ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/11
      ᠬᠠᠤᠯᠢ ᠴᠠᠭᠠᠵᠠ ᠶᠢᠨ ᠲᠣᠪᠴᠢᠶ᠎ᠠ ᠪᠣᠯ ᠰᠢᠶᠠᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠲᠡᠰ ᠪᠣᠯᠤᠨ᠎ᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠶᠠᠨ ᠤ ᠬᠤᠷᠢᠶ᠎ᠠ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠬᠤᠷᠢᠶᠠᠨ ᠤ ᠠᠯᠪᠠᠨ ᠭᠡᠷ ᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠪᠠᠶᠢᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠵᠥᠪᠯᠡᠯ ᠤᠨ ᠰᠢᠭᠤᠳ ᠤᠳᠤᠷᠢᠳᠤᠯᠭ᠎ᠠ ᠶᠢ ᠬᠦᠯᠢᠶᠡᠵᠦ᠂ ᠰᠢᠶᠠᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠵᠥᠪᠯᠡᠯ ᠤᠨ ᠪᠣᠳᠠᠲᠠᠢ ᠠᠵᠢᠯ ᠢ ᠡᠭᠦᠷᠭᠡᠯᠡᠵᠦ᠂ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠴᠢᠬᠤᠯᠠ ᠶᠡᠭᠡ ᠠᠰᠠᠭᠤᠳᠠᠯ ᠤᠨ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠶᠠᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠵᠥᠪᠯᠡᠯ ᠤᠨ ᠲᠣᠭᠲᠠᠭᠠᠭᠰᠠᠨ ᠤᠴᠢᠷ ᠶᠠᠪᠤᠳᠠᠯ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠵᠣᠬᠢᠴᠠᠭᠤᠯᠤᠨ ᠱᠠᠯᠠᠪᠳᠠᠭᠤᠯᠤᠨ ᠨᠠᠶᠢᠳᠠᠪᠤᠷᠢᠵᠢᠭᠤᠯᠪᠠ᠃ ᠰᠢᠶᠠᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠵᠥᠪᠯᠡᠯ ᠤᠨ ᠠᠯᠪᠠᠨ ᠭᠡᠷ ᠤᠨ ᠡᠳᠦᠷ ᠲᠤᠳᠤᠮ ᠤᠨ ᠬᠡᠷᠡᠭ ᠶᠠᠪᠤᠳᠠᠯ ᠢ ᠰᠢᠢᠳᠪᠦᠷᠢᠯᠡᠨ᠎ᠡ᠃ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠣᠲᠣᠭᠠᠳᠤ ᠪᠠᠶᠢᠭᠤᠯᠤᠮᠵᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠰᠢᠶᠠᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠶᠣᠰᠣᠭᠠᠷ ᠰᠢᠶᠠᠨ ᠢᠶᠠᠨ ᠵᠠᠰᠠᠬᠤ ᠬᠤᠷᠢᠶᠠᠨ ᠤ ᠠᠯᠪᠠᠨ ᠭᠡᠷ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠰᠢᠶᠠᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠶᠣᠰᠣᠭᠠᠷ ᠰᠢᠶᠠᠨ ᠢᠶᠠᠨ ᠵᠠᠰᠠᠬᠤ ᠬᠤᠷᠢᠶᠠᠨ ᠤ ᠠᠯᠪᠠᠨ ᠭᠡᠷ ᠤᠨ ᠨᠢᠭᠡᠲᠦᠯᠲᠡᠢ ᠲᠥᠯᠥᠪᠯᠡᠨ ᠵᠣᠬᠢᠴᠠᠭᠤᠯᠬᠤ ᠶᠢ ᠬᠦᠯᠢᠶᠡᠬᠦ ᠬᠡᠷᠡᠭᠲᠡᠶ᠃      ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠴᠠᠭᠠᠵᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃      ︵ᠨᠢᠭᠡ︶ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠬᠠᠣᠯᠢ ᠶᠣᠰᠣᠭᠠᠷ ᠰᠢᠶᠠᠨ ᠢ ᠵᠠᠰᠠᠬᠤ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      ︵ᠬᠤᠶᠠᠷ︶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠬᠡᠷᠡᠭᠵᠢᠭᠦᠯᠬᠦ ᠶᠠᠪᠤᠴᠠ ᠳᠠᠬᠢ ᠬᠤᠯᠪᠣᠭᠳᠠᠯ ᠪᠦᠬᠦᠢ ᠮᠠᠷᠭᠤᠯᠳᠤᠭᠠᠨ ᠪᠠ ᠠᠰᠠᠭᠤᠳᠠᠯ ᠢ ᠬᠠᠷᠢᠭᠤᠴᠠᠨ ᠵᠣᠬᠢᠴᠠᠭᠤᠯᠤᠨ᠎ᠠ᠃      ︵ᠭᠤᠷᠪᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠰᠢᠶᠠᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠬᠠᠣᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠨ᠎ᠠ᠃ ᠪᠦᠬᠦ ᠰᠢᠶᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠪᠦᠬᠦ ᠰᠢᠶᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠣᠨ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃      ︵ᠲᠦᠷᠪᠡ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠰᠢᠶᠠᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠬᠠᠷᠢᠭᠤᠴᠠᠨ ᠲᠣᠭᠤᠷᠪᠢᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ ᠶᠢ ᠠᠬᠢᠭᠤᠯᠤᠨ᠎ᠠ᠃ ᠪᠦᠬᠦ ᠰᠢᠶᠠᠨ ᠤ ᠬᠠᠤᠯᠢ ᠶᠣᠰᠣᠭᠠᠷ ᠵᠠᠰᠠᠬᠤ ᠪᠠ ᠬᠠᠤᠯᠢ ᠳᠦᠷᠢᠮ ᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠲᠠᠪᠤ︶ ᠪᠦᠬᠦ ᠰᠢᠶᠠᠨ ᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠬᠠᠷᠢᠭᠤᠴᠠᠨ ᠵᠢᠯᠣᠭᠤᠳᠴᠤ ᠬᠠᠮᠢᠶᠠᠷᠣᠨ᠎ᠠ᠃ ᠪᠦᠬᠦ ᠰᠢᠶᠠᠨ ᠤ ᠡᠷᠡᠭᠦᠤ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠢ ᠬᠠᠪᠰᠤᠷᠤᠨ ᠬᠥᠮᠦᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃      ︵ᠵᠢᠷᠭᠤᠭ᠎ᠠ︶ ᠪᠦᠬᠦ ᠰᠢᠶᠠᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ ᠪᠠ ᠵᠢᠯᠣᠭᠤᠳᠤᠨ ᠬᠡᠷᠡᠭᠵᠢᠭᠦᠯᠬᠦ ᠶᠢ ᠬᠠᠷᠢᠭᠤᠴᠠᠵᠤ᠂ ᠬᠤᠲᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠦᠯᠦᠪᠯᠡᠨ ᠪᠠᠶᠢᠷᠢᠰᠢᠭᠤᠯᠤᠨ᠎ᠠ᠃ ᠪᠦᠬᠦ ᠰᠢᠶᠠᠨ ᠤ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠣᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ ᠃ ᠰᠢᠶᠠᠨ ᠤ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ ᠰᠢᠶᠠᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃      ︵ᠳᠣᠯᠤᠭ᠎ᠠ︶ ᠪᠥᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ ᠬᠤᠨᠠᠷ ᠪᠠ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠪᠡᠯᠡᠳᠬᠡᠮᠵᠢ᠂ ᠲᠠᠯᠠᠪᠤᠷ ᠭᠠᠵᠠᠷ ᠵᠡᠷᠭᠡ ᠪᠠᠲᠤᠯᠠᠭ᠎ᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃      ︵ᠨᠠᠢᠮᠨ︶ ᠪᠦᠬᠦ ᠰᠢᠶᠠᠨ ᠤ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠲᠥᠯᠥᠪᠵᠢᠭᠦᠯᠦᠨ᠂ ᠵᠣᠬᠢᠴᠠᠭᠤᠯᠵᠤ᠂ ᠵᠢᠯᠣᠭᠤᠳᠴᠤ᠂ ᠪᠦᠬᠦ ᠰᠢᠶᠠᠨ ᠤ ᠬᠠᠤᠯᠢ ᠴᠠᠭᠠᠵᠠ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠴᠤ᠂ ᠲᠡᠭᠦᠨ ᠳᠤ ᠬᠢᠨᠠᠯᠲᠠ ᠲᠠᠯᠪᠢᠨ᠎ᠠ᠃ ᠪᠦᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠣᠯᠲᠠ ᠪᠠ ᠴᠠᠭᠳᠠᠭᠠᠨ ᠤ ᠶᠠᠪᠤᠳᠠᠯ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      ︵ᠶᠢᠰᠦ︶ ᠪᠦᠬᠦ ᠰᠢᠶᠠᠨ ᠤ ᠬᠠᠤᠯᠢ ᠪᠠᠷᠢᠬᠤ ᠵᠠᠰᠠᠭ ᠵᠠᠬᠢᠷᠭᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠢ ᠲᠦᠯᠦᠪᠵᠢᠭᠦᠯᠬᠦ᠂ ᠬᠡᠷᠡᠭᠵᠢᠭᠦᠯᠬᠦ᠂ ᠵᠢᠯᠣᠭᠤᠳᠤᠨ᠎ᠠ᠃      ︵ᠠᠷᠪᠠ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢᠨ ᠶᠣᠰᠣᠭᠠᠷ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1