪᠠ ᠮᠡᠳᠡᠭᠡ ᠵᠠᠩᠭᠢ ᠶᠢᠨ ᠲᠠᠰᠤᠭ      ᠵᠠᠰᠠᠭ ᠤᠨ ᠣᠷᠳᠣᠨ ᠤ ᠠᠯᠪᠠᠨ ᠭᠡᠷ ᠤᠨ ᠡᠯᠧᠺᠲᠷᠣᠨ ᠵᠠᠰᠠᠭ ᠤᠨ ᠶᠠᠪᠣᠳᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠠᠵᠢᠯ ᠢ ᠠᠦ᠋ᠲ᠋ᠣᠴᠢᠯᠠᠬᠤ ᠪᠠ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠠ︔ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠴᠤᠭᠯᠠᠭᠤᠯᠬᠤ᠂ ᠡᠮᠬᠢᠯᠡᠬᠦ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠣᠨ ᠤ ᠮᠡᠳᠡᠭᠡ ᠵᠠᠩᠭᠢ ᠶᠢ ᠰᠢᠯᠭᠠᠨ ᠬᠢᠨᠠᠬᠤ ᠡᠭᠦᠷᠭᠡ ᠶᠢ ᠪᠡᠶᠡᠯᠡᠭᠦᠯᠦᠨ᠎ᠡ︔ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠦᠯᠵᠢᠶᠡᠨ ᠤ ᠬᠠᠮᠢᠶᠠᠷᠤᠯᠲᠠ ᠶᠢ ᠬᠠᠷᠢᠭᠤᠴᠠᠨ᠎ᠠ᠃      ︵ᠳᠥᠷᠪᠡ︶ ᠰᠢᠮᠳᠠᠭᠤᠯᠤᠨ ᠪᠠᠶᠢᠴᠠᠭᠠᠬᠤ ᠲᠠᠰᠤᠭ      ᠰᠢᠶᠠᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠴᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠢᠶᠠᠷ ᠲᠣᠭᠲᠠᠭᠠᠭᠰᠠᠨ ᠤᠴᠢᠷ ᠶᠠᠪᠤᠳᠠᠯ ᠵᠢᠴᠢ ᠤᠳᠤᠷᠢᠳᠬᠤ ᠨᠥᠬᠦᠳ ᠤᠨ ᠬᠤᠯᠪᠣᠭᠳᠠᠯ ᠪᠦᠬᠦᠢ ᠵᠢᠭᠠᠪᠤᠷᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ︔ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠰᠢᠮᠳᠠᠭᠤᠯᠤᠨ ᠪᠠᠶᠢᠴᠠᠭᠠᠬᠤ ᠵᠦᠢᠯᠡᠰ ᠢ ᠳᠠᠭᠠᠭᠠᠨ ᠠᠪᠴᠤ᠂ ᠬᠤᠲᠠ ᠶᠢᠨ ᠤᠳᠤᠷᠢᠳᠤᠯᠭ᠎ᠠ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ︔ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠰᠢᠢᠳᠪᠦᠷᠢᠯᠡᠭᠰᠡᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢᠨ ᠠᠵᠢᠯ ᠢ ᠬᠠᠷᠢᠭᠤᠴᠠᠨ᠎ᠠ︔ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ᠂ ᠡᠯ᠎ᠡ ᠰᠢᠶᠠᠩ ᠪᠠᠯᠭᠠᠰᠤ ᠵᠢᠴᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠴᠢᠬᠤᠯᠠ ᠠᠵᠢᠯ ᠤᠨ ᠠᠬᠢᠴᠠ ᠶᠢᠨ ᠪᠠᠶᠢᠳᠠᠯ ᠢ ᠶᠡᠷᠦᠩᠬᠡᠶᠢᠯᠡᠨ ᠮᠡᠳᠡᠭᠦᠯᠬᠦ ᠶᠢ ᠬᠠᠷᠢᠭᠤᠴᠠᠨ᠎ᠠ᠃      ︵ᠲᠠᠪᠤ︶ ᠵᠠᠰᠠᠭ ᠵᠠᠬᠢᠷᠭᠠᠨ ᠤ ᠶᠡᠷᠦᠩᠬᠡᠶ ᠶᠠᠪᠤᠳᠠᠯ ᠤᠨ ᠭᠡᠷ ︵ᠵᠠᠰᠠᠭ ᠤᠨ ᠶᠠᠪᠤᠳᠠᠯ ᠤᠨ ᠵᠢᠵᠢᠭᠦᠷ ᠤᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠯᠪᠠᠨ ᠭᠡᠷ︶      ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠠᠯᠪᠠᠨ ᠠᠵᠢᠯᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠵᠦ᠂ ᠡᠯ᠎ᠡ ᠰᠢᠶᠠᠩ ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠵᠢᠴᠢ ᠡᠯ᠎ᠡ ᠰᠠᠯᠠᠭ᠎ᠠ ᠮᠥᠴᠢᠷ ᠬᠢᠭᠡᠳ ᠰᠢᠶᠠᠨ ᠤ ᠠᠷᠠᠳ ᠤᠨ ᠵᠠᠰᠠᠭ ᠤᠨ ᠣᠷᠳᠣᠨ ᠯᠤᠭ᠎ᠠ ᠶᠢᠨ ᠠᠵᠢᠯ ᠤᠨ ᠬᠤᠯᠪᠣᠭ᠎ᠠ ᠠᠪᠬᠤ ᠪᠠ ᠵᠣᠯᠭᠠᠯᠳᠤᠭᠤᠯᠬᠤ ᠶᠢ ᠬᠠᠷᠢᠭᠤᠴᠠᠨ᠎ᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ  ᠤᠨ ᠣᠷᠳᠣᠨ ᠤ ᠠᠯᠪᠠᠨ ᠭᠡᠷ ᠤᠨ ᠤᠲᠠᠰᠤ᠂ ᠹᠠᠺᠰ᠂ ᠪᠠᠶᠠᠷ ᠳᠤᠷᠠᠰᠬᠠᠯ ᠤᠨ ᠡᠳᠦᠷ ᠪᠢᠴᠢᠭ ᠮᠠᠲ᠋ᠧᠷᠢᠶᠠᠯ ᠢ ᠭᠦᠢᠴᠡᠳᠬᠡᠬᠦ ᠠᠵᠢᠯ ᠢ ᠬᠠᠷᠢᠭᠤᠴᠠᠨ᠎ᠠ︔ ᠰᠢᠶᠠᠨ ᠤ ᠵᠠᠰᠠᠭ ᠤᠨ ᠣᠷᠳᠣᠨ ᠤ ᠵᠢᠵᠢᠭᠦᠷᠯᠡᠬᠦ ᠠᠵᠢᠯ ᠢ ᠬᠠᠷᠢᠭᠤᠴᠠᠨ᠎ᠠ︔ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠵᠠᠰᠠᠭ ᠤᠨ ᠣᠷᠳᠣᠨ ᠤ ᠠᠯᠪᠠᠨ ᠭᠡᠷ ᠤᠨ ᠤᠳᠤᠷᠢᠳᠬᠤ ᠨᠥᠬᠦᠳ ᠤᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠢᠵᠢᠭᠦᠷᠯᠡᠬᠦ ᠠᠵᠢᠯ ᠢ ᠲᠣᠬᠢᠷᠠᠭᠤᠯᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠵᠢᠴᠢ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠰᠢᠶᠠᠨ ᠤ ᠵᠠᠰᠠᠭ ᠤᠨ ᠣᠷᠳᠣᠨ ᠳᠤ ᠲᠤᠰᠬᠠᠭᠰᠠᠨ ᠴᠢᠬᠤᠯᠠ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ︔ ᠠᠵᠢᠯᠲᠠᠨ ᠤ ᠶᠠᠪᠣᠳᠠᠯ᠂ ᠬᠥᠳᠡᠯᠮᠦᠷᠢ ᠴᠠᠯᠢᠩ᠂ ᠲᠥᠯᠥᠪᠯᠡᠭᠡᠲᠦ ᠦᠷᠡᠵᠢᠯ᠂ ᠣᠯᠠᠨ ᠨᠡᠶᠢᠲᠡ ᠶᠢᠨ ᠪᠠᠶᠢᠭᠤᠯᠣᠮᠵᠢ ᠶᠢᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠮᠢᠶᠠᠷᠣᠯᠲᠠ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠠᠯᠪᠠᠨ ᠭᠡᠷ ᠤᠨ ᠡᠳ᠋ ᠤᠨ ᠶᠠᠪᠤᠳᠠᠯ ᠤᠨ ᠠᠵᠢᠯ ᠪᠣᠯᠤᠨ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠣᠯᠲᠠ ᠶᠢᠨ ᠠᠵᠢᠯ ᠢ ᠬᠠᠷᠢᠭᠤᠴᠠᠨ᠎ᠠ᠃      ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠡᠷᠬᠢᠯᠡᠭᠰᠡᠨ ᠠᠷᠤ ᠲᠠᠯ᠎ᠠ ᠶᠢᠨ ᠠᠵᠢᠯ ᠶᠠᠪᠤᠳᠠᠯ ᠪᠣᠯᠤᠨ ᠨᠠᠮ ᠵᠠᠰᠠᠭ ᠤᠨ ᠠᠯᠪᠠᠨ ᠠᠰᠠᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠨᠠᠮ ᠵᠠᠰᠠᠭ ᠤᠨ ᠠᠯᠪᠠᠨ ᠠᠰᠠᠷ ᠤᠨ ᠳᠣᠲᠣᠭᠠᠳᠤ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠬᠡᠪ ᠤᠨ ᠠᠵᠢᠯ ᠤᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠶ᠃      ︵ᠵᠢᠷᠭᠤᠭ᠎ᠠ︶ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ      ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠵᠥᠪᠰᠢᠶᠡᠷᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠲᠤᠰᠢᠶᠠᠨ ᠰᠢᠢᠳᠪᠦᠷᠢᠯᠡᠭᠦᠯᠬᠦ᠂ ᠰᠢᠮᠳᠠᠭᠤᠯᠤᠨ ᠰᠢᠢᠳᠪᠦᠷᠢᠯᠡᠭᠦᠯᠬᠦ᠂ ᠬᠡᠷᠡᠭ ᠢ ᠳᠠᠭᠤᠰᠬᠠᠬᠤ ᠵᠡᠷᠭᠡ ᠠᠵᠢᠯ ᠢ ᠳᠠᠭᠠᠭᠠᠨ ᠭᠦᠢᠴᠡᠳᠬᠡᠨ᠎ᠡ︔ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠠᠷᠠᠳ ᠤᠨ ᠪᠦᠯᠬᠦᠮ ᠵᠢᠴᠢ ᠡᠯ᠎ᠡ ᠰᠢᠶᠠᠩ ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃      ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠵᠢᠴᠢ ᠰᠢᠶᠠᠨ ᠤ ᠤᠳᠤᠷᠢᠳᠤᠯᠭ᠎ᠠ ᠳᠤ ᠤᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠲᠤᠰᠬᠠᠬᠤ᠂ ᠤᠲᠠᠰᠤ ᠢᠷᠡᠭᠦᠯᠬᠦ᠂ ᠰᠤᠷᠪᠤᠯᠵᠢᠯᠠᠬᠤ ᠳᠤᠮᠳᠠ ᠳᠤᠷᠠᠳᠤᠭᠰᠠᠨ ᠴᠢᠬᠤᠯᠠ ᠰᠠᠨᠠᠭᠤᠯᠭ᠎ᠠ᠂ ᠰᠠᠨᠠᠯ ᠪᠠ ᠠᠰᠠᠭᠤᠳᠠᠯ ᠢ ᠲᠤᠰᠬᠠᠬᠤ ᠶᠢ ᠬᠠᠷᠢᠭᠤᠴᠠᠨ᠎ᠠ︔ ᠠᠷᠠᠳ ᠢᠷᠭᠡᠨ ᠂ ᠬᠠᠤᠯᠢ ᠶᠢᠨ ᠬᠥᠮᠦᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠵᠢᠴᠢ ᠰᠢᠶᠠᠨ ᠤ ᠤᠳᠤᠷᠢᠳᠤᠯᠭ᠎ᠠ ᠳᠤ ᠢᠷᠡᠭᠦᠯᠦᠭᠰᠡᠨ ᠵᠠᠬᠢᠳᠠᠯ᠂ ᠤᠲᠠᠰᠤ ᠶᠢ ᠬᠠᠷᠢᠭᠤᠴᠠᠨ ᠰᠢᠢᠳᠪᠦᠷᠢᠯᠡᠵᠦ᠂ ᠤᠯᠠᠨ ᠲᠦᠮᠡᠨ ᠤ ᠰᠤᠷᠪᠤᠯᠵᠢᠯᠠᠭ᠎ᠠ ᠶᠢ ᠬᠦᠯᠢᠶᠡᠨ ᠠᠪᠴᠤ  ᠰᠢᠢᠳᠪᠦᠷᠢᠯᠡᠨ᠎ᠡ᠃      ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠴᠤ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠤᠷᠪᠢᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠵᠢᠷᠠᠭᠤᠯᠤᠨ ᠴᠢᠩᠭᠠᠳᠬᠠᠬᠤ ᠲᠤᠬᠠᠶ ᠰᠠᠨᠠᠯ ᠪᠠ ᠰᠠᠨᠠᠭᠤᠯᠭ᠎ᠠ ᠳᠤᠷᠠᠳᠤᠨ᠎ᠠ︔ ᠳᠡᠭᠡᠳᠦ ᠱᠠᠲᠤᠨ ᠤ ᠤᠳᠤᠷᠢᠳᠤᠯᠭ᠎ᠠ ᠶᠢᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠬᠤ᠂ ᠬᠢᠨᠠᠨ ᠵᠢᠯᠣᠭᠤᠳᠬᠤ᠂  ᠰᠢᠢᠳᠪᠦᠷᠢᠯᠡᠬᠦ ᠶᠢ ᠬᠠᠷᠢᠭᠤᠴᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ︔ ᠡᠯ᠎ᠡ ᠰᠢᠶᠠᠩ ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠯᠵᠢᠭᠦᠯᠦᠨ ᠭᠦᠢᠴᠡᠳᠬᠡᠬᠦ᠂ ᠲᠤᠰᠢᠶᠠᠨ ᠰᠢᠢᠳᠪᠦᠷᠢᠯᠡᠭᠦᠯᠬᠦ ᠶᠢ ᠬᠠᠷᠢᠭᠤᠴᠠᠵᠤ᠂ ᠴᠢᠬᠤᠯᠠ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠪᠠ ᠨᠠᠶᠢᠳᠠᠪᠣᠷᠢᠵᠢᠭᠤᠯᠣᠭᠰᠠᠨ ᠪᠠᠶᠢᠳᠠᠯ ᠢ ᠰᠢᠮᠳᠠᠭᠤᠯᠣᠨ ᠪᠠᠶᠢᠴᠠᠭᠠᠨ᠎ᠠ︔ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠴᠢᠬᠤᠯᠠ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠵᠣᠬᠢᠴᠠᠭᠤᠯᠬᠤ᠂ ᠰᠢᠮᠳᠠᠭᠤᠯᠬᠤ᠂ ᠰᠢᠢᠳᠪᠦᠷᠢᠯᠡᠬᠦ ᠶᠢ ᠬᠠᠷᠢᠭᠤᠴᠠᠨ᠎ᠠ᠃      ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠤᠶᠢᠮ᠎ᠠ ᠠᠰᠠᠭᠤᠳᠠᠯ ᠵᠢᠴᠢ ᠣᠯᠠᠨ ᠨᠡᠶᠢᠲᠡ ᠶᠢᠨ ᠴᠢᠨᠠᠷᠲᠠᠶ ᠬᠡᠷᠡᠭ ᠢ ᠰᠢᠢᠳᠪᠦᠷᠢᠯᠡᠬᠦ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠪᠣᠳᠠᠲᠠᠶ ᠠᠵᠢᠯ ᠢ ᠬᠠᠷᠢᠭᠤᠴᠠᠵᠤ᠂ ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠤᠶᠢᠮ᠎ᠠ ᠠᠰᠠᠭᠤᠳᠠᠯ ᠵᠢᠴᠢ ᠣᠯᠠᠨ ᠨᠡᠶᠢᠲᠡ ᠶᠢᠨ ᠴᠢᠨᠠᠷᠲᠠᠶ ᠬᠡᠷᠡᠭ ᠢ ᠰᠢᠢᠳᠪᠦᠷᠢᠯᠡᠬᠦ ᠬᠠᠮᠲᠤᠷᠠᠭᠰᠠᠨ ᠬᠤᠷᠠᠯ ᠤᠨ ᠲᠣᠭᠲᠠᠭᠠᠭᠰᠠᠨ ᠵᠦᠢᠯᠡᠰ ᠢ ᠰᠢᠮᠳᠠᠭᠤᠯᠣᠨ ᠨᠠᠶᠢᠳᠠᠪᠤᠷᠢᠵᠢᠭᠤᠯᠵᠤ᠂ ᠡᠯ᠎ᠡ ᠰᠢᠶᠠᠩ ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠵᠢᠴᠢ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠤᠶᠢᠮ᠎ᠠ ᠠᠰᠠᠭᠤᠳᠠᠯ ᠢ  ᠰᠢᠢᠳᠪᠦᠷᠢᠯᠡᠬᠦ ᠵᠢᠴᠢ ᠣᠯᠠᠨ ᠨᠡᠶᠢᠲᠡ ᠶᠢᠨ ᠴᠢᠨᠠᠷᠲᠠᠶ ᠬᠡᠷᠡᠭ ᠢ ᠰᠢᠢᠳᠪᠦᠷᠢᠯᠡᠬᠦ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠠᠳᠠᠯᠵᠤ᠂ ᠵᠣᠬᠢᠶᠠᠨ ᠪᠠᠶᠢᠭᠤᠯᠤᠨ ᠵᠠᠳᠠᠯᠣᠨ ᠵᠣᠬᠢᠴᠠᠭᠤᠯᠵᠣ᠂ ᠰᠢᠮᠳᠠᠭᠤᠯᠣᠨ ᠪᠠᠶᠢᠴᠠᠭᠠᠵᠤ᠂ ᠡᠯ᠎ᠡ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠭᠦᠨᠵᠡᠭᠡᠶ ᠥᠷᠨᠢᠬᠦ ᠶᠢ ᠠᠬᠢᠭᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1