ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2024/3/11
      ︵ᠨᠢᠭᠡ︶ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠶᠠᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠭᠤᠰᠢᠯᠠᠭᠤᠯᠣᠨ ᠬᠡᠷᠡᠭᠵᠢᠭᠦᠯᠵᠦ᠂ ᠦᠨᠳᠦᠰᠦᠲᠡᠨ ᠤ ᠣᠨᠣᠯ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠣᠳᠣᠯᠣᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠰᠢᠶᠠᠨ ᠤ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠳᠤ ᠬᠤᠯᠪᠣᠭᠳᠠᠬᠤ ᠰᠠᠨᠠᠭᠤᠯᠭ᠎ᠠ ᠶᠢ ᠳᠤᠷᠠᠳᠤᠨ᠎ᠠ︔ ᠪᠦᠬᠦ ᠰᠢᠶᠠᠨ ᠤ ᠬᠤᠯᠪᠣᠭᠳᠠᠯ ᠪᠦᠬᠦᠢ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠭᠦᠢᠴᠡᠳᠬᠡᠭᠰᠡᠨ ᠪᠠᠶᠢᠳᠠᠯ ᠢ ᠰᠢᠮᠳᠠᠭᠤᠯᠣᠨ ᠪᠠᠶᠢᠴᠠᠭᠠᠨ᠎ᠠ︔ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃      ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠵᠢᠯᠣᠭᠤᠳᠤᠨ᠎ᠠ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠤᠨ ᠤᠴᠢᠷ ᠶᠠᠪᠤᠳᠠᠯ ᠳᠤ ᠬᠢᠨᠠᠯᠲᠠ ᠲᠠᠯᠪᠢᠨ ᠰᠢᠢᠳᠪᠦᠷᠢᠯᠡᠵᠦ᠂ ᠴᠦᠬᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ︔ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠤ ᠳᠤᠮᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠨᠡᠶᠢᠭᠡᠮ ᠤᠨ ᠲᠣᠭᠲᠠᠭᠤᠨ ᠪᠠᠶᠢᠳᠠᠯ ᠢ ᠵᠣᠬᠢᠴᠠᠭᠤᠯᠬᠤ ᠠᠵᠢᠯ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃      ︵ᠭᠤᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠢᠮᠳᠠᠭᠤᠯᠵᠤ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠠᠵᠤ ᠠᠬᠤᠶ ᠶᠢᠨ ᠬᠦᠭᠵᠢᠯᠲᠡ ᠪᠣᠯᠤᠨ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠠᠬᠢ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠪᠠ ᠵᠣᠯᠭᠠᠭᠤᠯᠬᠤ ᠶᠢ ᠠᠬᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠬᠢ ᠠᠰᠠᠭᠤᠳᠠᠯ ᠢ ᠰᠤᠳᠤᠯᠤᠨ ᠵᠠᠳᠠᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠬᠤ ᠪᠤᠶᠤ ᠬᠠᠮᠵᠢᠯᠴᠠᠨ ᠬᠠᠮᠢᠶ᠎ᠠ ᠪᠦᠬᠦᠢ ᠤᠴᠢᠷ ᠶᠠᠪᠤᠳᠠᠯ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠥᠷᠥᠯ ᠢᠶᠠᠷ ᠲᠤᠰᠠᠯᠠᠬᠤ ᠪᠠ ᠠᠵᠤ ᠠᠬᠤᠶ ᠮᠡᠷᠭᠡᠵᠢᠯ ᠤᠨ ᠬᠤᠷᠰᠢᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠲᠦ ᠬᠡᠷᠡᠭᠰᠡᠯ ᠤᠨ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠬᠤ ᠳᠤ ᠣᠷᠣᠯᠴᠠᠨ᠎ᠠ᠃ ᠰᠢᠶᠠᠩ ᠪᠠᠯᠭᠠᠰᠤ᠂ ᠨᠡᠭᠡᠭᠡᠯᠲᠡ ᠶᠢᠨ ᠲᠣᠭᠤᠷᠢᠭ ᠤᠨ ᠦᠨᠳᠦᠰᠦᠲᠡᠨ ᠤ ᠠᠵᠢᠯ ᠪᠣᠯᠤᠨ ᠮᠣᠩᠭᠤᠯ ᠬᠡᠯᠡ ᠪᠢᠴᠢᠭ ᠤᠨ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠬᠦ ᠬᠡᠷᠡᠭᠲᠡᠶ᠃      ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠦᠢᠯᠡᠰ ᠵᠡᠷᠭᠡ ᠲᠤᠰᠬᠠᠶ ᠵᠦᠢᠯ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠤᠯᠪᠣᠭᠳᠠᠯ ᠪᠦᠬᠦᠢ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ  ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠪᠣᠯᠤᠨ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃      ︵ᠲᠠᠪᠤ︶ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠡᠷᠬᠢᠯᠡᠵᠦ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠪᠣᠯᠤᠨ ᠣᠷᠣᠨ ᠪᠦᠰᠡ ᠲᠠᠢ ᠬᠠᠷᠢᠯᠴᠠᠬᠤ ᠬᠡᠷᠡᠭᠲᠡᠶ᠃      ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠣᠳᠣᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ ᠢ ᠬᠠᠮᠢᠶᠠᠷᠤᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠠ ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠬᠦ ᠠᠵᠢᠯ ᠢ ᠵᠢᠯᠣᠭᠤᠳᠤᠨ᠎ᠠ᠃      ︵ᠳᠣᠯᠤᠭ᠎ᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠦᠯᠦᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠪᠣᠶᠢᠵᠢᠭᠤᠯᠬᠤ᠂ ᠬᠦᠮᠦᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃      ︵ᠨᠠᠢᠮᠠ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠶᠣᠰᠣᠭᠠᠷ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠣᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠶᠢᠰᠦ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1