ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/3/11
      ᠡᠭᠦᠷᠭᠡ ᠬᠠᠷᠢᠭᠤᠴᠠᠯᠭ᠎ᠠ᠄      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠵᠢᠴᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠳᠬᠠᠨ ᠰᠢᠯᠢᠳᠡᠭᠵᠢᠭᠦᠯᠵᠦ ᠬᠤᠪᠢᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠦᠷᠢᠮ ᠪᠣᠯᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠤᠷᠸ᠎ᠠ ᠬᠠᠮᠢᠶᠠᠷᠣᠯᠲᠠ ᠪᠣᠯᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ᠃ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠯᠥᠪᠵᠢᠭᠦᠯᠭᠡ ᠶᠢ ᠲᠦᠷᠦᠭᠦᠯᠡᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃      ︵ᠬᠤᠶᠠᠷ︶ ᠰᠢᠶᠠᠨ ᠤ ᠬᠡᠪᠴᠢᠶᠡᠨ ᠤ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠤᠨ ᠰᠠᠭᠤᠷᠢ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃      ︵ᠭᠤᠷᠪᠠ︶ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠠᠵᠢᠯ ᠤᠨ ᠰᠡᠳᠬᠢᠴᠡ ᠵᠢᠴᠢ ᠬᠠᠷᠠᠯᠲᠠ ᠶᠢᠨ ᠡᠭᠦᠷᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠠᠩᠬ᠎ᠠ ᠬᠢᠨᠠᠬᠤ᠂ ᠬᠤᠷᠢᠶᠠᠩᠭᠤᠶᠢᠯᠠᠬᠤ᠂ ᠪᠠᠲᠤᠯᠠᠨ ᠲᠠᠨᠢᠯᠴᠠᠭᠤᠯᠬᠤ ᠪᠠ ᠬᠠᠮᠵᠢᠯᠴᠠᠨ ᠵᠢᠯᠣᠭᠤᠳᠬᠤ᠂ ᠬᠢᠨᠠᠯᠲᠠ ᠲᠠᠯᠪᠢᠬᠤ᠂ ᠰᠢᠯᠭᠠᠨ ᠠᠪᠬᠤ ᠵᠡᠷᠭᠡ ᠠᠵᠢᠯ ᠢ ᠬᠠᠷᠢᠭᠤᠴᠠᠨ᠎ᠠ᠃      ︵ᠲᠠᠪᠤ︶ ᠳᠡᠭᠡᠳᠦ ᠰᠢᠨ᠎ᠡ ᠮᠡᠷᠭᠡᠵᠢᠯ ᠤᠨ ᠬᠦᠷᠢᠶ᠎ᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠬᠥᠭᠵᠢᠯᠲᠡ  ᠶᠢᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠶᠢ ᠥᠷᠨᠢᠭᠦᠯᠦᠨ᠎ᠡ︔ ᠪᠦᠬᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠵᠡᠷᠭᠡ  ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠳᠡᠭᠡᠳᠦ ᠰᠢᠨ᠎ᠡ ᠮᠡᠷᠭᠡᠵᠢᠯ ᠵᠢᠴᠢ ᠠᠵᠤ ᠦᠶᠯᠡᠰᠵᠢᠯᠲᠡ᠂ ᠦᠢᠯᠡᠴᠢᠯᠡᠭᠡᠨ ᠤ ᠦᠢᠯᠡᠰ ᠵᠢᠴᠢ ᠨᠡᠶᠢᠭᠡᠮ ᠤᠨ ᠬᠦᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠳᠡᠮᠵᠢᠬᠦ ᠴᠢᠭᠯᠡᠯ᠂ ᠭᠤᠤᠯᠳᠠᠯᠭ᠎ᠠ ᠵᠡᠷᠭᠡ ᠶᠢ ᠰᠤᠳᠤᠯᠤᠨ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠯᠬᠢᠨ ᠠᠬᠢᠭᠤᠯᠤᠨ᠎ᠠ᠃      ︵ᠵᠢᠷᠭᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠣᠷᠠᠨ ᠲᠠᠷᠢᠶᠠᠯᠠᠩ ᠤᠨ ᠬᠡᠷᠡᠭᠯᠡᠭᠡᠨ ᠤ ᠮᠡᠷᠭᠡᠵᠢᠯ ᠳᠡᠯᠭᠡᠷᠡᠭᠦᠯᠬᠦ᠂ ᠪᠣᠯᠪᠠᠰᠤᠷᠠᠭᠤᠯᠬᠤ᠂ ᠲᠠᠷᠢᠶᠠᠯᠠᠩ ᠤᠨ ᠪᠠᠷᠢᠮᠵᠢᠶᠠᠵᠢᠭᠤᠯᠤᠯᠲᠠ ᠵᠡᠷᠭᠡ ᠠᠵᠢᠯ ᠢ ᠥᠷᠨᠢᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠤᠬᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠬᠠᠮᠢᠶᠠᠷᠬᠤ᠂ ᠬᠢᠨᠠᠨ ᠰᠢᠯᠭᠠᠬᠤ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠳᠣᠯᠤᠭ᠎ᠠ︶ ᠪᠦᠬᠦ ᠰᠢᠶᠠᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠣᠨᠴᠠᠯᠢᠭᠲᠤ ᠠᠵᠤ ᠦᠶᠯᠡᠰᠵᠢᠯᠲᠡ ᠶᠢᠨ ᠰᠠᠭᠤᠷᠢᠨ ᠭᠠᠵᠠᠷ ᠂ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠵᠡᠷᠭᠡ ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠪᠡ ᠪᠠ ᠬᠠᠮᠢᠶᠠᠷᠤᠯᠲᠠ ᠶᠢ ᠬᠠᠷᠢᠭᠤᠴᠠᠨ᠎ᠠ᠃      ︵ᠨᠠᠢᠮᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠣᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠵᠢᠴᠢ ᠤᠯᠤᠰ ︵ᠬᠢᠯᠢ︶ ᠤᠨ ᠭᠠᠳᠠᠨᠠᠬᠢ ᠴᠢᠳᠠᠪᠣᠷᠢᠲᠠᠨ ᠪᠠ ᠣᠶᠤᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠣᠨ᠎ᠠ᠃      ︵ᠶᠢᠰᠦ︶ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠬᠠᠷᠢᠯᠴᠠᠭ᠎ᠠ ᠬᠢᠭᠡᠳ ᠰᠢᠨ᠎ᠡ ᠶᠢ ᠡᠭᠦᠳᠬᠦ ᠴᠢᠳᠠᠪᠤᠷᠢ ᠶᠢᠨ ᠨᠡᠭᠡᠭᠡᠯᠲᠡ ᠬᠢᠵᠦ ᠬᠠᠮᠲᠤᠷᠠᠯᠴᠠᠬᠤ ᠲᠥᠯᠥᠪᠵᠢᠭᠦᠯᠭᠡ᠂ ᠲᠦᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠤᠭᠤᠷᠣᠨᠳᠣᠬᠢ ᠬᠤᠶᠠᠷ ᠲᠠᠯ᠎ᠠ ᠶᠢᠨ ᠪᠠ ᠣᠯᠠᠨ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠠ ᠰᠣᠯᠢᠯᠴᠠᠭᠠᠨ ᠤ ᠠᠵᠢᠯ ᠢ ᠬᠠᠷᠢᠭᠤᠴᠠᠨ᠎ᠠ︔ ᠠᠷᠠᠳ ᠤᠨ ᠳᠤᠮᠳᠠᠬᠢ ᠴᠢᠬᠤᠯᠠ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠴᠠᠭᠤᠯᠣᠨ᠎ᠠ︔ ᠰᠢᠶᠠᠩ ᠪᠠᠯᠭᠠᠰᠤ᠂ ᠠᠵᠤ ᠠᠬᠤᠶᠢᠯᠠᠯ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠰᠣᠯᠢᠯᠴᠠᠬᠤ ᠠᠵᠢᠯ ᠢ ᠥᠷᠨᠢᠭᠦᠯᠬᠦ ᠬᠡᠷᠡᠭᠲᠡᠶ᠃      ︵ᠠᠷᠪᠠ︶ ᠪᠥᠬᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ᠂ ᠮᠡᠷᠭᠡᠵᠢᠯ ᠤᠨ ᠵᠠᠬ᠎ᠠ ᠳᠡᠯᠭᠡᠭᠦᠷ ᠵᠡᠷᠭᠡ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠠᠬᠢᠭᠤᠯᠵᠣ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ︔ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠣᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1