ᠡᠳ᠋ ᠤᠨ ᠵᠠᠰᠠᠭ ᠤᠨ ᠲᠣᠪᠴᠢᠶ᠎ᠠ
ᠨᠡᠶᠢᠲᠡᠯᠡᠭᠰᠡᠨ ᠴᠠᠭ᠄
2024/3/11
      ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠪᠦᠬᠦ ᠰᠢᠶᠠᠨ ᠤ ᠬᠤᠷᠸ᠎ᠠ ᠠᠵᠤ ᠠᠬᠤᠶ ᠶᠢᠨ ᠪᠠᠶᠢᠳᠠᠯ ᠢ ᠵᠠᠳᠠᠯᠤᠨ ᠵᠢᠱᠢᠵᠦ᠂ ᠬᠤᠷᠸ᠎ᠠ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ ᠰᠤᠳᠤᠯᠬᠤ ᠳᠤ ᠣᠷᠣᠯᠴᠠᠨ᠎ᠠ︔ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠬᠡᠷᠡᠭᠯᠡᠨ ᠬᠤᠷᠸ᠎ᠠ ᠲᠤᠬᠢᠷᠠᠭᠤᠯᠤᠯ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠪᠦᠬᠦ ᠲᠠᠯ᠎ᠠ ᠪᠠᠷ ᠲᠡᠩᠴᠡᠭᠦᠯᠬᠦ ᠰᠠᠨᠠᠭᠤᠯᠭ᠎ᠠ ᠳᠤᠷᠠᠳᠴᠤ᠂ ᠪᠦᠬᠦ ᠰᠢᠶᠠᠨ ᠤ ᠬᠤᠪᠢᠶᠠᠷᠢᠯᠠᠯᠲᠠ ᠶᠢᠨ ᠠᠷᠭ᠎ᠠ ᠶᠢ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠪᠦᠬᠦ ᠰᠢᠶᠠᠨ ᠤ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃      ︵ᠬᠤᠶᠠᠷ︶ ᠪᠦᠬᠦ ᠰᠢᠶᠠᠨ ᠤ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠤᠳᠦᠬᠤ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠪᠢᠴᠢᠬᠦ ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠭᠤᠷᠪᠠ︶ ᠰᠢᠶᠠᠨ ᠤ ᠲᠤᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠣᠯᠲᠠ ᠶᠢ ᠬᠠᠷᠢᠭᠤᠴᠠᠨ ᠬᠠᠮᠢᠶᠠᠷᠤᠨ᠎ᠠ︔ ᠣᠨ ᠤ ᠰᠢᠶᠠᠨ ᠤ ᠲᠤᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠵᠢᠴᠢ ᠰᠢᠶᠠᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠬᠤᠷᠢᠶᠠᠩᠭᠤᠶᠢᠯᠠᠨ᠎ᠠ︔ ᠰᠢᠶᠠᠨ ᠤ ᠲᠤᠰ ᠱᠠᠲᠤᠨ ᠤ ᠰᠠᠯᠠᠭ᠎ᠠ ᠮᠥᠴᠢᠷ ︵ᠨᠢᠭᠡᠴᠡ︶ ᠤᠨ ᠣᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠬᠠᠷᠭᠤᠭᠤᠯᠵᠤ ᠴᠤᠬᠤᠯᠠᠪᠤᠷᠢᠯᠠᠬᠤ ᠶᠢ ᠬᠠᠷᠢᠭᠤᠴᠠᠨ᠎ᠠ︔ ᠰᠢᠶᠠᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠦᠪ᠂ ᠭᠦᠢᠴᠡᠳᠬᠡᠭᠰᠡᠨ ᠪᠠ ᠲᠥᠰᠦᠪ ᠤᠨ ᠭᠦᠢᠴᠡᠳᠬᠡᠯ ᠵᠡᠷᠭᠡ ᠪᠠᠶᠢᠳᠠᠯ ᠢ ᠮᠡᠳᠡᠭᠦᠯᠦᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠡᠳ᠋ ᠤᠨ ᠵᠠᠰᠠᠭ ᠠᠴᠠ ᠪᠡᠯᠡ ᠭᠠᠷᠭᠠᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠰᠢᠶᠠᠨ ᠤ ᠲᠤᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ᠃ ᠳᠡᠭᠡᠳᠦ ᠳᠣᠣᠷᠠᠳᠤ ᠱᠠᠲᠤᠨ ᠤ ᠡᠳ᠋ ᠤᠨ ᠵᠠᠰᠠᠭ ᠤᠨ ᠵᠢᠯ ᠤᠨ ᠡᠴᠦᠰ ᠤᠨ ᠳ᠋ᠦᠩᠨᠡᠨ ᠪᠣᠳᠣᠬᠤ ᠶᠠᠪᠤᠳᠠᠯ ᠢ ᠬᠠᠷᠢᠭᠤᠴᠠᠨ ᠭᠦᠢᠴᠡᠳᠬᠡᠬᠦ ᠬᠡᠷᠡᠭᠲᠡᠶ᠃      ︵ᠳᠥᠷᠪᠡ︶ ᠰᠢᠶᠠᠨ ᠤ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶᠡᠨ ᠳᠣᠲᠣᠷᠠᠬᠢ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠠᠷᠭ᠎ᠠ ᠵᠢᠴᠢ ᠭᠠᠶᠢᠯᠢ ᠲᠠᠲᠠᠪᠤᠷᠢ ᠳᠤ ᠲᠣᠬᠢᠷᠠᠭᠤᠯᠤᠯᠲᠠ ᠬᠢᠬᠦ ᠲᠥᠰᠦᠯ ᠢ ᠰᠤᠳᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃      ︵ᠲᠠᠪᠤ︶ ᠠᠵᠢᠯ ᠬᠤᠪᠢᠶᠠᠷᠢᠯᠠᠨ ᠬᠠᠷᠢᠭᠤᠴᠠᠵᠤ ᠪᠠᠶᠢᠭ᠎ᠠ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠶᠣᠰᠣᠭᠠᠷ ᠬᠠᠮᠢᠶᠠᠷᠬᠤ ᠬᠡᠷᠡᠭᠲᠡᠶ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃ ᠰᠤᠭᠤᠯᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃      ︵ᠵᠢᠷᠭᠤᠭ᠎ᠠ︶ ᠪᠦᠬᠦ ᠰᠢᠶᠠᠨ ᠤ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠵᠤ ᠥᠭᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠲᠣᠭᠲᠠᠭᠠᠯ ᠶᠣᠰᠣᠭᠠᠷ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠬᠦ ᠶᠢᠨ ᠬᠠᠮᠲᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃      ︵ᠳᠣᠯᠤᠭ᠎ᠠ︶ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠥᠷᠢ ᠥᠭᠴᠡᠭᠡ ᠶᠢᠨ ᠬᠠᠮᠢᠶᠠᠷᠤᠯᠲᠠ ᠶᠢᠨ ᠲᠤᠬᠠᠶ ᠤᠯᠤᠰ ᠤᠨ ᠳᠦᠷᠢᠮ ᠪᠣᠯᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠣᠯᠤᠨ ᠠᠷᠭ᠎ᠠ ᠶᠢ ᠬᠠᠤᠯᠢ ᠶᠣᠰᠣᠭᠠᠷ ᠲᠣᠭᠲᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠢᠵᠠᠭᠠᠷ ᠲᠤᠭ᠎ᠠ ᠶᠢ ᠬᠢᠵᠠᠭᠠᠷᠯᠠᠨ ᠬᠠᠮᠢᠶᠠᠷᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃      ︵ᠨᠠᠢᠮᠠ︶ ᠤᠯᠤᠰ ᠠᠴᠠ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠬᠤ ᠬᠡᠷᠡᠭᠲᠡᠶ᠃ ᠰᠢᠶᠠᠨ ᠤ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠰᠢᠶᠠᠨ ᠤ ᠲᠤᠰ ᠱᠠᠲᠤᠨ ᠤ ᠤᠯᠤᠰ ᠤᠨ ᠦᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠶᠢ ᠲᠦᠪᠯᠡᠷᠡᠭᠦᠯᠦᠨ ᠨᠢᠭᠡᠳᠦᠯᠲᠡᠶ ᠭᠦᠢᠴᠡᠳᠬᠡᠵᠦ ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠮᠡᠳᠡᠭᠦᠯᠦᠯᠲᠡ ᠶᠢᠨ ᠲᠦᠷᠢᠮ ᠢ ᠪᠠᠶᠢᠭᠤᠯᠤᠨ᠎ᠠ᠃ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠵᠣᠬᠢᠴᠠᠭᠤᠯᠤᠨ ᠬᠠᠮᠵᠢᠯᠴᠠᠬᠤ ᠬᠠᠮᠢᠶ᠎ᠠ ᠪᠦᠬᠦᠢ ᠠᠷᠭ᠎ᠠ ᠶᠢ ᠲᠣᠭᠲᠠᠭᠠᠵᠤ᠂ ᠤᠯᠤᠰ ᠤᠨ ᠦᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠤᠷᠰᠢᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠶᠠᠨ ᠤ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢ ᠲᠣᠭᠲᠠᠭᠠᠯ ᠶᠣᠰᠣᠭᠠᠷ ᠬᠠᠮᠢᠶᠠᠷᠣᠨ᠎ᠠ᠃      ︵ᠶᠢᠰᠦ︶ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠶ ᠳᠡᠭᠡᠳᠦ ᠱᠠᠲᠤᠨ ᠤ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ︔ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠠ ᠲᠠᠬᠢᠨ ᠵᠣᠬᠢᠶᠠᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠦᠷᠢᠮ ᠢ ᠠᠬᠢᠭᠤᠯᠵᠤ᠂ ᠺᠣᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠎ᠡ︔ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠬᠦᠷᠦᠩᠭᠡ ᠶᠢᠨ ᠳᠡᠭᠡᠭᠰᠢ ᠲᠤᠰᠢᠶᠠᠭᠰᠠᠨ ᠠᠰᠢᠭ ᠣᠷᠣᠯᠭ᠎ᠠ ᠶᠢ ᠵᠣᠬᠢᠶᠠᠨ ᠪᠠᠶᠢᠭᠤᠯᠵᠤ ᠬᠢᠨᠠᠨ ᠬᠠᠮᠢᠶᠠᠷᠬᠤ ᠶᠢ ᠬᠠᠷᠢᠭᠤᠴᠠᠵᠤ᠂ ᠰᠢᠶᠠᠨ ᠤ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠬᠤᠯᠪᠣᠭᠳᠠᠯ ᠪᠦᠬᠦᠢ ᠠᠷᠭ᠎ᠠ ᠶᠢ ᠲᠣᠭᠲᠠᠭᠠᠬᠤ ᠳᠤ ᠣᠷᠣᠯᠴᠠᠵᠤ᠂ ᠪᠦᠬᠦ ᠰᠢᠶᠠᠨ ᠤ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠵᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠵᠢᠴᠢ ᠤᠯᠤᠰ ᠤᠨ ᠦᠮᠴᠢᠯᠡᠯᠲᠦ ᠬᠤᠪᠢ ᠡᠵᠡᠮᠳᠡᠭᠰᠡᠨ᠂ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠠᠷᠭ᠎ᠠ ᠶᠢ ᠬᠤᠪᠢᠷᠠᠭᠤᠯᠤᠨ ᠰᠢᠢᠳᠪᠦᠷᠢᠯᠡᠬᠦ ᠵᠡᠷᠭᠡ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠰᠠᠭᠤᠷᠢ ᠬᠠᠮᠢᠶᠠᠷᠤᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠳᠦᠷᠢᠮ ᠢ ᠲᠣᠭᠲᠠᠭᠠᠨ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠ︶ ᠪᠦᠬᠦ ᠰᠢᠶᠠᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠣ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠪᠡᠯᠡ ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ︔ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃      ︵ᠠᠷᠪᠠᠨ ᠨᠢᠭᠡ︶ ᠪᠦᠬᠦ ᠰᠢᠶᠠᠨ ᠤ ᠡᠳ᠋ ᠤᠨ ᠵᠠᠰᠠᠭ ᠤᠨ ᠠᠵᠤ ᠠᠬᠤᠶ ᠶᠢᠨ ᠬᠥᠭᠵᠢᠯᠲᠡ ᠶᠢᠨ ᠵᠠᠷᠤᠯᠭ᠎ᠠ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠵᠠᠰᠠᠭ ᠤᠨ ᠣᠷᠳᠣᠨ ᠤ ᠴᠢᠨᠠᠷᠲᠠᠶ ᠪᠡᠯᠡ ᠣᠷᠣᠭᠤᠯᠣᠯᠲᠠ ᠶᠢᠨ ᠦᠢᠯᠡᠰ ᠤᠨ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠶᠠᠪᠤᠳᠠᠯ ᠢ ᠬᠠᠷᠢᠭᠤᠴᠠᠨ ᠰᠢᠢᠳᠪᠦᠷᠢᠯᠡᠬᠦ ᠪᠠ ᠲᠡᠭᠦᠨ ᠳᠤ ᠬᠢᠨᠠᠯᠲᠠ ᠲᠠᠯᠪᠢᠵᠤ᠂ ᠪᠦᠬᠦ ᠰᠢᠶᠠᠨ ᠤ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠣᠯᠲᠠ ᠶᠢᠨ ᠬᠤᠯᠪᠣᠭᠳᠠᠯ ᠪᠦᠬᠦᠢ ᠲᠥᠰᠦᠯ ᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ︔ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠥᠬᠦᠪᠥᠷᠢ ᠪᠣᠯᠤᠨ ᠲᠤᠰᠬᠠᠶ ᠵᠦᠢᠯ ᠤᠨ ᠨᠥᠭᠡᠴᠡᠯᠡᠯ ᠤᠨ ᠪᠡᠯᠡ ᠮᠥᠩᠭᠦ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠪᠦᠬᠦ ᠰᠢᠶᠠᠨ ᠤ ᠨᠢᠭᠲᠠᠯᠠᠨ ᠪᠤᠳᠤᠬᠤ ᠠᠵᠢᠯ ᠢ ᠬᠠᠷᠢᠭᠤᠴᠠᠨ ᠬᠠᠮᠢᠶᠠᠷᠴᠤ᠂ ᠨᠢᠭᠲᠠᠯᠠᠨ ᠪᠤᠳᠤᠬᠤ ᠠᠵᠢᠯᠯᠠᠭ᠎ᠠ ᠳᠤ ᠬᠢᠨᠠᠯᠲᠠ ᠲᠠᠯᠪᠢᠵᠤ ᠵᠢᠷᠤᠮᠵᠢᠭᠤᠯᠤᠨ᠎ᠠ᠃      ︵ᠠᠷᠪᠠᠨ ᠭᠤᠷᠪᠠ︶ ᠡᠳ᠋ ᠤᠨ ᠵᠠᠰᠠᠭ ᠠᠵᠤ ᠠᠬᠤᠢ ᠶᠢᠨ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠡᠳ᠋ ᠤᠨ ᠵᠠᠰᠠᠭ  ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠳᠣᠲᠣᠭᠠᠳᠤ ᠬᠢᠵᠠᠭᠠᠷᠯᠠᠯ ᠢ ᠬᠢᠨᠠᠨ ᠵᠢᠯᠣᠭᠤᠳᠬᠤ ᠪᠠ ᠵᠢᠷᠤᠮᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠪᠠ ᠰᠠᠨᠠᠭᠤᠯᠭ᠎ᠠ ᠳᠤᠷᠠᠳᠪᠠ᠃      ︵ᠠᠷᠪᠠᠨ ᠲᠦᠷᠪᠡ︶ ᠮᠥᠩᠭᠦᠨ ᠭᠦᠢᠯᠭᠡᠭᠡᠨ ᠤ ᠲᠤᠬᠠᠶ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠲᠦᠷᠦ ᠶᠢᠨ ᠪᠤᠳᠦᠯᠭ᠎ᠠ ᠶᠢ ᠲᠣᠭᠤᠰᠢᠯᠠᠭᠤᠯᠣᠨ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠡᠯᠠ ᠲᠣᠬᠢᠷᠠᠭᠤᠯᠬᠤ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠬᠦ ᠠᠷᠭ᠎ᠠ ᠪᠠ ᠠᠷᠭ᠎ᠠ ᠬᠡᠮᠵᠢᠶ᠎ᠡ︔ ᠪᠦᠬᠦ ᠰᠢᠶᠠᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔ ᠳᠡᠭᠡᠳᠦ ᠱᠠᠲᠤᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠰᠢᠶᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠮᠥᠩᠭᠦᠨ ᠭᠦᠢᠯᠭᠡᠭᠡᠨ ᠤ ᠦᠢᠯᠡᠰ ᠤᠨ ᠵᠠᠭᠤᠴᠢ ᠪᠠᠶᠢᠭᠤᠯᠣᠮᠵᠢ ᠶᠢ ᠬᠢᠨᠠᠵᠤ ᠬᠠᠮᠢᠶᠠᠷᠤᠨ᠎ᠠ︔ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠠᠬᠢᠭᠤᠯᠬᠤ ᠶᠢ ᠬᠠᠷᠢᠭᠤᠴᠠᠨ᠎ᠠ᠃ ᠡᠯ᠎ᠡ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠠᠪᠴᠠᠩ ᠵᠢᠴᠢ ᠲᠡᠭᠦᠨ ᠤ ᠲᠥᠷᠥᠯ ᠵᠦᠢᠯ ᠤᠨ ᠪᠡᠯᠡ ᠲᠣᠬᠢᠷᠠᠭᠤᠯᠬᠤ ᠲᠥᠰᠦᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ ᠵᠣᠬᠢᠴᠠᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠪᠠᠶᠢᠳᠠᠯ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠦᠨᠡᠯᠡᠬᠦ᠂ ᠵᠣᠭᠤᠰ ᠪᠤᠴᠠᠭᠠᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠲᠠᠯ᠎ᠠ ᠶᠢᠨ ᠬᠠᠮᠢᠶᠠᠷᠤᠯᠲᠠ ᠪᠠ ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠵᠣᠬᠢᠴᠠᠭᠤᠯᠤᠨ᠂ ᠵᠣᠬᠢᠶᠠᠨ ᠪᠠᠶᠢᠭᠤᠯᠵᠤ᠂ ᠬᠠᠮᠵᠢᠯᠴᠠᠨ ᠥᠷᠨᠢᠭᠦᠯᠬᠦ ᠬᠡᠷᠡᠭᠲᠡᠶ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠠᠭᠤᠷᠢ ᠲᠤᠭ᠎ᠠ ᠪᠠᠷᠢᠮᠲᠠ ᠪᠠ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠣᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠢ ᠬᠠᠷᠢᠭᠤᠴᠠᠨ᠎ᠠ︔ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠢᠰᠲ᠋ᠧᠮ ᠢ ᠨᠢᠭᠡᠳᠦᠯᠲᠡᠶ ᠲᠥᠯᠥᠪᠯᠡᠨ ᠪᠠᠶᠢᠭᠤᠯᠤᠨ ᠲᠡᠭᠦᠯᠳᠡᠷᠵᠢᠭᠦᠯᠦᠨ᠎ᠡ᠃      ︵ᠠᠷᠪᠠᠨ ᠲᠠᠪᠤ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠣᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠵᠢᠷᠭᠤᠭ᠎ᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1