ᠰᠤᠷᠭᠠᠨ ᠬᠥᠮᠥᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/3/11
       ᠡᠭᠦᠷᠭᠡ ᠬᠠᠷᠢᠭᠤᠴᠠᠯᠭ᠎ᠠ᠄      ︵ᠨᠢᠭᠡ︶ ᠨᠠᠮ ᠪᠣᠯᠤᠨ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠤᠰᠢᠯᠠᠭᠤᠯᠣᠨ ᠬᠡᠷᠡᠭᠵᠢᠭᠦᠯᠵᠦ᠂ ᠪᠦᠬᠦ ᠰᠢᠶᠠᠨ ᠤ ᠰᠤᠷᠭᠠᠨ ᠬᠦᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠵᠤ᠂ ᠬᠠᠮᠢᠶ᠎ᠠ ᠪᠦᠬᠦᠢ ᠰᠤᠷᠭᠠᠨ ᠬᠥᠮᠦᠵᠢᠯ ᠤᠨ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠬᠤᠶᠠᠷ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ ᠪᠠ ᠵᠣᠬᠢᠴᠠᠭᠤᠯᠣᠨ ᠬᠠᠮᠢᠶᠠᠷᠬᠤ ᠶᠢ ᠬᠠᠷᠢᠭᠤᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠭᠲᠠᠭᠠᠭᠰᠠᠨ ᠳᠤᠮᠳᠠ ᠵᠡᠷᠭᠡ ᠶᠢᠨ᠂ ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠡᠯ᠎ᠡ ᠲᠥᠷᠥᠯ ᠤᠨ ᠰᠤᠷᠭᠠᠭᠤᠯᠢ ᠶᠢ ᠪᠠᠶᠢᠷᠢᠯᠠᠭᠤᠯᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠤᠨ᠎ᠠ᠃      ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠲᠦᠯᠬᠢᠨ ᠠᠬᠢᠭᠤᠯᠬᠤ ᠪᠠ ᠰᠤᠷᠭᠠᠨ ᠬᠥᠮᠦᠵᠢᠯ ᠤᠨ ᠭᠤᠤᠯᠴᠢ ᠪᠠᠶᠢᠬᠤ ᠶᠢ ᠲᠦᠯᠬᠢᠨ ᠠᠬᠢᠭᠤᠯᠬᠤ ᠶᠢ ᠬᠠᠷᠢᠭᠤᠴᠠᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠰᠠᠭᠤᠷᠢ ᠰᠤᠷᠭᠠᠨ ᠬᠥᠮᠦᠵᠢᠯ ᠪᠣᠯᠤᠨ ᠣᠨᠴᠠᠭᠠᠢ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠰᠠᠭᠤᠷᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠨᠳᠦᠰᠦᠨ ᠱᠠᠭᠠᠷᠳᠠᠯᠭ᠎ᠠ ᠪᠠ ᠵᠢᠭᠠᠨ ᠰᠤᠷᠭᠠᠯᠲᠠ ᠶᠢᠨ ᠦᠨᠳᠦᠰᠦᠨ ᠪᠢᠴᠢᠭ ᠮᠠᠲ᠋ᠧᠷᠢᠶᠠᠯ ᠢ ᠲᠣᠭᠲᠠᠭᠠᠵᠤ᠂ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠬᠢᠨᠠᠨ ᠲᠣᠭᠲᠠᠭᠠᠬᠤ ᠳᠤ ᠣᠷᠣᠯᠴᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠠ ᠠᠮᠤᠷ ᠲᠦᠪᠰᠢᠨ ᠤ ᠬᠠᠮᠢᠶᠠᠷᠤᠯᠲᠠ ᠶᠢ ᠵᠢᠯᠣᠭᠤᠳᠴᠣ᠂ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃      ︵ᠳᠥᠷᠪᠡ︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠢ ᠵᠢᠯᠣᠭᠤᠳᠬᠤ ᠪᠢᠴᠢᠭ ᠮᠠᠲ᠋ᠧᠷᠢᠶᠠᠯ ᠪᠣᠯᠤᠨ ᠵᠢᠭᠠᠨ ᠰᠤᠷᠭᠠᠬᠤ ᠶᠢ ᠦᠨᠡᠯᠡᠨ ᠵᠢᠱᠢᠬᠦ ᠪᠠᠷᠢᠮᠵᠢᠶ᠎ᠠ ᠶᠢ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ᠃ ᠠᠵᠢᠯ ᠮᠡᠷᠭᠡᠵᠢᠯ ᠤᠨ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠠᠷᠠᠳ ᠠᠴᠠ ᠡᠷᠬᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ ᠲᠠᠷᠢᠶᠠᠴᠢᠨ ᠤ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠨᠠᠰᠤᠨ ᠲᠤᠷᠰᠢᠳᠠ ᠶᠢᠨ ᠰᠤᠷᠭᠠᠨ ᠬᠥᠮᠦᠵᠢᠯ᠂ ᠨᠠᠰᠤᠲᠠᠶᠢᠴᠤᠳ ᠤᠨ ᠰᠤᠷᠭᠠᠨ ᠬᠥᠮᠦᠵᠢᠯ ᠵᠡᠷᠭᠡ ᠡᠯ᠎ᠡ ᠲᠦᠷᠦᠯ ᠤᠨ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠯᠡᠨ᠎ᠡ᠃       ︵ᠲᠠᠪᠤ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠥᠯᠥᠪᠵᠢᠭᠦᠯᠦᠨ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠠᠵᠢᠯ ᠢ ᠵᠢᠯᠣᠭᠤᠳᠬᠤ ᠬᠡᠷᠡᠭᠲᠡᠶ᠃      ︵ᠵᠢᠷᠭᠤᠭ᠎ᠠ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠬᠠᠷᠢᠭᠤᠴᠠᠨ᠎ᠠ᠃      ︵ᠳᠣᠯᠤᠭ᠎ᠠ︶ ᠲᠤᠰ ᠰᠠᠯᠠᠭ᠎ᠠ ᠮᠥᠴᠢᠷ ᠤᠨ ᠢᠶᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠲᠦᠯᠦᠪᠯᠡᠨ ᠬᠠᠮᠢᠶᠠᠷᠬᠤ ᠶᠢ ᠬᠠᠷᠢᠭᠤᠴᠠᠵᠤ᠂ ᠰᠤᠷᠭᠠᠨ ᠬᠥᠮᠦᠵᠢᠯ ᠤᠨ ᠵᠠᠷᠤᠳᠠᠯ ᠴᠤᠭᠯᠠᠭᠤᠯᠵᠤ ᠬᠡᠷᠡᠭᠯᠡᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠷᠣᠯᠴᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠯᠡᠵᠦ ᠪᠠᠶᠢᠭ᠎ᠠ ᠪᠠᠶᠢᠳᠠᠯ ᠢ ᠬᠢᠨᠠᠨ ᠬᠡᠮᠵᠢᠵᠦ᠂ ᠪᠦᠬᠦ ᠰᠢᠶᠠᠨ ᠤ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠷᠢᠭᠤᠴᠠᠨ ᠪᠦᠷᠢᠳᠬᠡᠨ᠎ᠡ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠤᠭᠴᠢᠳ ᠢ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃      ︵ᠨᠠᠢᠮᠠ︶ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠦᠷᠦ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠥᠯᠥᠪᠵᠢᠭᠦᠯᠦᠨ ᠵᠢᠯᠣᠭᠤᠳᠤᠨ᠎ᠠ᠃ ᠰᠤᠷᠭᠠᠭᠤᠯᠢ ᠶᠢᠨ ᠨᠢᠭᠡᠳᠦᠮᠡᠯ ᠹᠷᠣᠨᠲ ᠪᠠ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠡᠯ᠎ᠡ ᠲᠥᠷᠥᠯ ᠤᠨ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠺᠠᠳ᠋ᠷ ᠢ  ᠬᠠᠮᠢᠶᠠᠷᠣᠨ᠎ᠠ᠃      ︵ᠶᠢᠰᠦ︶ ᠪᠦᠬᠦ ᠰᠢᠶᠠᠨ ᠤ ᠪᠠᠭᠰᠢ ᠶᠢᠨ ᠠᠵᠢᠯ ᠢ ᠭᠤᠤᠯᠴᠢᠯᠠᠨ ᠬᠠᠮᠢᠶᠠᠷᠴᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡ ᠶᠢ ᠪᠠᠶᠢᠭᠤᠯᠬᠤ ᠠᠵᠢᠯ ᠢ ᠵᠢᠯᠣᠭᠤᠳᠤᠨ᠎ᠠ᠃ ᠮᠡᠷᠭᠡᠵᠢᠯ ᠤᠨ ᠴᠣᠯᠠ ᠰᠢᠯᠭᠠᠷᠠᠭᠤᠯᠬᠤ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠣᠷᠠᠨ ᠪᠦᠬᠦ ᠰᠢᠶᠠᠨ ᠤ ᠪᠠᠭᠰᠢ ᠤᠷᠢᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠪᠠᠭᠰᠢ ᠶᠢᠨ ᠠᠵᠢᠯ ᠤᠨ ᠪᠠᠶᠢᠷᠢ ᠳᠤ ᠤᠷᠢᠨ ᠲᠣᠮᠢᠯᠠᠬᠤ ᠬᠠᠮᠢᠶᠠᠷᠤᠯᠲᠠ ᠶᠢ ᠵᠢᠯᠣᠭᠤᠳᠤᠨ᠎ᠠ᠃ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠭᠰᠢ ᠶᠢᠨ ᠪᠣᠯᠪᠠᠰᠤᠷᠠᠭᠤᠯᠤᠯ ᠪᠠ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠ︶ ᠡᠯ᠎ᠡ ᠲᠥᠷᠥᠯ ᠤᠨ ᠳᠤᠮᠳᠠ ᠵᠡᠷᠭᠡ ᠶᠢᠨ᠂ ᠠᠩᠬ᠎ᠠ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠪᠠ ᠰᠤᠷᠭᠠᠭᠤᠯᠢ ᠶᠢᠨ ᠬᠠᠷᠢᠶ᠎ᠠ ᠶᠢᠨ ᠰᠤᠷᠤᠯᠭ᠎ᠠ ᠶᠢᠨ ᠨᠠᠮᠲᠠᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠲᠥᠷᠥᠯ ᠤᠨ ᠳᠤᠮᠳᠠ ᠵᠡᠷᠭᠡ ᠶᠢᠨ᠂ ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠲᠥᠯᠥᠪᠯᠡᠭᠡ ᠶᠢ ᠰᠤᠳᠤᠯᠤᠨ ᠲᠣᠭᠲᠠᠭᠠᠨ᠎ᠠ᠃ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠤᠭᠴᠢᠳ ᠤᠨ ᠭᠤᠮᠣᠳᠠᠯ ᠲᠣᠭᠠᠴᠢᠯᠲᠠ ᠶᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠠ  ᠦᠢᠯᠡᠴᠢᠯᠡᠭᠡᠨ ᠤ ᠠᠵᠢᠯ ᠥᠷᠨᠢᠭᠦᠯᠬᠦ ᠶᠢ ᠵᠢᠯᠣᠭᠤᠳᠬᠤ ᠬᠡᠷᠡᠭᠲᠡᠶ᠃      ︵ᠠᠷᠪᠠᠨ ᠨᠢᠭᠡ︶ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠤᠯ᠂ ᠰᠤᠷᠭᠠᠨ ᠬᠥᠮᠦᠵᠢᠯ ᠵᠢᠭᠠᠨ ᠰᠤᠷᠭᠠᠬᠤ ᠰᠤᠳᠤᠯᠤᠯ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠤᠨ ᠠᠵᠢᠯ ᠢ ᠵᠢᠯᠣᠭᠤᠳᠤᠨ᠎ᠠ᠃ ᠪᠦᠬᠦ ᠰᠢᠶᠠᠨ ᠤ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃      ︵ᠠᠷᠪᠠᠨ ᠬᠤᠶᠠᠷ︶ ᠬᠥᠮᠦᠵᠢᠯ ᠤᠨ ᠰᠢᠰᠲ᠋ᠧᠮ ᠤᠨ ᠲᠣᠭᠲᠠᠭᠤᠨ ᠢ ᠬᠠᠮᠠᠭᠠᠯᠠᠬᠤ ᠵᠢᠴᠢ ᠠᠶᠣᠯᠭᠦᠢ ᠶᠢᠨ ᠬᠠᠮᠢᠶᠠᠷᠤᠯᠲᠠ ᠶᠢᠨ ᠠᠵᠢᠯ ᠵᠢᠭᠠᠨ ᠵᠢᠯᠣᠭᠤᠳᠴᠤ ᠵᠣᠬᠢᠴᠠᠭᠤᠯᠣᠨ᠎ᠠ᠃ ᠰᠤᠷᠭᠠᠭᠤᠯᠢ ᠶᠢᠨ ᠠᠷᠤ ᠲᠠᠯ᠎ᠠ ᠶᠢᠨ ᠠᠵᠢᠯ ᠤᠨ ᠬᠠᠮᠢᠶᠠᠷᠣᠯᠲᠠ ᠬᠢᠭᠡᠳ ᠥᠭᠡᠷᠡᠴᠢᠯᠡᠯᠲᠡ ᠶᠢᠨ ᠠᠵᠢᠯ ᠢ ᠵᠢᠯᠣᠭᠤᠳᠣᠨ᠎ᠠ᠃      ︵ᠠᠷᠪᠠᠨ ᠭᠤᠷᠪᠠ︶ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠭᠠᠳᠠᠭᠠᠳᠤ ᠯᠤᠭ᠎ᠠ ᠶᠢᠨ ᠬᠠᠮᠲᠣᠷᠠᠯᠴᠠᠭ᠎ᠠ ᠪᠠ ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠰᠢᠶᠠᠩᠭᠠᠩ ᠣᠣᠮᠧᠨ ᠲᠠᠶᠢᠸᠠᠨ ᠣᠷᠣᠨ ᠯᠤᠭ᠎ᠠ ᠶᠢᠨ ᠰᠤᠷᠭᠠᠨ ᠬᠥᠮᠦᠵᠢᠯ ᠤᠨ ᠬᠤᠷᠰᠢᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃      ︵ᠠᠷᠪᠠᠨ ᠳᠥᠷᠪᠡ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠤᠨ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠬᠢᠲᠠᠳ ᠬᠡᠯᠡ ᠦᠰᠦᠭ ᠪᠢᠴᠢᠭ ᠤᠨ ᠠᠵᠢᠯ ᠢ ᠵᠢᠷᠤᠮᠵᠢᠭᠤᠯᠬᠤ ᠪᠠᠶᠢᠭᠤᠯᠤᠯᠲᠠ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠬᠢᠲᠠᠳ ᠨᠡᠶᠢᠲᠡᠯᠢᠭ ᠬᠡᠯᠡ ᠪᠠ ᠬᠢᠲᠠᠳ ᠨᠡᠶᠢᠲᠡᠯᠢᠭ ᠬᠡᠯᠡᠨ ᠤ ᠪᠠᠭᠰᠢ ᠶᠢ ᠪᠣᠯᠪᠠᠰᠤᠷᠠᠭᠤᠯᠬᠤ ᠠᠵᠢᠯ ᠢ ᠵᠢᠯᠣᠭᠤᠳᠤᠨ᠎ᠠ᠃      ︵ᠠᠷᠪᠠᠨ ᠲᠠᠪᠤ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠣᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠵᠢᠷᠭᠤᠭ᠎ᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1