ᠳᠣᠲᠣᠭᠠᠳᠤ ᠶᠢ ᠬᠠᠮᠠᠭᠠᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2024/3/11
      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠨᠠᠮ ᠪᠠ ᠲᠦᠷᠦ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠲᠥᠰᠦᠯ ᠢ ᠰᠤᠳᠤᠯᠤᠨ ᠲᠣᠭᠲᠠᠭᠠᠨ᠎ᠠ︔ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠪᠠᠶᠢᠷᠢᠯᠠᠭᠤᠯᠵᠤ᠂ ᠵᠢᠯᠣᠭᠤᠳᠴᠤ᠂ ᠲᠡᠭᠦᠨ ᠳᠤ ᠬᠢᠨᠠᠯᠲᠠ ᠲᠠᠯᠪᠢᠨ᠎ᠠ᠃      ︵ᠬᠤᠶᠠᠷ︶ ᠪᠦᠬᠦ ᠰᠢᠶᠠᠨ ᠤ ᠨᠡᠶᠢᠭᠡᠮ ᠤᠨ ᠲᠣᠭᠲᠠᠭᠤᠨ ᠪᠠᠶᠢᠳᠠᠯ᠂ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠪᠠᠶᠢᠳᠠᠯ ᠢ ᠬᠠᠷᠢᠭᠤᠴᠠᠨ ᠡᠵᠡᠮᠰᠢᠵᠦ᠂ ᠪᠠᠶᠢᠳᠠᠯ ᠢ ᠵᠠᠳᠠᠯᠤᠨ ᠰᠢᠨᠵᠢᠯᠡᠵᠦ᠂ ᠠᠷᠭᠠᠴᠠᠭᠠᠬᠤ ᠪᠤᠳᠤᠯᠭ᠎ᠠ ᠲᠣᠭᠲᠠᠭᠠᠨ᠎ᠠ︔ ᠬᠦᠨᠳᠦ ᠶᠡᠭᠡ ᠠᠮᠤᠷ ᠲᠦᠪᠰᠢᠨ ᠤ ᠭᠡᠨᠡᠳᠡᠯ ᠪᠠ  ᠣᠯᠠᠨ ᠨᠡᠶᠢᠲᠡ ᠶᠢᠨ ᠴᠢᠨᠠᠷᠲᠠᠶ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ︔ ᠴᠢᠬᠤᠯᠠ ᠶᠡᠭᠡ ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠶᠢ ᠪᠠᠶᠢᠷᠢᠯᠠᠭᠤᠯᠬᠤ ᠪᠠ ᠵᠢᠯᠣᠭᠤᠳᠤᠨ᠎ᠠ᠃      ︵ᠭᠤᠷᠪᠠ︶ ᠪᠦᠬᠦ ᠰᠢᠶᠠᠨ ᠤ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠵᠣᠬᠢᠬᠤ ᠬᠠᠷᠢᠭᠤᠴᠠᠯᠭ᠎ᠠ ᠡᠭᠦᠷᠭᠡᠯᠡᠨ᠎ᠡ︔ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠡᠮᠬᠢ ᠵᠢᠷᠤᠮ ᠳᠤ ᠬᠤᠤᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠬᠦ ᠠᠵᠢᠯ ᠢ ᠬᠢᠨᠠᠨ ᠬᠠᠮᠢᠶᠠᠷᠴᠤ᠂ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠬᠠᠷᠢᠭᠤᠴᠠᠬᠤ ᠪᠠ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃      ︵ᠲᠦᠷᠪᠡ︶ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠮᠦᠷᠳᠡᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ︔ ᠡᠯ᠎ᠡ ᠲᠥᠷᠥᠯ ᠤᠨ ᠶᠠᠯᠠᠲᠤ ᠬᠡᠷᠡᠭ ᠢ ᠮᠦᠷᠳᠡᠨ ᠰᠢᠢᠳᠪᠦᠷᠢᠯᠡᠬᠦ ᠶᠢ ᠬᠠᠷᠢᠭᠤᠴᠠᠨ᠎ᠠ᠃      ︵ᠲᠠᠪᠤ︶ ᠬᠢᠯᠢ ᠪᠠᠷ ᠣᠷᠣᠵᠤ ᠭᠠᠷᠬᠤ ᠪᠠ ᠡᠷᠦᠬᠡ ᠶᠢᠨ ᠶᠠᠪᠤᠳᠠᠯ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠰᠠᠭᠤᠷᠢ ᠪᠥᠲᠥᠭᠡᠨ ᠪᠠᠶᠢᠭᠤᠯᠣᠯᠲᠠ ᠶᠢᠨ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠬᠠᠷᠢᠭᠤᠴᠠᠬᠤ ᠶᠢᠨ ᠬᠠᠮᠲᠤ ᠵᠣᠬᠢᠬᠤ ᠬᠠᠷᠢᠭᠤᠴᠠᠯᠭ᠎ᠠ ᠡᠭᠦᠷᠭᠡᠯᠡᠨ᠎ᠡ︔ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠲᠦᠢᠮᠡᠷ ᠢ ᠰᠡᠷᠭᠡᠶᠢᠯᠡᠬᠦ᠂ ᠭᠠᠯ ᠲᠦᠢᠮᠡᠷ ᠢ ᠤᠨᠲᠠᠷᠠᠭᠠᠬᠤ ᠪᠠ ᠳᠣᠲᠣᠭᠠᠳᠤ ᠶᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠵᠣ ᠠᠶᠤᠯ ᠠᠴᠠ ᠠᠪᠤᠷᠠᠨ ᠲᠤᠰᠠᠯᠠᠬᠤ ᠠᠵᠢᠯ ᠢ ᠵᠢᠯᠣᠭᠤᠳᠴᠤ᠂ ᠬᠢᠨᠠᠯᠲᠠ ᠲᠠᠯᠪᠢᠵᠤ᠂ ᠵᠣᠬᠢᠴᠠᠭᠤᠯᠬᠤ ᠬᠡᠷᠡᠭᠲᠡᠶ︔ ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ ᠴᠡᠷᠢᠭ ᠠᠩᠭᠢ ᠶᠢ ᠤᠳᠤᠷᠢᠳᠴᠤ᠂ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠵᠢᠯᠣᠭᠤᠳᠤᠨ᠎ᠠ᠃      ︵ᠳᠣᠯᠤᠭ᠎ᠠ︶ ᠪᠦᠬᠦ ᠰᠢᠶᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃      ︵ᠨᠠᠢᠮᠠ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠬᠠᠷᠢᠭᠤᠴᠠᠨ ᠬᠢᠨᠠᠨ ᠬᠠᠮᠢᠶᠠᠷᠤᠨ᠎ᠠ︔ ᠬᠠᠷᠢᠶ᠎ᠠ ᠣᠷᠣᠨ ᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠰᠢᠢᠳᠪᠦᠷᠢᠯᠡᠬᠦ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠰᠦᠷᠳᠡᠭᠦᠯᠦᠯ ᠢ ᠡᠰᠡᠷᠭᠦᠴᠡᠬᠦ ᠠᠵᠢᠯᠯᠠᠭ᠎ᠠ ᠶᠢ ᠰᠡᠷᠭᠡᠶᠢᠯᠡᠬᠦ᠂ ᠮᠦᠷᠳᠡᠨ ᠪᠠᠶᠢᠴᠠᠭᠠᠬᠤ᠂ ᠴᠣᠬᠢᠯᠲᠠ ᠥᠭᠬᠦ ᠠᠵᠢᠯ ᠢ ᠬᠠᠷᠢᠭᠤᠴᠠᠨ᠎ᠠ︔ ᠬᠠᠷᠢᠶ᠎ᠠ ᠣᠷᠣᠨ ᠤ ᠬᠤᠤᠷᠲᠤ ᠡᠳ᠋ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠷᠢᠭᠤᠴᠠᠨ ᠡᠵᠡᠮᠰᠢᠵᠦ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠵᠦ ᠲᠡᠭᠦᠨ ᠳᠤ ᠴᠣᠬᠢᠯᠲᠠ ᠥᠭᠭᠦᠨ᠎ᠡ︔ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠤᠨ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠢ  ᠵᠢᠯᠣᠭᠤᠳᠴᠣ᠂ ᠬᠠᠷᠢᠭᠤᠴᠠᠨ᠎ᠠ᠃      ︵ᠶᠢᠰᠦ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡᠯᠡᠬᠦ ᠡᠷᠡᠭᠦᠤ ᠶᠢᠨ ᠬᠠᠣᠯᠢ ᠶᠢ ᠭ᠊ ᠭᠦᠢᠴᠡᠳᠬᠡᠬᠦ ᠠᠵᠢᠯ ᠢ ᠬᠠᠷᠢᠭᠤᠴᠠᠨ᠎ᠠ︔ ᠬᠤᠷᠢᠶᠠᠮᠵᠢᠯᠠᠨ ᠰᠣᠷᠭᠠᠨ ᠬᠥᠮᠦᠵᠢᠭᠦᠯᠬᠦ᠂ ᠬᠥᠳᠡᠯᠮᠦᠷᠢ ᠪᠠᠷ ᠰᠣᠷᠭᠠᠨ ᠬᠥᠮᠦᠵᠢᠭᠦᠯᠬᠦ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠤᠯᠢ ᠶᠣᠰᠣᠭᠠᠷ ᠭᠦᠢᠴᠡᠳᠬᠡᠵᠦ᠂ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠠᠵᠢᠯ ᠢ ᠬᠠᠷᠢᠭᠤᠴᠠᠨ᠎ᠠ᠃      ︵ᠠᠷᠪᠠ︶ ᠬᠤᠯᠪᠣᠭᠳᠠᠯ ᠪᠦᠬᠦᠢ ᠨᠠᠮ ᠪᠠ ᠲᠦᠷᠦ ᠶᠢᠨ ᠤᠳᠤᠷᠢᠳᠬᠤ ᠬᠥᠮᠦᠨ ᠵᠢᠴᠢ ᠭᠠᠳᠠᠭᠠᠳᠤ ᠶᠢᠨ ᠴᠢᠬᠤᠯᠠ ᠵᠣᠴᠢᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠬᠠᠷᠢᠭᠤᠴᠠᠬᠤ ᠶᠢᠨ ᠬᠠᠮᠲᠤ ᠵᠣᠬᠢᠬᠤ ᠬᠠᠷᠢᠭᠤᠴᠠᠯᠭ᠎ᠠ ᠡᠭᠦᠷᠭᠡᠯᠡᠨ᠎ᠡ᠃      ︵ᠠᠷᠪᠠᠨ ᠨᠢᠭᠡ︶ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠪᠠ ᠮᠡᠷᠭᠡᠵᠢᠯ ᠤᠨ ᠠᠮᠣᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠬᠠᠮᠲᠣ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠷᠤᠳᠠᠯ᠂ ᠲᠣᠨᠣᠭᠯᠠᠯ᠂ ᠬᠤᠪᠴᠠᠰᠤ ᠬᠤᠨᠠᠷ ᠤᠨ ᠲᠥᠯᠥᠪᠵᠢᠭᠦᠯᠭᠡ ᠶᠢ ᠬᠠᠷᠢᠭᠤᠴᠠᠨ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠴᠠᠭᠳᠠᠭᠠᠨ ᠤ ᠶᠠᠪᠤᠳᠠᠯ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠪᠠ ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ︔ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠣᠲᠣᠷ᠎ᠠ ᠺᠠᠳ᠋ᠷ ᠢ ᠬᠠᠮᠢᠶᠠᠷᠤᠨ᠎ᠠ︔ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢᠨ ᠬᠡᠷᠡᠭ ︵ᠤᠴᠢᠷ︶ ᠢ ᠬᠦᠯᠢᠶᠡᠨ ᠠᠪᠴᠤ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠢᠮᠳᠠᠭᠤᠯᠣᠨ᠂ ᠪᠠᠶᠢᠴᠠᠭᠠᠵᠤ᠂  ᠵᠢᠯᠣᠭᠤᠳᠣᠨ᠎ᠠ᠃      ︵ᠠᠷᠪᠠᠨ ᠳᠥᠷᠪᠡ︶ ᠰᠢᠶᠠᠨ ᠤ ᠳᠣᠲᠣᠷᠠᠬᠢ ᠡᠯ᠎ᠡ ᠲᠤᠰᠬᠠᠶ ᠠᠵᠢᠯ ᠤᠨ ᠴᠠᠭᠳᠠᠭᠠᠨ ᠤ ᠡᠩᠨᠡᠭᠡᠨ ᠤ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠬᠠᠷᠢᠭᠤᠴᠠᠨ ᠵᠣᠬᠢᠴᠠᠭᠤᠯᠬᠤ ᠪᠠ ᠵᠢᠯᠣᠭᠤᠳᠤᠨ᠎ᠠ᠃      ︵ᠠᠷᠪᠠᠨ ᠲᠠᠪᠤ︶ ᠰᠢᠶᠠᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠤᠰᠢᠶᠠᠭᠰᠠᠨ ᠪᠤᠰᠤᠳ ᠶᠠᠪᠤᠳᠠᠯ ᠤᠳ ᠢ ᠳᠠᠭᠠᠭᠠᠨ ᠠᠪᠴᠤ ᠰᠢᠢᠳᠪᠦᠷᠢᠯᠡᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1