ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/11
      1. ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠥᠭᠡᠷᠡᠴᠢᠯᠡᠯᠲᠡ ᠶᠢᠨ ᠠᠵᠢᠯ ᠤᠨ ᠲᠥᠰᠦᠯ ᠪᠠ ᠠᠷᠭ᠎ᠠ ᠶᠢ ᠰᠤᠳᠤᠯᠤᠨ ᠲᠣᠭᠲᠠᠭᠠᠨ᠎ᠠ᠃      2. ᠤᠯᠤᠰ ᠤᠨ ᠠᠵᠢᠯᠲᠠᠨ ᠤ ᠶᠠᠪᠤᠳᠠᠯ᠂ ᠬᠥᠳᠡᠯᠮᠦᠷᠢ᠂ ᠨᠡᠶᠢᠭᠡᠮ ᠤᠨ ᠪᠠᠲᠤᠯᠠᠭ᠎ᠠ ᠶᠢᠨ ᠬᠠᠤᠯᠢ ᠲᠣᠭᠲᠠᠭᠠᠯ ᠪᠠ ᠳᠦᠷᠢᠮ ᠢ ᠦᠨᠳᠦᠰᠦᠯᠡᠨ᠂ ᠪᠦᠬᠦ ᠰᠢᠶᠠᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠣᠯᠤᠨ ᠴᠠᠯᠢᠩ ᠤᠨ ᠲᠥᠯᠥᠪᠯᠡᠭᠡ ᠶᠢ ᠲᠣᠭᠲᠠᠭᠠᠵᠤ᠂ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠲᠥᠯᠥᠪᠵᠢᠭᠦᠯᠭᠡ ᠶᠢ ᠲᠣᠭᠲᠠᠭᠠᠵᠤ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ᠂ ᠴᠢᠳᠠᠪᠤᠷᠢᠲᠠᠨ ᠤ ᠵᠠᠬ᠎ᠠ ᠳᠡᠯᠭᠡᠭᠦᠷ ᠪᠣᠯᠤᠨ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠳᠤ ᠳᠠᠬᠢᠨ ᠠᠵᠢᠯ ᠣᠯᠭᠤᠬᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      3. ᠪᠦᠬᠦ ᠰᠢᠶᠠᠨ ᠤ ᠲᠤᠰᠬᠠᠶ ᠮᠡᠷᠭᠡᠵᠢᠯ ᠤᠨ ᠠᠵᠢᠯᠲᠠᠨ ᠤ ᠡᠩᠨᠡᠭᠡ ᠶᠢ ᠬᠠᠮᠢᠶᠠᠷᠴᠤ᠂ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠡᠯ᠎ᠡ ᠵᠦᠶ᠋ᠯ ᠤᠨ ᠬᠠᠤᠯᠢ ᠲᠣᠭᠲᠠᠭᠠᠯ ᠪᠠ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ᠎ᠠ︔ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃      4. ᠤᠯᠤᠰ ᠤᠨ ᠠᠵᠢᠯ ᠮᠡᠷᠭᠡᠵᠢᠯ ᠤᠨ ᠲᠥᠰᠦᠯ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠠᠷᠢᠮᠵᠢᠶ᠎ᠠ ᠶᠤᠰᠤᠭᠠᠷ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠲᠦᠷᠢᠮ ᠢ ᠢᠳᠡᠪᠬᠢᠲᠡᠶ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠠᠵᠢᠯᠴᠢᠨ᠂ ᠠᠵᠢᠯ ᠠᠯᠳᠠᠭᠰᠠᠳ ᠲᠤ ᠳᠠᠬᠢᠨ ᠠᠵᠢᠯ ᠣᠯᠭᠤᠬᠤ ᠪᠣᠯᠪᠠᠰᠤᠷᠠᠭᠤᠯᠤᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠲᠥᠯᠥᠪᠵᠢᠭᠦᠯᠭᠡ ᠶᠢ ᠲᠣᠭᠲᠠᠭᠠᠨ᠎ᠠ︔ ᠬᠥᠳᠡᠯᠮᠦᠷᠢ ᠶᠢᠨ ᠪᠡᠯᠡᠳᠬᠡᠯ ᠤᠨ ᠲᠦᠷᠢᠮ ᠢ ᠬᠡᠷᠡᠭᠵᠢᠭᠦᠯᠵᠦ᠂ ᠰᠢᠨ᠎ᠡ ᠪᠠᠷ ᠦᠰᠦᠨ ᠪᠤᠶᠢᠵᠢᠭᠰᠠᠨ ᠬᠥᠳᠡᠯᠮᠦᠷᠢ ᠬᠦᠴᠦᠨ ᠤ ᠪᠣᠯᠪᠠᠰᠤᠷᠠᠭᠤᠯᠤᠯ ᠢ ᠰᠠᠶᠢᠲᠤᠷ ᠠᠳᠬᠤᠵᠤ᠂ ᠲᠤᠰᠬᠠᠶ ᠮᠡᠷᠭᠡᠵᠢᠯ ᠤᠨ ᠠᠵᠢᠯᠳᠠᠨ ᠢ ᠦᠷᠭᠦᠯᠵᠢᠯᠡᠨ ᠰᠤᠷᠭᠠᠨ ᠬᠥᠮᠦᠵᠢᠭᠦᠯᠬᠦ ᠠᠵᠢᠯ ᠢ ᠰᠠᠶᠢᠲᠤᠷ ᠠᠳᠬᠤᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1