︵ᠨᠢᠭᠡ︶ ᠠᠯᠪᠠᠨ ᠭᠡᠷ | ᠠᠵᠢᠯ ᠤᠨ ᠡᠭᠦᠷᠭᠡ ᠬᠠᠷᠢᠭᠤᠴᠠᠯᠭ᠎ᠠ᠄ | 1. ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠨ᠎ᠠ︔ | 2. ᠵᠥᠪᠯᠡᠯ ᠤᠨ ᠤᠳᠤᠷᠢᠳᠤᠯᠭ᠎ᠠ ᠳᠤ ᠬᠠᠮᠵᠢᠨ ᠪᠠᠶᠢᠭᠤᠯᠭ᠎ᠠ ᠶᠢᠨ ᠡᠳᠦᠷ ᠲᠤᠲᠤᠮ ᠤᠨ ᠬᠡᠷᠡᠭ ᠶᠠᠪᠤᠳᠠᠯ ᠢ | ᠰᠢᠢᠳᠪᠦᠷᠢᠯᠡᠨ᠎ᠡ︔ | 3. ᠬᠤᠷᠠᠯ ᠤᠨ ᠵᠣᠬᠢᠶᠠᠨ ᠪᠠᠶᠢᠭᠤᠯᠤᠯᠲᠠ᠂ ᠨᠠᠷᠢᠨ ᠪᠢᠴᠢᠭᠡᠴᠢ ᠶᠢᠨ ᠬᠡᠷᠡᠭ ᠶᠠᠪᠤᠳᠠᠯ᠂ ᠵᠠᠰᠠᠭ ᠤᠨ ᠶᠠᠪᠤᠳᠠᠯ ᠤᠨ | ᠮᠡᠳᠡᠭᠡ ᠵᠠᠩᠭᠢ᠂ ᠬᠦᠯᠢᠶᠡᠨ ᠠᠪᠴᠤ ᠵᠣᠴᠢᠯᠠᠬᠤ᠂ ᠠᠮᠤᠷ ᠢ ᠬᠠᠮᠠᠭᠠᠯᠠᠬᠤ ᠵᠡᠷᠭᠡ ᠵᠠᠰᠠᠭ ᠵᠠᠬᠢᠷᠭᠠᠨ ᠤ ᠬᠡᠷᠡᠭ | ᠶᠠᠪᠤᠳᠠᠯ ᠢ ᠬᠠᠷᠢᠭᠤᠴᠠᠨ᠎ᠠ︔ | 4. ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠣᠬᠢᠶᠠᠨ | ᠪᠠᠶᠢᠭᠤᠯᠵᠤ ᠲᠤᠭᠤᠷᠪᠢᠨ ᠲᠣᠭᠲᠠᠭᠠᠨ᠎ᠠ︔ | 5. ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ | ᠵᠢᠴᠢ ᠵᠠᠬᠢᠳᠠᠯ ᠰᠣᠷᠪᠣᠯᠵᠢᠯᠠᠭ᠎ᠠ ᠳᠤ ᠬᠠᠷᠢᠭᠤᠯᠲᠠ ᠥᠭᠬᠦ ᠠᠵᠢᠯ ᠢ ᠬᠢᠨᠠᠮᠠᠭᠠᠶ ᠰᠠᠶᠢᠲᠤᠷ ᠬᠢᠨ᠎ᠡ᠃ | ︵ᠬᠤᠶᠠᠷ︶ ᠬᠥᠳᠡᠭᠡ ᠲᠣᠰᠬᠤᠨ ᠤ ᠠᠵᠤ ᠠᠬᠤᠶ ᠶᠢᠨ ᠲᠠᠰᠤᠭ | ᠠᠵᠢᠯ ᠤᠨ ᠡᠭᠦᠷᠭᠡ ᠬᠠᠷᠢᠭᠤᠴᠠᠯᠭ᠎ᠠ᠄ | 1. ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠨ᠎ᠠ︔ | 2. ᠪᠦᠬᠦ ᠰᠢᠶᠠᠨ ᠤ ᠬᠥᠳᠡᠭᠡ ᠲᠣᠰᠬᠤᠨ ᠤ ᠠᠵᠤ ᠠᠬᠤᠶ ᠶᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠰᠤᠳᠤᠯᠤᠨ | ᠳᠤᠷᠠᠳᠤᠨ᠎ᠠ︔ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ | ᠲᠥᠯᠥᠪᠯᠡᠭᠡ ᠶᠢ ᠵᠣᠬᠢᠶᠠᠨ ᠪᠠᠶᠢᠭᠤᠯᠣᠨ ᠨᠠᠶᠢᠷᠠᠭᠤᠯᠤᠨ ᠵᠣᠬᠢᠶᠠᠨ᠎ᠠ︔ | 3. ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ | ᠂ ᠠᠵᠤ ᠠᠬᠤᠶ ᠶᠢᠨ ᠠᠵᠢᠯᠯᠠᠭᠠᠨ ᠤ ᠳᠤᠮᠳᠠ ᠭᠠᠷᠴᠤ ᠮᠡᠳᠡᠬᠦ ᠴᠢᠬᠤᠯᠠ ᠶᠡᠭᠡ ᠠᠰᠠᠭᠤᠳᠠᠯ ᠳᠤ ᠲᠣᠬᠢᠷᠠᠭᠤᠯᠤᠨ | ᠡᠵᠡᠮᠳᠡᠬᠦ ᠠᠷᠭ᠎ᠠ ᠬᠡᠮᠵᠢᠶ᠎ᠡ ᠪᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠴᠠᠭ ᠲᠤᠬᠠᠶ ᠳᠤᠨᠢ ᠳᠤᠷᠠᠳᠤᠨ | ᠭᠠᠷᠭᠠᠨ᠎ᠠ︔ | 4. ᠲᠠᠷᠢᠶᠠᠯᠠᠩ ᠤᠨ ᠴᠢᠬᠤᠯᠠ ᠶᠡᠭᠡ ᠲᠥᠷᠥᠯ ᠵᠦᠢᠯ ᠢ ᠨᠠᠶᠢᠷᠠᠭᠤᠯᠤᠨ ᠮᠡᠳᠡᠭᠦᠯᠬᠦ ᠪᠠ ᠬᠢᠨᠠᠨ ᠬᠠᠷᠭᠤᠭᠤᠯᠬᠤ ᠶᠢ | ᠵᠣᠬᠢᠶᠠᠨ ᠪᠠᠶᠢᠭᠤᠯᠬᠤ ᠶᠢᠨ ᠬᠠᠮᠲᠤ ᠲᠥᠷᠥᠯ ᠵᠦᠢᠯ ᠢ ᠬᠡᠷᠡᠭᠵᠢᠭᠦᠯᠬᠦ᠂ ᠰᠢᠮᠳᠠᠭᠤᠯᠤᠨ ᠪᠠᠶᠢᠴᠠᠭᠠᠬᠤ ᠪᠠ | ᠵᠣᠬᠢᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ︔ | ︵ᠭᠤᠷᠪᠠ︶ ᠠᠵᠤ ᠦᠢᠯᠡᠰ ᠤᠨ ᠵᠣᠬᠢᠴᠠᠭᠤᠯᠬᠤ ᠲᠠᠰᠤᠭ | ᠠᠵᠢᠯ ᠤᠨ ᠡᠭᠦᠷᠭᠡ ᠬᠠᠷᠢᠭᠤᠴᠠᠯᠭ᠎ᠠ᠄ | 1. ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠨ᠎ᠠ︔ | 2. ᠠᠵᠤ ᠦᠢᠯᠡᠳᠪᠦᠷᠢ ᠶᠢᠨ ᠬᠥᠭᠵᠢᠯᠲᠡ ᠶᠢᠨ ᠣᠳᠣᠬᠢ ᠪᠠᠶᠢᠳᠠᠯ ᠪᠠ ᠬᠠᠨᠳᠤᠰᠢ ᠶᠢ ᠶᠡᠷᠦᠩᠬᠡᠶᠢᠯᠡᠨ ᠵᠠᠳᠠᠯᠵᠤ | ᠵᠢᠱᠢᠵᠦ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠰᠤᠳᠤᠯᠤᠨ᠎ᠠ︔ | 3. ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠪᠦᠬᠦ ᠰᠢᠶᠠᠨ ᠤ ᠠᠵᠤ ᠦᠢᠯᠡᠳᠪᠦᠷᠢ ᠶᠢ | ᠬᠥᠭᠵᠢᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ︔ | 4. ᠬᠤᠯᠪᠣᠭᠳᠠᠯ ᠪᠦᠬᠦᠢ ᠠᠵᠤ ᠦᠢᠯᠡᠳᠪᠦᠷᠢ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠳᠠᠩᠰᠠᠯᠠᠭᠤᠯᠬᠤ | ᠵᠢᠴᠢ ᠬᠢᠨᠠᠬᠤ᠂ ᠳᠠᠮᠵᠢᠭᠤᠯᠤᠨ ᠮᠡᠳᠡᠭᠦᠯᠬᠦ ᠠᠵᠢᠯ ᠢ ᠡᠭᠦᠷᠭᠡᠯᠡᠨ᠎ᠡ᠃ | ︵ᠲᠦᠷᠪᠡ︶ ᠨᠡᠶᠢᠭᠡᠮ ᠤᠨ ᠬᠥᠭᠵᠢᠯᠲᠡ ᠶᠢᠨ ᠲᠠᠰᠤᠭ | ᠠᠵᠢᠯ ᠤᠨ ᠡᠭᠦᠷᠭᠡ ᠬᠠᠷᠢᠭᠤᠴᠠᠯᠭ᠎ᠠ᠄ | 1. ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠨ᠎ᠠ︔ | 2. ᠨᠡᠶᠢᠭᠡᠮ ᠤᠨ ᠠᠵᠢᠯ ᠦᠢᠯᠡᠰ ᠤᠨ ᠬᠦᠷᠢᠶᠡᠨ ᠳᠠᠬᠢ ᠥᠭᠡᠷᠡᠴᠢᠯᠡᠯᠲᠡ ᠶᠢᠨ ᠳᠤᠮᠳᠠᠬᠢ ᠬᠤᠯᠪᠣᠭᠳᠠᠯ ᠪᠥᠬᠦᠶ | ᠴᠢᠬᠤᠯᠠ ᠶᠡᠭᠡ ᠠᠰᠠᠭᠤᠳᠠᠯ ᠢ ᠰᠤᠳᠤᠯᠵᠤ᠂ ᠨᠡᠶᠢᠭᠡᠮ ᠤᠨ ᠠᠵᠢᠯ ᠦᠢᠯᠡᠰ ᠤᠨ ᠬᠦᠷᠢᠶᠡᠨ ᠳᠠᠬᠢ | ᠥᠭᠡᠷᠡᠴᠢᠯᠡᠯᠲᠡ ᠶᠢᠨ ᠠᠵᠢᠯ ᠳᠤ ᠣᠷᠣᠯᠴᠠᠬᠤ ᠶᠢᠨ ᠬᠠᠮᠲᠤ ᠠᠷᠭᠠᠴᠠᠬᠤ ᠪᠣᠳᠣᠯᠭ᠎ᠠ ᠰᠠᠨᠠᠭᠤᠯᠭ᠎ᠠ ᠳᠤᠷᠠᠳᠤᠨ᠎ᠠ︔ | 3. ᠨᠡᠶᠢᠭᠡᠮ ᠤᠨ ᠦᠢᠯᠡᠰ ᠤᠨ ᠡᠯ᠎ᠡ ᠬᠦᠷᠢᠶᠡᠨ ᠳᠠᠬᠢ ᠬᠥᠭᠵᠢᠯᠲᠡ ᠪᠠ ᠥᠭᠡᠷᠡᠴᠢᠯᠡᠯᠲᠡ ᠶᠢᠨ ᠠᠵᠢᠯ ᠢ | ᠶᠡᠷᠦᠩᠬᠡᠶᠢᠯᠡᠨ ᠵᠣᠬᠢᠴᠠᠭᠤᠯᠤᠨ᠎ᠠ︔ | 4. ᠪᠦᠬᠦ ᠰᠢᠶᠠᠨ ᠤ ᠨᠡᠶᠢᠭᠡᠮ ᠤᠨ ᠬᠥᠭᠵᠢᠯᠲᠡ ᠶᠢᠨ ᠬᠦᠷᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠢ | ᠲᠣᠬᠢᠷᠠᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ︔ | ︵ᠲᠠᠪᠤ︶ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠲᠠᠰᠤᠭ | ᠠᠵᠢᠯ ᠤᠨ ᠡᠭᠦᠷᠭᠡ ᠬᠠᠷᠢᠭᠤᠴᠠᠯᠭ᠎ᠠ᠄ | 1. ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠨ᠎ᠠ︔ | 2. ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠠᠶᠢᠳᠠᠯ ᠢ ᠬᠢᠨᠠᠨ ᠬᠡᠮᠵᠢᠵᠦ | ᠵᠠᠳᠠᠯᠤᠨ᠂ ᠪᠥᠬᠦ ᠰᠢᠶᠠᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠳᠤᠮᠳᠠ ᠣᠷᠲᠣ | ᠬᠤᠭᠤᠴᠠᠭᠠᠨ ᠤ ᠲᠥᠯᠥᠪᠵᠢᠭᠦᠯᠭᠡ᠂ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ︔ | 3. ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢ | ᠨᠠᠶᠢᠳᠠᠪᠣᠷᠢᠵᠢᠭᠤᠯᠣᠨ᠎ᠠ︔ | 4. ᠪᠦᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠨᠡᠷᠡᠰ ᠢ ᠰᠤᠳᠤᠯᠤᠨ ᠲᠣᠭᠲᠠᠭᠠᠵᠤ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠵᠡᠷᠭᠡ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ︵ᠵᠢᠷᠭᠤᠭ᠎ᠠ︶ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠶ ᠶᠢ ᠬᠠᠮᠠᠭᠠᠯᠠᠬᠤ ᠳᠠᠰᠤᠭ | ᠠᠵᠢᠯ ᠤᠨ ᠡᠭᠦᠷᠭᠡ ᠬᠠᠷᠢᠭᠤᠴᠠᠯᠭ᠎ᠠ᠄ | 1. ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠨ᠎ᠠ︔ | 2. ᠪᠦᠬᠦ ᠰᠢᠶᠠᠨ ᠤ ᠠᠵᠤ ᠠᠬᠤᠶ ᠨᠡᠶᠢᠭᠡᠮ ᠬᠢᠭᠡᠳ ᠡᠬᠢ ᠪᠠᠶᠠᠯᠢᠭ ᠣᠷᠴᠢᠨ ᠠᠬᠤᠶ ᠶᠢᠨ ᠵᠣᠬᠢᠴᠠᠩᠭᠤᠶ | ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠶᠡᠷᠦᠩᠬᠡᠶᠢᠯᠡᠨ ᠵᠠᠳᠠᠯᠵᠤ᠂ ᠪᠦᠬᠦ ᠰᠢᠶᠠᠨ ᠤ ᠡᠬᠢ ᠪᠠᠶᠠᠯᠢᠭ ᠢ | ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ᠂ ᠣᠷᠴᠢᠯ ᠠᠵᠤ ᠠᠬᠤᠶ ᠶᠢ ᠬᠥᠭᠵᠢᠭᠦᠯᠬᠦ ᠲᠥᠯᠥᠪᠵᠢᠭᠦᠯᠭᠡ ᠪᠠ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ︔ | 3. ᠪᠦᠬᠦ ᠰᠢᠶᠠᠨ ᠤ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠶ ᠶᠢ ᠬᠠᠮᠠᠭᠠᠯᠠᠬᠤ ᠶᠡᠷᠦᠩᠬᠡᠶᠢᠯᠡᠨ | ᠵᠣᠬᠢᠴᠠᠭᠤᠯᠬᠤ ᠠᠵᠢᠯ ᠢ ᠬᠠᠷᠢᠭᠤᠴᠠᠨ᠎ᠠ︔ | 4. ᠪᠥᠬᠦ ᠰᠢᠶᠠᠨ ᠤ ᠴᠢᠬᠤᠯᠠ ᠶᠡᠭᠡ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠵᠢᠱᠢᠶ᠎ᠡ ᠦᠵᠡᠭᠦᠯᠬᠦ ᠢᠨᠵᠧᠨᠧᠷᠢᠩ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ | ᠲᠦᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ | 5. ᠡᠬᠢ ᠪᠠᠶᠠᠯᠢᠭ ᠢ ᠠᠷᠪᠢᠯᠠᠬᠤ᠂ ᠶᠡᠷᠦᠩᠬᠡᠶᠢᠯᠡᠨ ᠠᠰᠢᠭᠯᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ᠂ | ᠣᠷᠴᠢᠯ ᠠᠵᠤ ᠠᠬᠤᠶ ᠵᠡᠷᠭᠡ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠲᠤᠯᠤᠭ᠎ᠠ︶ ᠭᠠᠳᠠᠭᠠᠳᠤ ᠪᠡᠯᠡ ᠶᠢ ᠠᠰᠢᠭᠯᠠᠬᠤ ᠠᠵᠤ ᠠᠬᠤᠶ ᠶᠢᠨ ᠬᠠᠮᠵᠢᠯᠴᠠᠭᠠᠨ ᠤ ᠳᠠᠰᠤᠭ | ᠠᠵᠢᠯ ᠤᠨ ᠡᠭᠦᠷᠭᠡ ᠬᠠᠷᠢᠭᠤᠴᠠᠯᠭ᠎ᠠ᠄ | 1. ᠪᠦᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠨᠢᠭᠡᠳᠦᠯᠲᠡᠶ ᠲᠥᠯᠥᠪᠵᠢᠭᠦᠯᠬᠦ᠂ ᠵᠣᠬᠢᠶᠠᠨ | ᠪᠠᠶᠢᠭᠤᠯᠣᠨ ᠵᠣᠬᠢᠴᠠᠭᠤᠯᠬᠤ ᠪᠠ ᠠᠵᠤ ᠠᠬᠤᠢ ᠶᠢᠨ ᠬᠠᠮᠵᠢᠯᠴᠠᠬᠤ ᠠᠵᠢᠯ ᠢ ᠬᠠᠷᠢᠭᠤᠴᠠᠨ᠎ᠠ︔ | 2. ᠪᠦᠬᠦ ᠰᠢᠶᠠᠨ ᠤ ᠬᠤᠳᠠᠯᠳᠤᠭᠠᠴᠢᠨ ᠤᠷᠢᠬᠤ ᠵᠢᠴᠢ ᠠᠵᠤ ᠠᠬᠤᠶ ᠶᠢᠨ ᠬᠠᠮᠵᠢᠯᠴᠠᠭ᠎ᠠ ᠶᠢᠨ ᠵᠦᠢᠯᠡᠰ ᠢ | ᠴᠤᠭᠯᠠᠭᠤᠯᠬᠤ᠂ ᠡᠮᠬᠢᠯᠡᠬᠦ᠂ ᠰᠢᠭᠰᠢᠨ ᠰᠣᠩᠭᠤᠬᠤ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ︔ | 3. ᠬᠤᠳᠠᠯᠳᠣᠭᠠᠴᠢᠨ ᠤᠷᠢᠵᠤ ᠪᠠᠯᠠ ᠣᠷᠣᠭᠤᠯᠬᠤ ᠪᠠ ᠭᠤᠤᠯᠳᠠᠯᠭ᠎ᠠ ᠲᠠᠢ ᠲᠥᠷᠥᠯ ᠵᠦᠢᠯ ᠢ ᠲᠠᠨᠢᠯᠴᠠᠭᠤᠯᠬᠤ᠂ | ᠵᠥᠪᠳᠡᠯᠴᠡᠬᠦ ᠪᠠ ᠵᠣᠬᠢᠴᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ︔ | 4. ᠪᠦᠬᠦ ᠰᠢᠶᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠲᠤᠭ᠎ᠠ ᠪᠠᠷᠢᠮᠲᠠ ᠶᠢ ᠪᠦᠷᠢᠳᠬᠡᠬᠦ᠂ ᠵᠠᠳᠠᠯᠬᠤ ᠪᠠ ᠨᠠᠶᠢᠷᠠᠭᠤᠯᠤᠨ ᠮᠡᠳᠡᠭᠦᠯᠬᠦ ᠠᠵᠢᠯ ᠢ ᠬᠠᠷᠢᠭᠤᠴᠠᠨ᠎ᠠ︔ | 5. ᠬᠤᠷᠢᠨᠭᠡᠷ ᠰᠢᠶᠠᠨ ᠳᠤ ᠡᠷᠬᠢᠯᠡᠭᠰᠡᠨ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠲᠥᠷᠥᠯ ᠤᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠵᠥᠪᠳᠡᠯᠴᠡᠬᠡᠷ ᠤᠨ ᠬᠤᠷᠠᠯ ᠢ ᠳᠠᠭᠠᠭᠠᠴᠢᠯᠠᠨ | ᠡᠷᠬᠢᠯᠡᠬᠦ ᠶᠢ ᠬᠠᠷᠢᠭᠤᠴᠠᠨ᠎ᠠ︔ | 6. ᠭᠠᠳᠠᠭᠠᠳᠤ ᠦᠢᠯᠡᠰ ᠤᠨ ᠪᠡᠯᠡ ᠣᠷᠣᠭᠤᠯᠤᠭᠴᠢᠳ ᠲᠤ ᠪᠠᠶᠢᠳᠠᠯ ᠢᠶᠠᠨ ᠲᠠᠨᠢᠯᠴᠠᠭᠤᠯᠬᠤ᠂ ᠲᠥᠷᠥ ᠶᠢᠨ | ᠪᠣᠳᠣᠯᠭ᠎ᠠ ᠶᠢᠨ ᠯᠠᠪᠯᠠᠯᠲᠠ ᠥᠭᠬᠦ᠂ ᠲᠥᠷᠥᠯ ᠵᠦᠢᠯ ᠲᠠᠨᠢᠯᠴᠠᠭᠤᠯᠬᠤ ᠵᠡᠷᠭᠡ ᠪᠦᠬᠦ ᠶᠠᠪᠤᠴᠠ ᠶᠢᠨ ᠦᠢᠯᠡᠴᠢᠯᠡᠭᠡᠨ ᠤ | ᠠᠵᠢᠯ ᠢ ᠬᠠᠷᠢᠭᠤᠴᠠᠨ᠎ᠠ︔ | ︵ᠨᠠᠢᠮᠠ︶ ᠦᠨ᠎ᠡ ᠬᠠᠩᠰᠢ ᠶᠢᠨ ᠬᠠᠮᠢᠶᠠᠷᠤᠯᠲᠠ ᠶᠢᠨ ᠳᠠᠰᠤᠭ | ᠠᠵᠢᠯ ᠤᠨ ᠡᠭᠦᠷᠭᠡ ᠬᠠᠷᠢᠭᠤᠴᠠᠯᠭ᠎ᠠ᠄ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠭᠲᠠᠭᠠᠭᠰᠠᠨ ᠡᠯ᠎ᠡ ᠵᠦᠢᠯ ᠤᠨ ᠦᠨ᠎ᠡ | ᠬᠠᠩᠰᠢ ᠶᠢᠨ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠠᠷᠭ᠎ᠠ ᠬᠡᠮᠵᠢᠶ᠎ᠡ ᠶᠢ | ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠤᠯᠤᠰ ᠤᠨ ᠦᠨ᠎ᠡ ᠬᠠᠩᠰᠢ ᠶᠢᠨ ᠴᠢᠭᠯᠡᠯᠲᠡ᠂ ᠲᠥᠷᠥ ᠶᠢᠨ ᠪᠣᠳᠣᠯᠭ᠎ᠠ | ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠠᠷᠢᠭᠤᠴᠠᠨ ᠤᠬᠠᠭᠤᠯᠤᠨ᠎ᠠ︔ ᠤᠯᠤᠰ᠂ ᠥᠪᠡᠷᠲᠡᠭᠡᠨ ᠵᠠᠰᠠᠬᠤ | ᠣᠷᠣᠨ ᠪᠠ ᠬᠤᠲᠠ ᠶᠢᠨ ᠲᠣᠭᠲᠠᠭᠠᠭᠰᠠᠨ ᠦᠨ᠎ᠡ ᠬᠠᠩᠰᠢ ᠶᠢ ᠬᠢᠨᠠᠨ ᠪᠠᠶᠢᠴᠠᠭᠠᠬᠤ ᠴᠢᠭᠯᠡᠯᠲᠡ᠂ ᠲᠥᠷᠥ ᠶᠢᠨ | ᠪᠣᠳᠣᠯᠭ᠎ᠠ᠂ ᠡᠭᠦᠷᠭᠡ ᠪᠠ ᠠᠵᠢᠯ ᠤᠨ ᠲᠥᠯᠥᠪᠯᠡᠭᠡ ᠶᠢ ᠦᠨᠳᠦᠰᠦᠯᠡᠨ ᠪᠣᠳᠠᠲᠠᠶ ᠬᠡᠷᠡᠭᠵᠢᠭᠦᠯᠬᠦ ᠰᠠᠨᠠᠯ ᠳᠤᠷᠠᠳᠤᠨ᠎ᠠ︔ | | ︵ᠶᠢᠰᠦ︶ ᠦᠨ᠎ᠡ ᠬᠠᠩᠰᠢ ᠶᠢ ᠬᠢᠨᠠᠨ ᠪᠠᠶᠢᠴᠠᠭᠠᠬᠤ ᠭᠠᠵᠠᠷ | ᠠᠵᠢᠯ ᠤᠨ ᠡᠭᠦᠷᠭᠡ ᠬᠠᠷᠢᠭᠤᠴᠠᠯᠭ᠎ᠠ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ᠶᠢ | ᠦᠨᠳᠦᠰᠦᠯᠡᠨ᠂ ᠪᠥᠬᠦ ᠰᠢᠶᠠᠨ ᠤ ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ ᠦᠨ᠎ᠡ ᠬᠠᠩᠰᠢ ᠪᠠ ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠤ ᠬᠢᠨᠠᠯᠲᠠ ᠪᠠᠶᠢᠴᠠᠭᠠᠯᠲᠠ ᠬᠢᠬᠦ ᠶᠢ | ᠬᠠᠷᠢᠭᠤᠴᠠᠵᠤ᠂ ᠦᠨ᠎ᠡ ᠬᠠᠩᠰᠢ᠂ ᠰᠦᠢᠳᠬᠡᠯ ᠬᠤᠷᠢᠶᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡᠰ | ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠪᠠ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ | ᠬᠡᠮᠵᠢᠶ᠎ᠡ ᠶᠢ ᠬᠡᠷᠡᠭᠵᠢᠭᠦᠯᠦᠨ᠎ᠡ︔ ᠠᠷᠠᠳ ᠢᠷᠭᠡᠨ᠂ ᠬᠠᠤᠯᠢ ᠡᠷᠬᠡᠲᠡᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠶᠢᠨ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ | ᠮᠡᠳᠡᠭᠦᠯᠬᠦ᠂ ᠵᠠᠭᠠᠯᠳᠤᠬᠤ ᠶᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠨ᠂ ᠦᠨ᠎ᠡ ᠬᠠᠩᠰᠢ ᠶᠢ | ᠢᠯᠡᠴᠢᠯᠡᠨ ᠮᠡᠳᠡᠭᠦᠯᠬᠦ ᠬᠡᠷᠡᠭ ᠢ ᠳᠠᠭᠠᠭᠠᠨ ᠰᠢᠢᠳᠪᠦᠷᠢᠯᠡᠵᠦ᠂ ᠲᠠᠸᠠᠷ᠂ ᠦᠢᠯᠡᠴᠢᠯᠡᠭᠡ ᠶᠢᠨ ᠦᠨ᠎ᠡ ᠬᠠᠩᠰᠢ ᠶᠢ | ᠢᠯᠡ ᠬᠠᠳᠠᠬᠤ ᠶᠠᠪᠤᠳᠠᠯ ᠢ ᠵᠢᠷᠤᠮᠵᠢᠭᠤᠯᠬᠤ ᠬᠡᠷᠡᠭᠲᠡᠶ᠃ | ︵ᠠᠷᠪᠠ︶ ᠴᠢᠬᠤᠯᠠ ᠶᠡᠭᠡ ᠲᠦᠷᠥᠯ ᠵᠦᠢᠯ ᠤᠨ ᠰᠡᠷᠭᠡᠶᠢᠯᠡᠨ ᠪᠠᠶᠢᠴᠠᠭᠠᠬᠤ ᠠᠯᠪᠠᠨ ᠭᠡᠷ | ᠠᠵᠢᠯ ᠤᠨ ᠡᠭᠦᠷᠭᠡ ᠬᠠᠷᠢᠭᠤᠴᠠᠯᠭ᠎ᠠ᠄ | 1. ᠴᠢᠬᠤᠯᠠ ᠶᠡᠭᠡ ᠪᠦᠳᠤᠭᠡᠨ ᠪᠠᠶᠢᠭᠤᠯᠤᠯᠲᠠ ᠶᠢᠨ ᠲᠦᠷᠥᠯ ᠵᠦᠢᠯ ᠢ ᠪᠠᠶᠢᠴᠠᠭᠠᠬᠤ ᠶᠢ ᠵᠣᠬᠢᠶᠠᠨ ᠪᠠᠶᠢᠭᠤᠯᠵᠤ | ᠥᠷᠨᠢᠭᠦᠯᠦᠨ᠎ᠡ︔ ᠬᠤᠯᠪᠣᠭᠳᠠᠯ ᠪᠦᠬᠦᠢ ᠠᠵᠢᠯ ᠲᠦᠷᠥᠯ ᠪᠠ ᠣᠷᠣᠨ ᠨᠤᠲᠤᠭ ᠤᠨ ᠤᠯᠤᠰ ᠤᠨ ᠪᠠᠯᠠ | ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠲᠣᠭᠤᠰᠢᠯᠠᠭᠤᠯᠣᠨ ᠬᠡᠷᠡᠭᠵᠢᠭᠦᠯᠦᠭᠰᠡᠨ ᠪᠠᠶᠢᠳᠠᠯ ᠢ | ᠮᠥᠷᠳᠡᠨ ᠪᠠᠶᠢᠴᠠᠭᠠᠨ᠎ᠠ︔ | 2. ᠲᠥᠪ ᠤᠨ ᠡᠳ᠋ ᠤᠨ ᠵᠠᠰᠠᠭ ᠤᠨ ᠴᠢᠨᠠᠷᠲᠠᠶ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠪᠡᠯᠡ | ᠣᠷᠣᠭᠤᠯᠤᠯᠲᠠ ᠶᠢ ᠲᠣᠬᠢᠷᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠪᠠ ᠪᠠᠶᠢᠴᠠᠭᠠᠯᠲᠠ | ᠬᠢᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ | 3. ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠲᠤᠬᠠᠶ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠰᠢᠢᠳᠪᠦᠷᠢᠯᠡᠬᠦ ᠰᠠᠨᠠᠯ ᠢᠶᠠᠨ ᠳᠤᠷᠠᠳᠬᠤ ᠬᠡᠷᠡᠭᠲᠡᠶ᠃ | ︵ᠠᠷᠪᠠᠨ ᠨᠢᠭᠡ︶ ᠠᠮᠤ ᠪᠤᠳᠠᠭᠠᠨ ᠤ ᠬᠠᠮᠢᠶᠠᠷᠤᠯᠲᠠ ᠶᠢᠨ ᠠᠯᠪᠠᠨ ᠭᠡᠷ | 1. ᠰᠢᠶᠠᠨ ᠤ ᠱᠠᠲᠤᠨ ᠤ ᠠᠮᠤ ᠲᠣᠰᠣ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠰᠢᠶᠠᠨ ᠤ ᠱᠠᠲᠤᠨ ᠤ ᠠᠮᠤ ᠲᠣᠰᠣ ᠨᠥᠭᠡᠴᠡᠯᠡᠬᠦ ᠶᠢ ᠰᠢᠯᠵᠢᠭᠦᠯᠬᠦ ᠪᠠ ᠬᠥᠮᠥᠷᠭᠡᠯᠡᠨ ᠬᠠᠳᠠᠭᠠᠯᠠᠬᠤ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ︔ | 2. ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠶᠠᠨ ᠤ ᠱᠠᠲᠤᠨ ᠤ ᠠᠮᠤ ᠪᠤᠳᠠᠭ᠎ᠠ | ᠲᠤᠰᠤ ᠨᠥᠭᠡᠴᠡᠯᠡᠬᠦ ᠪᠠ ᠰᠢᠶᠠᠨ ᠤ ᠱᠠᠲᠤᠨ ᠤ ᠠᠮᠤ ᠪᠤᠳᠠᠭ᠎ᠠ ᠲᠤᠰᠤ ᠨᠥᠭᠡᠴᠡᠯᠡᠬᠦ ᠬᠡᠪᠴᠢᠶ᠎ᠡ᠂ ᠶᠡᠷᠦᠩᠬᠡᠶ | ᠪᠠᠶᠢᠷᠢᠯᠠᠭᠤᠯᠣᠯᠲᠠ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ | 3. ᠪᠦᠬᠦ ᠰᠢᠶᠠᠨ ᠤ ᠤᠯᠤᠰ ᠤᠨ ᠥᠮᠴᠢᠯᠡᠯ ᠤᠨ ᠠᠮᠤ ᠲᠣᠰᠣ ᠬᠤᠳᠠᠯᠳᠤᠨ ᠠᠪᠬᠤ ᠪᠣᠷᠣᠯᠠᠭᠤᠯᠬᠤ ᠠᠵᠤ | ᠠᠬᠤᠶᠢᠯᠠᠯ ᠤᠨ ᠰᠠᠩ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ︔ | 4. ᠪᠥᠬᠦ ᠰᠢᠶᠠᠨ ᠤ ᠠᠮᠤ ᠲᠣᠰᠣᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ | ᠲᠦᠯᠦᠪᠵᠢᠭᠦᠯᠭᠡ᠂ ᠪᠠᠶᠢᠷᠢᠰᠢᠭᠤᠯᠤᠯᠲᠠ ᠶᠢ ᠬᠠᠷᠢᠭᠤᠴᠠᠵᠤ᠂ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢᠨ | ᠲᠥᠷᠥᠯ ᠵᠦᠢᠯ ᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ | 5. ᠪᠦᠬᠦ ᠰᠢᠶᠠᠨ ᠤ ᠠᠮᠤ ᠪᠤᠳᠠᠭ᠎ᠠ ᠲᠤᠰᠤᠨ ᠤ ᠭᠦᠢᠯᠭᠡᠭᠡᠨ ᠤ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ | |